5 ᠳ᠋ᠤᠭᠠᠷ ᠰᠠᠷ᠎ᠠ ᠶᠢᠨ 17 ᠤ ᠡᠳᠦᠷ᠂ ᠬᠤᠷᠢᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ | ᠪᠡᠭᠡᠵᠢᠩ ᠤᠨ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠶᠯᠡᠰ ᠤᠨ ᠦᠵᠡᠭᠦᠯᠦᠯᠭᠡ ᠶᠢᠨ | ᠴᠤᠭᠯᠠᠭᠠᠨ ᠪᠡᠭᠡᠵᠢᠩ ᠬᠤᠲᠠ ᠶᠢᠨ ᠣᠯᠠᠨ ᠤᠯᠤᠰ ᠤᠨ ᠦᠵᠡᠰᠬᠦᠯᠡᠩ ᠤᠨ ᠲᠥᠪ ᠲᠤ ᠡᠬᠢᠯᠡᠪᠡ᠂ ᠥᠪᠥᠷ | ᠮᠣᠩᠭᠤᠯ ᠨᠡᠶᠢᠲᠡ 49 ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠡ ᠪᠣᠯᠤᠨ | ᠠᠵᠤ ᠠᠬᠤᠶᠢᠯᠠᠯ ᠪᠦᠯᠬᠦᠮ ᠪᠠᠶᠢᠭᠤᠯᠤᠨ ᠳᠡᠯᠭᠡᠨ ᠦᠵᠡᠭᠦᠯᠦᠯᠭᠡ ᠳᠤ ᠣᠷᠣᠯᠴᠠᠵᠠᠢ᠃ | ᠲᠤᠰ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠦᠵᠡᠭᠦᠯᠦᠯᠭᠡ ᠶᠢᠨ | ᠴᠤᠭᠯᠠᠭᠠᠨ ᠨᠢ ︽ᠳᠡᠭᠡᠳᠦ ᠨᠠᠷᠢᠯᠢᠭ ᠬᠤᠰᠢᠭᠤᠷᠠᠯ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠵᠤ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠥᠲᠥᠭᠡᠨ ᠪᠠᠶᠢᠭᠤᠯᠤᠯᠲᠠ ᠶᠢ ᠲᠦᠯᠬᠢᠨ | ᠠᠬᠢᠭᠤᠯᠬᠤ︾ ᠪᠠᠷ ᠭᠤᠣᠯ ᠰᠡᠳᠦᠪ ᠢᠶᠠᠨ ᠪᠣᠯᠭᠠᠪᠠ᠃ 8 ᠳ᠋ᠤᠭᠠᠷ ᠨᠣᠮᠧᠷᠲᠤ ᠦᠵᠡᠰᠬᠦᠯᠡᠩ ᠤᠨ ᠣᠷᠳᠣᠨ ᠳᠤ | ᠪᠠᠶᠢᠭ᠎ᠠ ᠥᠪᠥᠷ ᠮᠣᠩᠭᠤᠯ ᠤᠨ ᠦᠵᠡᠭᠦᠯᠦᠯᠭᠡ ᠶᠢᠨ ᠲᠣᠭᠤᠷᠢᠭ ᠲᠤ᠂ ︽ᠥᠪᠥᠷ ᠮᠣᠩᠭᠤᠯ ᠲᠠᠨ ᠢ ᠪᠠᠶᠠᠷᠯᠠᠨ | ᠤᠭᠲᠤᠵᠤ ᠪᠠᠶᠢᠨ᠎ᠠ︾ ᠭᠡᠬᠦ ᠬᠡᠳᠦᠨ ᠲᠤᠮᠤ ᠦᠰᠦᠭ ᠬᠥᠮᠦᠰ ᠤᠨ ᠠᠩᠬᠠᠷᠤᠯ ᠢ ᠮᠠᠰᠢ ᠶᠡᠬᠡᠪᠡᠷ ᠲᠠᠲᠠᠪᠠ᠂ ᠲᠤᠰ | ᠤᠳᠠᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠥᠪᠥᠷ ᠮᠣᠩᠭᠤᠯ ᠤᠨ ᠠᠵᠤ ᠦᠢᠯᠡᠰ ᠤᠨ | ᠬᠥᠭᠵᠢᠯᠲᠡ ᠶᠢᠨ ᠣᠨᠴᠠᠯᠢᠭ ᠲᠠᠢ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠶᠢ ᠲᠥᠯᠥᠭᠡᠯᠡᠭᠰᠡᠨ ᠳᠡᠭᠡᠳᠦ ᠰᠢᠨ᠎ᠡ ᠮᠡᠷᠭᠡᠵᠢᠯ ᠤᠨ 54 ᠦᠷ᠎ᠡ ᠪᠦᠲᠦᠭᠡᠯ ᠢ ᠠᠪᠴᠢᠷᠠᠵᠠᠢ᠃ | ᠲᠡᠳᠡᠨ ᠤ ᠳᠣᠲᠣᠷᠠᠬᠢ ᠵᠣᠩᠬᠢᠯᠠᠬᠤ ᠤᠯᠠᠨ ᠨᠢ ᠮᠠᠨ ᠤ ᠣᠷᠣᠨ ᠤ ᠲᠡᠷᠢᠭᠦᠨ ᠤ ᠲᠣᠨᠤᠭ ᠲᠥᠬᠦᠭᠡᠷᠦᠮᠵᠢ ᠦᠢᠯᠡᠳᠬᠦ᠂ | ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠮᠡᠳᠡᠭᠡ ᠵᠠᠩᠭᠢ ᠶᠢᠨ ᠲᠣᠮᠣ ᠳ᠋ᠠᠶᠢᠲ᠋ᠠ᠂ ᠦᠨᠳᠦᠷ ᠴᠢᠳᠠᠪᠬᠢᠲᠦ | ᠰᠢᠨ᠎ᠡ ᠮᠠᠲ᠋ᠧᠷᠢᠶᠠᠯ᠂ ᠥᠩᠭᠡᠲᠦ ᠲᠡᠮᠦᠷᠯᠢᠭ ᠤᠨ ᠦᠢᠯᠡᠳᠪᠦᠷᠢᠯᠡᠯ ᠡᠳ᠋ᠰᠢᠯᠡᠭᠦᠯᠦᠯᠲᠡ᠂ ᠰᠢᠨ᠎ᠡ ᠡᠨᠧᠷᠭᠢ ᠶᠢᠨ | ᠠᠰᠢᠭᠯᠠᠯᠲᠠ᠂ ᠡᠨᠧᠷᠭᠢ ᠠᠷᠪᠢᠯᠠᠬᠤ ᠣᠷᠴᠢᠨ ᠲᠣᠭᠤᠷᠢᠨ ᠤ ᠬᠠᠮᠠᠭᠠᠯᠠᠯᠲᠠ᠂ ᠠᠮᠢ ᠠᠬᠤᠶ ᠶᠢᠨ ᠵᠠᠰᠠᠯᠲᠠ᠂ | ᠮᠣᠩᠭᠤᠯ ᠬᠢᠲᠠᠳ ᠡᠮ ᠡᠮᠨᠡᠯᠭᠡ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠪᠠᠭᠲᠠᠭᠠᠭᠰᠠᠨ ᠪᠡᠶ᠎ᠡ ᠪᠠᠨ ᠳᠠᠭᠠᠭᠠᠭᠰᠠᠨ | ᠮᠡᠳᠡᠯᠭᠡ ᠶᠢᠨ ᠪᠦᠲᠦᠭᠡᠭᠳᠡᠬᠦᠨ ᠤ ᠡᠷᠬᠡ ᠲᠠᠢ ᠦᠢᠯᠡᠳᠬᠦᠨ ᠪᠣᠯᠣᠨ ᠮᠡᠷᠭᠡᠵᠢᠯ ᠪᠣᠯᠣᠨ᠎ᠠ᠃ | |