ᠥᠪᠥᠷ ᠮᠣᠩᠭᠤᠯ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠠᠵᠢᠯᠯᠠᠭᠠᠨ ᠤ ᠲᠥᠯᠥᠪᠯᠡᠭᠡ ︵2018 — 2020︶᠎ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2018/5/18
     ᠤᠯᠤᠰ ᠤᠨ ᠲᠤᠮᠤ ᠳ᠋ᠠᠶᠢᠲ᠋ᠠ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠲᠡᠰ ᠳᠡᠪᠰᠢᠭᠦᠯᠬᠦ ᠶᠢ ᠠᠬᠢᠭᠤᠯᠬᠤ ᠶᠢᠨ ᠲᠦᠯᠦᠭᠡ᠂ ᠤᠶᠢᠷ᠎ᠠ ᠳᠤ᠂ ᠥᠪᠥᠷ ᠮᠣᠩᠭᠤᠯ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠠᠵᠢᠯᠯᠠᠭᠠᠨ ᠤ ᠲᠥᠯᠥᠪᠯᠡᠭᠡ ︵2018 — 2020︶᠎ ᠶᠢ ᠨᠡᠶᠢᠲᠡᠯᠡᠪᠡ᠃      ᠣᠶᠢᠯᠠᠭᠠᠭᠰᠠᠨ ᠢᠶᠠᠷ᠂ ᠲᠤᠰ ᠲᠥᠯᠥᠪᠯᠡᠭᠡ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠶᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠵᠢᠱᠢᠶ᠎ᠡ ᠦᠵᠡᠭᠦᠯᠦᠨ ᠳᠠᠶᠢᠴᠢᠯᠠᠬᠤ᠂ ᠡᠭᠦᠯᠡ ᠪᠤᠳᠤᠯᠲᠠ ᠲᠤᠮᠤ ᠳ᠋ᠠᠶᠢᠲ᠋ᠠ ᠶᠢ ᠤᠶᠠᠯᠳᠤᠭᠤᠯᠬᠤ᠂ ᠠᠵᠢᠯ ᠲᠦᠷᠦᠯ ᠢᠯᠭᠠᠨ ᠲᠦᠷᠦ ᠶᠢᠨ ᠪᠤᠳᠤᠯᠭ᠎ᠠ ᠬᠡᠷᠡᠭᠵᠢᠭᠦᠯᠬᠦ᠂ ᠪᠦᠬᠦ ᠲᠠᠯ᠎ᠠ ᠪᠠᠷ ᠦᠷᠨᠢᠭᠦᠯᠬᠦ︾ ᠵᠠᠷᠴᠢᠮ ᠢᠶᠠᠷ᠂ ᠥᠪᠡᠷᠲᠡᠭᠡᠨ ᠵᠠᠰᠠᠭ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠲᠠᠢ ᠤᠶᠠᠯᠳᠤᠭᠤᠯᠤᠨ᠂ ᠳᠠᠭᠠᠭᠤᠯᠤᠭᠴᠢ ᠠᠵᠤ ᠠᠬᠤᠶᠢᠯᠠᠯ ᠢᠶᠠᠷ ᠭᠤᠣᠯ ᠪᠣᠯᠭᠠᠵᠤ᠂ ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ᠂ ᠡᠭᠦᠯᠡᠨ ᠪᠣᠳᠣᠯᠳᠠ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠬᠢᠮᠡᠯ ᠤᠶᠦᠠ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢᠶᠠᠷ ᠲᠦᠰᠢᠭ ᠲᠤᠯᠭᠠᠭᠤᠷᠢ ᠪᠣᠯᠭᠠᠨ᠂ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ᠂ ᠦᠢᠯᠡᠳᠪᠦᠷᠢᠯᠡᠵᠦ ᠦᠢᠯᠡᠳᠬᠦ᠂ ᠡᠵᠡᠩᠨᠡᠯᠲᠡ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠤᠯᠲᠠ᠂ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡ ᠵᠡᠷᠭᠡ ᠡᠯ᠎ᠡ ᠭᠤᠭᠴᠤᠭ᠎ᠠ ᠳᠤ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠶᠢ ᠲᠦᠯᠬᠢᠨ ᠠᠬᠢᠭᠤᠯᠵᠤ᠂ ᠦᠢᠯᠡᠳᠬᠦᠨ ᠤ ᠪᠦᠬᠦ ᠠᠮᠢ ᠨᠠᠰᠤᠨ ᠤ ᠦᠶᠡᠯᠡᠯ ᠪᠠ ᠪᠦᠬᠦ ᠠᠵᠤ ᠦᠢᠯᠡᠰ ᠤᠨ ᠬᠡᠯᠬᠢᠶ᠎ᠡ ᠳᠤ ᠲᠤᠮᠤ ᠳ᠋ᠠᠶᠢᠲ᠋ᠠ ᠶᠢ ᠬᠡᠷᠡᠭᠯᠡᠬᠦ ᠶᠢ ᠠᠬᠢᠭᠤᠯᠵᠤ᠂ ᠳ᠋ᠠᠶᠢᠲ᠋ᠠ ᠪᠠᠷ ᠬᠦᠳᠡᠯᠭᠡᠭᠦᠷ ᠪᠤᠯᠭᠠᠭᠰᠠᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ ᠢ ᠠᠯᠬᠤᠮ ᠠᠯᠬᠤᠮ ᠢᠶᠠᠷ ᠪᠤᠢ ᠪᠤᠯᠭᠠᠬᠤ ᠪᠤᠯᠤᠨ᠎ᠠ᠃      ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠠᠵᠢᠯᠯᠠᠭᠠᠨ ᠤ ᠲᠥᠯᠥᠪᠯᠡᠭᠡ ︵2018 — 2020︶᠎ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠠᠵᠤ ᠦᠢᠯᠡᠳᠪᠦᠷᠢ ᠶᠢᠨ ᠠᠵᠢᠯ ᠲᠦᠷᠦᠯ ᠤᠨ ᠨᠢᠭᠡ ᠪᠦᠯᠦᠭ ᠲᠤᠮᠤ ᠳ᠋ᠠᠶᠢᠲ᠋ᠠ ᠶᠢᠨ ᠦᠢᠯᠡᠳᠬᠦᠨ ᠢ ᠰᠤᠳᠤᠯᠤᠨ ᠨᠡᠭᠡᠭᠡᠬᠦ ᠶᠢ ᠠᠬᠢᠭᠤᠯᠵᠤ᠂ ᠳ᠋ᠠᠶᠢᠲ᠋ᠠ ᠪᠠᠷ ᠬᠦᠳᠡᠯᠭᠡᠭᠦᠷ ᠪᠤᠯᠭᠠᠭᠰᠠᠨ ᠦᠢᠯᠡᠳᠬᠦ ᠲᠤᠬᠠᠶᠢᠯᠠᠭᠰᠠᠨ ᠠᠵᠢᠯ ᠤᠨ ᠴᠤᠪᠤᠷᠠᠯ ᠢ ᠪᠡᠶᠡᠯᠡᠭᠦᠯᠵᠦ᠂ ᠰᠢᠨ᠎ᠡ ᠨᠢᠭᠡᠨ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠦᠢᠯᠡᠳᠬᠦ ᠦᠢᠯᠡᠰ ᠯᠦᠭᠡ ᠭᠦᠨ ᠠᠭᠤᠰᠤᠯᠴᠠᠭᠤᠯᠤᠨ ᠬᠦᠭᠵᠢᠭᠦᠯᠬᠦ ᠶᠢ ᠠᠬᠢᠭᠤᠯᠵᠤ᠂ ᠠᠵᠤ ᠦᠶᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠵᠤ ᠲᠡᠰ ᠳᠡᠪᠰᠢᠭᠦᠯᠬᠦ ᠶᠢ ᠲᠦᠷᠭᠡᠳᠬᠡᠵᠦ᠂ ᠲᠠᠷᠢᠶᠠᠯᠠᠩ ᠮᠠᠯ ᠠᠵᠤ ᠠᠬᠤᠢ᠂ ᠦᠢᠯᠡᠴᠢᠯᠡᠭᠡᠨ ᠤ ᠠᠵᠢᠯ ᠲᠥᠷᠥᠯ ᠤᠨ ᠮᠡᠷᠭᠡᠵᠢᠯ ᠤᠨ ᠰᠤᠳᠤᠯᠤᠨ ᠨᠡᠭᠡᠭᠡᠬᠦ ᠰᠢᠰᠲ᠋ᠧᠮᠵᠢ ᠶᠢᠨ ᠰᠢᠨ᠎ᠡ ᠶᠢ ᠡᠭᠦᠳᠬᠦ᠂ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢᠨ ᠬᠤᠪᠢᠰᠤᠯᠲᠠ᠂ ᠬᠤᠳᠠᠯᠳᠤᠭᠠᠨ ᠤ ᠬᠡᠪ ᠵᠠᠭᠪᠤᠷ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠦᠷᠲᠡᠭ ᠤᠨ ᠬᠡᠯᠬᠢᠶ᠎ᠡ ᠶᠢᠨ ᠰᠢᠰᠲ᠋ᠧᠮᠵᠢ ᠶᠢ ᠲᠠᠭᠢᠠ ᠵᠣᠬᠢᠶᠠᠨ ᠪᠠᠶᠢᠭᠤᠯᠬᠤ ᠶᠢ ᠲᠦᠯᠬᠢᠨ ᠠᠬᠢᠭᠤᠯᠵᠤ᠂ ᠬᠦᠷᠢᠶ᠎ᠡ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠳ᠋ᠠᠶᠢᠲ᠋ᠠ ᠶᠢᠨ ᠠᠭᠤᠰᠤᠯᠴᠠᠯ ᠪᠠ ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠵᠤ᠂ ᠬᠠᠮᠵᠢᠯᠴᠠᠨ ᠰᠢᠨ᠎ᠡ ᠶᠢ ᠡᠭᠦᠳᠬᠦ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠢ ᠬᠠᠶᠢᠨ ᠰᠦᠪᠡᠭᠴᠢᠯᠡᠨ᠎ᠡ᠃ 2020 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠡᠶᠢᠲᠡᠯᠢᠭ ᠵᠢᠱᠢᠶ᠎ᠡ ᠦᠵᠡᠭᠦᠯᠬᠦ ᠲᠥᠷᠥᠯ ᠵᠦᠢᠯ ᠢ 100᠎ ᠠᠴᠠ ᠳᠡᠭᠡᠭᠰᠢ ᠪᠠᠶᠢᠭᠤᠯᠵᠤ᠂ ᠨᠢᠭᠡ ᠪᠦᠯᠦᠭ ᠠᠵᠤ ᠦᠢᠯᠡᠰ ᠤᠨ ᠲᠤᠮᠤ ᠳ᠋ᠠᠶᠢᠲ᠋ᠠ ᠶᠢᠨ ᠡᠭᠦᠯᠡᠨ ᠲᠠᠪᠴᠠᠩ᠂ ᠠᠵᠤ ᠦᠢᠯᠡᠰ ᠤᠨ ᠰᠢᠨ᠎ᠡ ᠶᠢ ᠡᠭᠦᠳᠦᠨ ᠠᠳᠠᠯ ᠦᠢᠯᠡᠰ ᠴᠤᠭᠴᠠᠯᠠᠬᠤ ᠲᠥᠪ ᠪᠣᠯᠤᠨ ᠤᠯᠠᠨ ᠨᠡᠶᠢᠲᠡ ᠶᠢᠨ ᠮᠡᠷᠭᠡᠵᠢᠯ ᠤᠨ ᠦᠢᠯᠡᠴᠢᠯᠡᠭᠡᠨ ᠤ ᠲᠦᠪ ᠢ ᠪᠠᠶᠢᠭᠤᠯᠵᠤ᠂ ᠨᠢᠭᠡ ᠪᠦᠯᠦᠭ ᠲᠤᠮᠤ ᠳ᠋ᠠᠶᠢᠲ᠋ᠠ ᠶᠢᠨ ᠬᠡᠷᠡᠭᠯᠡᠭᠡᠨ ᠤ ᠨᠡᠭᠡᠭᠡᠨ ᠠᠰᠢᠭᠯᠠᠬᠤ ᠠᠵᠤ ᠠᠬᠤᠶᠢᠯᠠᠯ᠂ ᠲᠤᠮᠤ ᠳ᠋ᠠᠶᠢᠲ᠋ᠠ ᠶᠢᠨ ᠡᠭᠦᠯᠡᠨ ᠲᠠᠪᠴᠠᠩ ᠤᠨ ᠦᠶᠯᠡᠴᠢᠯᠡᠭᠡᠨ ᠤ ᠬᠤᠳᠠᠯᠳᠤᠭᠠᠴᠢᠨ᠂ ᠲᠤᠮᠤ ᠳ᠋ᠠᠶᠢᠲ᠋ᠠ ᠶᠢᠨ ᠡᠵᠡᠩᠨᠡᠭᠴᠢ ᠬᠤᠳᠠᠯᠳᠤᠭᠠᠴᠢᠨ᠂ ᠲᠤᠮᠤ ᠳ᠋ᠠᠶᠢᠲ᠋ᠠ ᠶᠢᠨ ᠡᠭᠦᠯᠡᠨ ᠬᠡᠷᠡᠭᠯᠡᠭᠡ ᠶᠢᠨ ᠦᠶᠯᠡᠴᠢᠯᠡᠭᠡᠨ ᠤ ᠬᠤᠳᠠᠯᠳᠤᠭᠠᠴᠢᠳ ᠢ ᠪᠤᠶᠢᠵᠢᠭᠤᠯᠵᠤ᠂ ᠨᠢᠭᠡ ᠪᠦᠯᠦᠭ ᠠᠵᠤ ᠠᠬᠤᠶᠢᠯᠠᠯ ᠢ ᠠᠬᠢᠭᠤᠯᠤᠨ ᠡᠭᠦᠯᠡᠨ ᠲᠠᠪᠴᠠᠩ ᠳᠤ ᠭᠠᠷᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号