ᠥᠪᠥᠷ ᠮᠣᠩᠭᠤᠯ ᠬᠠᠷᠭᠢᠰ ᠬᠦᠴᠦᠨ ᠳᠤ ᠬᠤᠯᠪᠣᠭᠳᠠᠭᠰᠠᠨ ᠪᠦᠯᠬᠦᠮ ᠤᠨ ᠪᠦᠷᠢᠯᠳᠦᠬᠦᠨ ᠢ ᠮᠢᠩᠭ᠎ᠠ ᠭᠠᠷᠤᠢ ᠬᠥᠮᠦᠨ ᠢ ᠪᠠᠷᠢᠪᠴᠢᠯᠠᠪᠠ
ᠨᠡᠶᠢᠲᠡᠯᠡᠭᠰᠡᠨ ᠴᠠᠭ᠄
2018/5/17
     5 ᠳ᠋ᠤᠭᠠᠷ ᠰᠠᠷ᠎ᠠ ᠶᠢᠨ 7᠎ ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠨᠡᠶᠢᠭᠡᠮ ᠤᠨ ᠬᠠᠷ᠎ᠠ ᠪᠦᠯᠦᠭᠲᠡᠨ ᠤ ᠰᠢᠨᠵᠢ ᠴᠢᠨᠠᠷᠲᠠᠶ ᠶᠠᠯᠠᠲᠤ ᠵᠣᠬᠢᠶᠠᠨ ᠪᠠᠶᠢᠭᠤᠯᠤᠯᠲᠠ 3᠎ ᠶᠢ ᠰᠦᠢᠷᠡᠭᠦᠯᠵᠦ᠂ ᠬᠠᠷ᠎ᠠ ᠪᠦᠯᠦᠭᠲᠡᠨ ᠳᠤ ᠬᠤᠯᠪᠣᠭ᠎ᠠ ᠲᠠᠢ ᠶᠠᠯᠠᠲᠤ ᠰᠡᠵᠢᠭᠲᠡᠨ ᠢ 71 ᠪᠠᠷᠢᠵᠤ᠂ ᠨᠡᠶᠢᠭᠡᠮ ᠤᠨ ᠬᠠᠷᠭᠢᠰ ᠬᠦᠴᠦᠨ ᠤ ᠬᠠᠮᠰᠠᠯ ᠪᠦᠯᠦᠭ 205᠎ ᠶᠢ ᠰᠦᠢᠷᠡᠭᠦᠯᠵᠦ᠂  ᠬᠠᠮᠰᠠᠯ ᠪᠦᠯᠦᠭ ᠤᠨ ᠪᠦᠷᠢᠯᠳᠦᠬᠦᠨ ᠢ 1295 ᠬᠥᠮᠦᠨ ᠪᠠᠷᠢᠪᠴᠢᠯᠠᠪᠠ᠂ ᠡᠭᠦᠨ ᠳᠤ 16 ᠠᠯᠪᠠᠨ ᠲᠤᠰᠢᠶᠠᠯᠲᠠᠨ᠂  ᠭᠠᠴᠠᠭ᠎ᠠ ᠲᠣᠰᠬᠤᠨ ᠤ ︽ᠬᠤᠶᠠᠷ ᠵᠥᠪᠯᠡᠯ︾᠎ ᠤᠨ16 ᠺᠠᠳ᠋ᠷ ᠲᠠᠢ ᠬᠤᠯᠪᠣᠭᠳᠠᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠣᠳᠣᠬᠠᠨ ᠳᠤ ᠨᠢᠭᠡᠨᠲᠡ 20 ᠴᠠᠭᠳᠠᠭ᠎ᠠ ᠶᠢ ᠰᠢᠯᠢᠨ ᠰᠤᠩᠭᠤᠵᠤ ᠥᠪᠥᠷ ᠮᠣᠩᠭᠤᠯ ᠤᠨ ᠪᠤᠷᠤᠩᠬᠤᠶ ᠶᠢ ᠴᠡᠪᠡᠷᠯᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ᠂ ᠡᠯ᠎ᠡ ᠭᠠᠵᠠᠷ ᠤᠨ ᠨᠡᠶᠢᠭᠡᠮ ᠤᠨ ᠬᠠᠷ᠎ᠠ ᠪᠦᠯᠦᠭᠲᠡᠨ ᠬᠠᠷᠬᠢᠰ ᠬᠦᠴᠦᠨ ᠳᠤ ᠬᠤᠯᠪᠣᠭᠳᠠᠭᠰᠠᠨ ᠬᠡᠷᠡᠭ ᠢ ᠮᠦᠷᠲᠡᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠶᠢ ᠴᠢᠩᠭᠠᠳᠬᠠᠬᠤ ᠶᠢᠨ ᠬᠠᠮᠲᠤ ᠡᠯ᠎ᠡ ᠭᠠᠵᠠᠷ ᠠᠴᠠ 35 ᠨᠡᠷᠡᠰ ᠭᠠᠷᠮᠠᠭᠠᠶ ᠴᠠᠭᠳᠠᠭ᠎ᠠ ᠶᠢᠨ ᠬᠦᠴᠦᠨ ᠢ ᠰᠤᠭᠤᠴᠢᠨ ᠰᠢᠯᠵᠢᠭᠦᠯᠵᠦ ᠪᠥᠬᠦ ᠣᠷᠣᠨ ᠤ ᠪᠤᠷᠤᠩᠬᠤᠶ ᠶᠢ ᠴᠡᠪᠡᠷᠯᠡᠨ ᠬᠠᠷᠭᠢᠰ ᠬᠦᠴᠦᠨ ᠢ ᠠᠷᠢᠯᠭᠠᠬᠤ ᠠᠵᠢᠯᠯᠠᠭᠠᠨ ᠤ ᠠᠩᠭᠢ ᠶᠢ ᠵᠣᠬᠢᠶᠠᠨ  ᠪᠠᠶᠢᠭᠤᠯᠵᠤ᠂ ᠨᠡᠶᠢᠭᠡᠮ ᠤᠨ ᠬᠠᠷ᠎ᠠ ᠪᠦᠯᠦᠭᠲᠡᠨ ᠳᠤ ᠬᠤᠯᠪᠣᠭᠳᠠᠭᠰᠠᠨ ᠬᠦᠨᠳᠦ ᠶᠡᠭᠡ ᠬᠡᠷᠡᠭ ᠲᠤ ᠲᠤᠰᠬᠠᠶ ᠬᠡᠷᠡᠭ ᠤᠨ ᠰᠢᠪᠲᠤᠯᠤᠯᠲᠠ ᠬᠢᠪᠡ᠃ ᠡᠭᠦᠨ ᠤ ᠬᠠᠮᠲᠤ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠬᠠᠷ᠎ᠠ ᠪᠦᠯᠦᠭᠲᠡᠨ ᠢ ᠴᠡᠪᠡᠷᠯᠡᠬᠦ ᠠᠯᠪᠠᠨ ᠭᠡᠷ︾᠎ ᠨᠢ ᠳᠣᠲᠣᠭᠠᠳᠤ ᠶᠢ ᠬᠠᠮᠠᠭᠠᠯᠠᠬᠤ ᠶᠠᠮᠤᠨ ᠤ ᠪᠠᠶᠢᠷᠢᠯᠠᠭᠤᠯᠤᠭᠰᠠᠨ ︽ᠠᠷᠪᠠᠨ ᠲᠥᠷᠥᠯ ᠤᠨ ᠴᠣᠬᠢᠯᠲᠠ ᠥᠭᠬᠦ ᠭᠤᠣᠯᠳᠠᠯᠭ᠎ᠠ︾᠎ ᠶᠢᠨ ᠰᠠᠭᠤᠷᠢᠨ ᠳᠡᠭᠡᠷ᠎ᠡ᠂   ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠠᠰᠠᠭᠤᠳᠠᠯ ᠡᠭᠦᠰᠴᠦ ᠮᠡᠳᠡᠬᠦ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠷᠢᠶ᠎ᠡ ᠳᠤ ᠨᠠᠷᠢᠨ ᠬᠢᠨᠠᠮᠠᠭᠠᠶ ᠴᠡᠭᠴᠡᠯᠡᠯᠲᠡ᠂  ᠥᠪᠥᠷ ᠮᠣᠩᠭᠤᠯ ᠤᠨ ᠭᠠᠵᠠᠷ ᠰᠢᠷᠣᠶ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠵᠦᠷᠢᠴᠡᠯ  ᠵᠢᠭᠤᠷᠠᠯᠳᠤᠭᠠᠨ ᠣᠯᠠᠨ᠂ ᠠᠭᠤᠷᠬᠠᠶ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠣᠰᠣ ᠪᠤᠰᠤ ᠥᠷᠢᠰᠥᠯᠳᠦᠭᠡᠨ᠂ ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠥᠷᠢ ᠰᠢᠷᠢ ᠶᠢᠨ ᠵᠢᠭᠤᠷᠠᠯᠳᠤᠭᠠᠨ ᠨᠢ ᠳᠣᠪᠤᠶᠢᠮ᠎ᠠ᠂ ᠲᠠᠷᠢᠶᠠᠯᠠᠩ ᠤᠨ ᠰᠡᠯᠡᠭᠦᠦ ᠴᠠᠭ ᠨᠢ ᠨᠡᠯᠢᠶᠡᠳ ᠣᠷᠳᠣ ᠠᠴᠠ ᠪᠣᠯᠵᠤ ᠵᠣᠭᠤᠰ ᠮᠦᠷᠦᠶᠢᠴᠡᠬᠦ ᠠᠰᠠᠭᠤᠳᠠᠯ ᠢ ᠣᠯᠠᠨᠲᠠ ᠬᠤᠷᠢᠭᠯᠠᠪᠠᠴᠤ ᠵᠣᠭᠰᠣᠬᠤ ᠦᠭᠡᠢ ᠪᠠᠶᠢᠬᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭ᠎ᠠ ᠭᠠᠭᠴᠠᠭᠠᠷ ᠡᠵᠡᠮᠰᠢᠯ ᠤᠨ ᠡᠵᠡᠩᠨᠡᠯᠲᠡ ᠠᠴᠠ ᠪᠣᠯᠵᠤ ᠳᠠᠭᠠᠯᠳᠤᠨ ᠭᠠᠷᠴᠤ ᠮᠡᠳᠡᠬᠦ ᠬᠠᠷ᠎ᠠ ᠪᠦᠯᠦᠭᠲᠡᠨ ᠬᠠᠷᠭᠢᠰ ᠬᠥᠴᠦᠨ ᠳᠤ ᠬᠤᠯᠪᠣᠭᠳᠠᠭᠰᠠᠨ ᠠᠰᠠᠭᠤᠳᠠᠯ ᠵᠡᠷᠭᠡ ᠳᠤ ᠴᠢᠭᠯᠡᠭᠦᠯᠦᠨ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠰᠬᠠᠶ ᠲᠡᠮᠡᠴᠡᠯ ᠤᠨ ︽ᠠᠷᠪᠠᠨ ᠲᠠᠪᠤᠨ ᠲᠥᠷᠥᠯ ᠤᠨ ᠴᠣᠬᠢᠯᠲᠠ ᠥᠭᠬᠦ ᠭᠤᠣᠯᠳᠠᠯᠭ᠎ᠠ︾᠎ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠤᠲᠤᠷᠬᠠᠶᠢᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠪᠦᠬᠦᠨ ᠢ ᠬᠠᠮᠤᠷᠤᠭᠰᠠᠨ᠂ ᠦᠨᠴᠦᠭ ᠪᠣᠯᠣᠩ ᠦᠯᠡᠳᠡᠭᠡᠯ ᠦᠭᠡᠢ ᠣᠨᠣᠪᠴᠢᠲᠠᠶ ᠴᠣᠬᠢᠯᠲᠠ ᠥᠭᠬᠦ ᠶᠢ ᠦᠨᠡᠨ ᠬᠦ ᠪᠠᠲᠤᠯᠠᠪᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号