ᠥᠪᠥᠷ ᠮᠣᠩᠭᠤᠯ ︽5·1︾᠎ ᠤ ᠳᠡᠯᠡᠬᠡᠶ ᠶᠢᠨ ᠬᠥᠳᠡᠯᠮᠦᠷᠢᠴᠢᠨ ᠤ ᠪᠠᠶᠠᠷ ᠢ ᠪᠡᠯᠭᠡᠯᠡᠬᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠢᠪᠡ
ᠨᠡᠶᠢᠲᠡᠯᠡᠭᠰᠡᠨ ᠴᠠᠭ᠄
2018/5/2
     2018 ᠣᠨ ᠤ 4 ᠳ᠋ᠦ᠋ᠭᠡᠷ ᠰᠠᠷ᠎ᠠ ᠶᠢᠨ 27᠎ ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽5·1︾᠎ ᠤ ᠳᠡᠯᠡᠬᠡᠶ ᠶᠢᠨ ᠬᠥᠳᠡᠯᠮᠦᠷᠢᠴᠢᠨ ᠤ ᠪᠠᠶᠠᠷ ᠢ ᠪᠡᠯᠭᠡᠯᠡᠬᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃      ᠶᠡᠭᠡ ᠬᠤᠷᠠᠯ ᠠᠴᠠ ᠪᠦᠬᠦ ᠤᠯᠤᠰ ᠤᠨ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽5·1︾᠎ ᠤ ᠬᠥᠳᠡᠯᠮᠦᠷᠢ ᠶᠢᠨ ᠱᠠᠩᠨᠠᠯ᠂ ᠠᠵᠢᠯᠴᠢᠨ ᠤ ᠬᠤᠰᠢᠭᠤᠴᠢ ᠨᠡᠷᠡᠮᠵᠢᠲᠦ᠂ ᠡᠶ᠎ᠡ ᠵᠣᠬᠢᠴᠠᠯᠲᠤ ᠬᠥᠳᠡᠯᠮᠦᠷᠢ ᠶᠢᠨ ᠬᠠᠷᠢᠴᠠᠭᠠᠨ ᠤ ᠵᠢᠱᠢᠶᠡᠴᠢ ᠨᠢᠭᠡᠴᠡ ᠵᠢᠴᠢ ᠡᠶ᠎ᠡ ᠵᠣᠬᠢᠴᠠᠯᠲᠤ ᠬᠥᠳᠡᠯᠮᠦᠷᠢ ᠶᠢᠨ ᠬᠠᠷᠢᠴᠠᠭ᠎ᠠ ᠶᠢ ᠡᠭᠦᠳᠦᠨ ᠪᠠᠶᠢᠭᠤᠯᠤᠭᠰᠠᠨ ᠲᠡᠷᠢᠭᠦᠨ ᠤ ᠠᠵᠢᠯᠲᠠᠨ ᠵᠡᠷᠭᠡ ᠶᠢ ᠬᠦᠬᠢᠭᠦᠯᠦᠨ ᠰᠠᠶᠢᠰᠢᠶᠠᠵᠤ᠂ ᠤᠮᠠᠷᠠᠲᠤ ᠬᠢᠯᠢ ᠶᠢᠨ ᠬᠤᠶᠠᠳᠤᠭᠠᠷ ᠪᠦᠯᠦᠭ ᠤᠨ ᠤᠷᠠᠨ ᠳᠠᠷᠬᠠᠳ ᠢ ᠴᠣᠯᠠᠯᠠᠭᠰᠠᠨ ᠪᠠᠶᠢᠨ᠎ᠠ᠃ ᠱᠠᠩᠨᠠᠯ ᠣᠯᠤᠭᠰᠠᠳ ᠤᠨ ᠲᠥᠯᠥᠭᠡᠯᠡᠭᠴᠢ ᠠᠴᠠ ︽ᠰᠢᠨ᠎ᠡ ᠴᠠᠭ ᠦᠶ᠎ᠡ ᠶᠢᠨ ᠵᠣᠯ ᠵᠢᠷᠭᠠᠯᠲᠤ ᠱᠠᠯᠠᠮᠠᠭᠠᠶᠢᠯᠠᠭᠴᠢ ᠪᠣᠯᠬᠤ ᠪᠠᠷ ᠴᠢᠷᠮᠠᠶᠢᠶ᠎ᠠ︾ ᠭᠡᠬᠦ ᠰᠠᠨᠠᠭᠠᠴᠢᠯᠠᠭ᠎ᠠ ᠳᠤᠷᠠᠳᠤᠭᠰᠠᠨ ᠪᠦᠭᠡᠳ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠶ᠃
     ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠤᠯᠴᠠᠭᠰᠠᠨ ᠪᠦᠬᠦ ᠤᠯᠤᠰ ᠤᠨ ︽5·1︾᠎ ᠤ ᠬᠥᠳᠡᠯᠮᠦᠷᠢ ᠶᠢᠨ ᠱᠠᠩᠨᠠᠯ ᠬᠦᠷᠲᠡᠭᠰᠡᠳ᠃
     ᠤᠮᠠᠷᠠᠲᠤ ᠬᠢᠯᠢ ᠶᠢᠨ ᠤᠷᠠᠨ ᠳᠠᠷᠬᠠᠳ ᠬᠦᠬᠢᠭᠦᠯᠦᠯ ᠲᠣᠰᠴᠤ ᠪᠠᠶᠢᠭ᠎ᠠ ᠨᠢ᠃      ᠡᠨᠡ ᠵᠢᠯ᠂ ᠥᠪᠥᠷ ᠮᠣᠩᠭᠤᠯ ᠤᠨ ᠬᠢᠨ ᠪᠦᠬᠦ ᠤᠯᠤᠰ ᠤᠨ ︽5·1︾᠎ ᠤ ᠬᠥᠳᠡᠯᠮᠦᠷᠢ ᠶᠢᠨ ᠱᠠᠩᠨᠠᠯ ᠢ 3᠂ ᠪᠦᠬᠦ ᠤᠯᠤᠰ ᠤᠨ ᠠᠵᠢᠯᠴᠢᠨ ᠤ ᠬᠤᠰᠢᠭᠤᠴᠢ ᠲᠡᠮᠳᠡᠭᠲᠦ ᠶᠢ 22 ᠬᠦᠷᠲᠡᠵᠦ᠂ 17 ᠬᠥᠮᠦᠨ ᠪᠦᠬᠦ ᠤᠯᠤᠰ ᠤᠨ ︽5·1︾᠎ ᠤ ᠬᠥᠳᠡᠯᠮᠦᠷᠢ ᠶᠢᠨ ᠮᠧᠲᠠᠯ ᠬᠦᠷᠲᠡᠪᠡ᠃ ᠥᠪᠡᠷᠲᠡᠭᠡᠨ ᠵᠠᠰᠠᠬᠤ ᠣᠷᠣᠨ ︽5·1︾᠎ ᠤ ᠬᠥᠳᠡᠯᠮᠦᠷᠢ ᠶᠢᠨ ᠱᠠᠩᠨᠠᠯ 34᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠬᠤᠰᠢᠭᠤᠴᠢ ᠲᠡᠮᠳᠡᠭᠲᠦ 140᠂ ᠥᠪᠡᠷᠲᠡᠭᠡᠨ ᠵᠠᠰᠠᠬᠤ ᠣᠷᠣᠨ ᠤ ︽5·1︾᠎ ᠤ ᠬᠥᠳᠡᠯᠮᠦᠷᠢ ᠶᠢᠨ ᠮᠧᠲᠡᠯᠲᠤ 138 ᠬᠥᠮᠦᠨ᠂ ᠤᠮᠠᠷᠠᠲᠤ ᠬᠢᠯᠢ ᠶᠢᠨ ᠤᠷᠠᠨ ᠳᠠᠷᠬᠠᠨ 8 ᠬᠥᠮᠦᠨ ᠢ ᠰᠤᠩᠭᠤᠨ ᠰᠢᠯᠭᠠᠷᠠᠭᠤᠯᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号