ᠠᠢ ᠯᠢ ᠬᠤᠸᠠ ᠮᠠᠨ ᠤ ᠤᠷᠤᠨ ᠤ ᠪᠡᠶ᠎ᠡ ᠶᠢᠨ ᠲᠠᠮᠢᠷ ᠤᠨ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠡᠬᠰᠡᠨ ᠨᠢ ᠦᠪᠤᠷ ᠮᠤᠩᠭᠤᠯ ᠤᠨ ᠪᠡᠶ᠎ᠡ ᠶᠢᠨ ᠲᠠᠮᠢᠷ ᠤᠨ ᠭᠦᠴᠦᠷᠭᠡᠭ ᠤᠷᠤᠨ ᠤ ᠪᠠᠶᠢᠭᠤᠯᠤᠯᠳᠡ ᠶᠢ ᠲᠦᠷᠭᠡᠳᠭᠡᠭᠦ ᠭᠡᠷᠡᠭᠲᠠᠢ
ᠨᠡᠶᠢᠲᠡᠯᠡᠭᠰᠡᠨ ᠴᠠᠭ᠄
2018/5/18
     5 ᠳ᠋ᠤᠭᠠᠷ ᠰᠠᠷ᠎ᠡ ᠶᠢᠨ 16᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠠᠢ ᠯᠢ ᠬᠤᠸᠠ ᠮᠠᠨ ᠤ ᠤᠷᠤᠨ ᠤ ᠪᠡᠶ᠎ᠡ ᠶᠢᠨ ᠲᠠᠮᠢᠷᠷ ᠤᠨ ᠠᠵᠢᠯ ᠳᠤ ᠪᠠᠶᠢᠴᠠᠭᠠᠨ ᠰᠤᠳᠤᠯᠤᠯᠳᠡ ᠬᠢᠵᠤ᠂ ᠭᠦᠯ ᠪᠦᠮᠪᠦᠭᠡ᠂ ᠭᠦᠨᠳᠤ ᠡᠷᠭᠦᠭᠦ᠂ ᠫᠤᠤᠳᠠᠯᠭ᠎ᠠ᠂ ᠰᠤᠷ ᠬᠠᠷᠪᠤᠯᠳᠠ᠂ ᠮᠤᠷᠢᠨ ᠮᠡᠷᠭᠡᠵᠢᠯ᠂ ᠪᠤᠤᠺᠠᠰ᠂ ᠪᠦᠭᠡ ᠪᠠᠷᠢᠯᠳᠤᠬᠤ ᠵᠢᠴᠢ ᠪᠡᠶ᠎ᠡ ᠶᠢᠨ ᠲᠠᠮᠢᠷ ᠤᠨ ᠱᠠᠩᠨᠠᠯᠳᠤ ᠰᠤᠭᠤᠯᠤᠭ᠎ᠠ ᠶᠢᠨ ᠪᠤᠷᠤᠯᠠᠭᠤᠯᠤᠯᠳᠡ ᠵᠡᠷᠭᠡ ᠪᠡᠶ᠎ᠡ ᠶᠢᠨ ᠲᠠᠮᠢᠷ ᠤᠨ ᠲᠦᠷᠦᠯ ᠵᠦᠢᠯ ᠵᠢᠴᠢ ᠠᠵᠢᠯ ᠤᠨ ᠪᠠᠶᠢᠳᠠᠯ ᠢ ᠭᠦᠨᠵᠡᠭᠡᠢ ᠣᠶᠢᠯᠠᠭᠠᠵᠠᠢ᠃      ᠠᠢ ᠯᠢ ᠬᠤᠸᠠ ᠨᠠᠷ ᠤᠯᠤᠰ ᠤᠨ ᠤᠮᠠᠷᠠᠳᠤ ᠶᠢᠨ ᠭᠦᠯ ᠪᠦᠮᠪᠦᠭᠡᠨ ᠤ ᠪᠤᠯᠪᠠᠰᠤᠷᠠᠯ ᠤᠨ ᠰᠠᠭᠤᠷᠢᠨ᠂ ᠦᠪᠤᠷ ᠮᠤᠩᠭᠤᠯ ᠤᠨ ᠪᠡᠶ᠎ᠡ ᠶᠢᠨ ᠲᠠᠮᠢᠷ ᠤᠨ ᠱᠠᠩᠨᠠᠯᠳᠤ ᠰᠤᠭᠤᠯᠤᠭ᠎ᠠ ᠶᠢᠨ ᠬᠠᠮᠢᠶᠠᠷᠤᠯᠳᠡ ᠶᠢᠨ ᠲᠦᠪ᠂ ᠦᠪᠤᠷ ᠮᠤᠩᠭᠤᠯ ᠤᠨ ᠭᠦᠨᠳᠤ ᠲᠠᠮᠢᠷ ᠤᠨ ᠤᠷᠤᠯᠳᠤᠭᠠᠨ ᠤ ᠭᠦᠳᠡᠯᠭᠡᠭᠡᠨ ᠤ ᠬᠠᠮᠢᠶᠠᠷᠤᠯᠳᠡ ᠶᠢᠨ ᠲᠦᠪ᠂ ᠦᠪᠤᠷ ᠮᠤᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠵᠡᠷᠭᠡ ᠭᠠᠵᠠᠷ  ᠎ ᠤᠳ ᠢᠶᠠᠷ ᠬᠦᠷᠴᠤ ᠰᠢᠨᠵᠢᠯᠡᠨ ᠪᠠᠶᠢᠴᠠᠭᠠᠠ ᠰᠤᠳᠤᠯᠤᠯᠳᠡ ᠬᠢᠵᠤ᠂ ᠭᠦᠯ ᠪᠦᠮᠪᠦᠭᠡᠨ ᠤ ᠦᠭᠡᠷᠡᠴᠢᠯᠡᠯᠳᠡ ᠭᠦᠭᠵᠢᠯᠳᠡ ᠶᠢ ᠭᠦᠨᠵᠡᠭᠡᠶᠢᠷᠡᠭᠦᠯᠭᠦ᠂ 14 ᠳ᠋ᠤᠭᠡᠷ ᠬᠤᠭᠤᠴᠠᠭᠠᠨ ᠤ ᠪᠦᠭᠦ ᠤᠯᠤᠰ ᠤᠨ ᠡᠪᠤᠯ ᠤᠨ ᠤᠯᠠᠷᠢᠯ ᠤᠨ ᠪᠡᠶ᠎ᠡ ᠶᠢᠨ ᠲᠠᠮᠢᠷ ᠎ ᠤᠨ ᠴᠤᠭᠯᠠᠭᠠᠨ ᠢ ᠪᠡᠯᠡᠳᠭᠡᠭᠦ᠂ ᠦᠪᠡᠷᠳᠡᠭᠡᠨ ᠵᠠᠰᠠᠬᠤ ᠤᠷᠤᠨ ᠤ 14 ᠳ᠋ᠤᠭᠡᠷ ᠬᠤᠭᠤᠴᠠᠭᠠᠨ ᠤ ᠪᠡᠶ᠎ᠡ ᠶᠢᠨ ᠲᠠᠮᠢᠷ ᠎ ᠤᠨ ᠴᠤᠭᠯᠠᠭᠠᠨ ᠢ ᠪᠡᠯᠡᠳᠭᠡᠭᠦ ᠵᠤᠬᠢᠶᠡᠨ ᠪᠠᠶᠢᠭᠤᠯᠬᠤ ᠠᠵᠢᠯ᠂ ᠤᠯᠠᠨ ᠲᠦᠮᠡᠨ ᠤ ᠪᠡᠶ᠎ᠡ ᠶᠢᠨ ᠲᠠᠮᠢᠷ ᠢ ᠡᠩ ᠤᠨ ᠠᠮᠢᠳᠤᠷᠠᠯ ᠳᠤ ᠠᠭᠤᠰᠬᠠᠬᠤ᠂ ᠦᠷᠢᠰᠦᠯᠳᠦᠭᠡᠨ ᠤ ᠪᠡᠶ᠎ᠡ ᠶᠢᠨ ᠲᠠᠮᠢᠷ ᠢ ᠲᠦᠪᠯᠡᠷᠡᠬᠦᠯᠬᠦ᠂ ᠪᠡᠶ᠎ᠡ ᠶᠢᠨ ᠲᠠᠮᠢᠷ ᠤᠨ ᠦᠢᠯᠡᠰ ᠤᠨ ᠵᠠᠬ᠎ᠠ ᠲᠡᠯᠭᠡᠭᠦᠷᠴᠢᠯᠡᠭᠦᠯᠤᠯᠳᠠ ᠶᠢᠨ ᠲᠤᠬᠠᠢ ᠠᠵᠢᠯ ᠤᠨ ᠮᠡᠳᠡᠭᠦᠯᠦᠯᠳᠡ ᠶᠢ ᠰᠤᠨᠤᠰᠪᠡ᠃      ᠠᠢ ᠯᠢ ᠬᠤᠸᠠ ᠵᠢᠭᠠᠵᠤ ᠭᠠᠷᠭᠠᠭᠰᠠᠨ ᠨᠢ᠂ ᠮᠠᠨ ᠤ ᠤᠷᠤᠨ ᠤ ᠪᠡᠶ᠎ᠡ ᠶᠢᠨ ᠲᠠᠮᠢᠷ ᠤᠨ ᠦᠢᠯᠡᠰ ᠤᠯᠠᠨ ᠵᠢᠯ ᠎ ᠤᠨ ᠲᠤᠷᠰᠢ ᠲᠠᠰᠤᠷᠠᠯᠳᠡ ᠦᠭᠡᠢ ᠭᠦᠭᠵᠢᠨ ᠪᠤᠵᠠᠭᠠᠶᠢᠷᠠᠵᠤ᠂ ᠨᠠᠮ ᠤᠨ ᠠᠷᠪᠡᠨ  ᠨᠠᠢᠮᠠᠳᠤᠭᠠᠷ ᠶᠡᠭᠡ ᠬᠤᠷᠠᠯ ᠠᠴᠠ ᠨᠡᠰᠢ᠂ ᠨᠠᠮ ᠪᠡ ᠤᠯᠤᠰ ᠠᠴᠠ ᠪᠡᠶ᠎ᠡ ᠶᠢᠨ ᠲᠠᠮᠢᠷ ᠤᠨ ᠠᠵᠢᠯ ᠦᠢᠯᠡᠰ ᠢ ᠲᠡᠭᠡᠳᠤ ᠬᠡᠮᠵᠢᠶ᠎ᠡ ᠪᠠᠷ ᠴᠢᠬᠤᠯᠡᠴᠢᠯᠡᠵᠦ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ ᠵᠠᠰᠠᠭ ᠤᠨ ᠤᠷᠳᠤᠨ ᠠᠴᠠ ᠪᠡᠶ᠎ᠡ ᠶᠢᠨ ᠲᠠᠮᠢᠷ ᠤᠨ ᠠᠵᠢᠯ ᠢ ᠡᠷᠴᠢᠮᠳᠠᠢ ᠲᠡᠮᠵᠢᠵᠡᠢ᠂ ᠠᠵᠠ ᠲᠤᠬᠢᠶᠡᠯ ᠢ ᠠᠳᠬᠤᠵᠤ᠂ ᠪᠡᠶ᠎ᠡ ᠶᠢᠨ ᠲᠠᠮᠢᠷ ᠤᠨ ᠭᠦᠴᠦᠷᠭᠡᠭ ᠤᠷᠤᠨ ᠤ ᠪᠠᠶᠢᠭᠤᠯᠤᠯᠳᠡ ᠶᠢ ᠲᠦᠷᠭᠡᠳᠭᠡᠵᠤ᠂ ᠯᠠᠪᠳᠠᠭᠤᠨ ᠲᠤᠭᠳᠠᠭᠤᠨ ᠪᠦᠭᠡᠳ ᠡᠮᠬᠢ ᠵᠢᠷᠤᠮ ᠲᠠᠢ ᠪᠠᠷ ᠭᠦᠯ ᠪᠦᠮᠪᠦᠭᠡ ᠶᠢᠨ ᠦᠭᠡᠷᠡᠴᠢᠯᠡᠯᠳᠡ ᠶᠢᠨ ᠲᠤᠷᠰᠢᠯᠳᠡ ᠶᠢᠨ ᠴᠢᠬ ᠤᠨ ᠠᠵᠢᠯ ᠢ ᠠᠬᠢᠭᠤᠯᠵᠤ᠂ ᠡᠯ᠎ᠡ ᠲᠥᠷᠥᠯ ᠤᠨ ᠲᠤᠮᠤ ᠬᠡᠯᠪᠡᠷᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠡᠷᠬᠢᠯᠡᠭᠦ ᠳᠤ ᠲᠦᠰᠢᠭᠯᠡᠵᠤ ᠬᠤᠯᠪᠤᠭᠳᠠᠯ ᠪᠦᠭᠦᠢ ᠪᠡᠶ᠎ᠡ ᠶᠢᠨ ᠲᠠᠮᠢᠷ ᠤᠨ ᠠᠵᠤ ᠦᠢᠯᠡᠰ ᠤᠨ ᠭᠦᠭᠵᠢᠯᠳᠡ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠰᠤᠶᠤᠯ ᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢ ᠦᠢᠯᠡᠳᠦᠯᠭᠡᠵᠢᠭᠦᠯᠦᠨ᠂ ᠬᠠᠷᠠᠯᠳᠡ ᠲᠠᠢ᠂ ᠴᠢᠭᠯᠡᠯ ᠲᠠᠢ᠂ ᠠᠴᠢᠶᠠᠯᠠᠪᠦᠷᠢ ᠲᠠᠢ ᠪᠠᠷ ᠪᠡᠶ᠎ᠡ ᠶᠢᠨ ᠲᠡᠮᠢᠷ ᠤᠨ ᠠᠵᠢᠯ ᠦᠢᠯᠡᠰ ᠤᠨ ᠭᠦᠭᠵᠢᠯᠳᠡ ᠶᠢ ᠠᠬᠢᠭᠤᠯᠬᠤ ᠭᠡᠷᠡᠭᠲᠠᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号