ᠥᠪᠥᠷ ᠮᠣᠩᠭᠤᠯ ᠵᠢᠯ ᠤᠨ ᠳᠣᠲᠣᠷ᠎ᠠ ᠦᠬᠡᠷ ᠬᠤᠨᠢ ᠨᠢᠲᠤᠯᠬᠤ ᠪᠦᠬᠦ ᠠᠵᠤ ᠠᠬᠤᠶᠢᠯᠠᠯ ᠳᠤ ᠨᠡᠷᠡᠳᠦ ᠲᠡᠮᠳᠡᠭᠴᠢᠯᠡᠭᠰᠡᠨ ᠡᠵᠡᠩᠨᠡᠯᠲᠡ ᠶᠢ ᠪᠡᠶᠡᠯᠡᠬᠦᠯᠦᠨ᠎ᠡ
ᠨᠡᠶᠢᠲᠡᠯᠡᠭᠰᠡᠨ ᠴᠠᠭ᠄
2018/5/2
      ᠡᠨᠡ ᠵᠢᠯ ᠥᠪᠡᠷᠲᠡᠭᠡᠨ ᠵᠠᠰᠠᠬᠤ ᠣᠷᠣᠨ ᠤ ᠮᠠᠯ ᠵᠢᠭᠦᠷᠲᠡᠨ ᠢ ᠠᠯᠠᠵᠤ ᠨᠢᠲᠤᠯᠬᠤ ᠠᠵᠢᠯ ᠲᠥᠷᠥᠯ ᠳᠤ ᠪᠠᠷᠢᠮᠵᠢᠶᠠᠵᠢᠭᠰᠠᠨ ᠪᠥᠳᠥᠭᠡᠨ ᠪᠠᠶᠢᠭᠤᠯᠤᠯᠲᠠ ᠶᠢ ᠶᠡᠬᠡᠪᠡᠷ ᠳᠥᠯᠭᠢᠨ ᠠᠬᠢᠭᠤᠯᠵᠤ᠂ ᠤᠯᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠵᠢᠯ ᠤᠨ ᠳᠤᠲᠤᠷ᠎ᠠ ᠠᠶᠢᠮᠠᠭ ᠬᠤᠲᠠ ᠨᠢᠭᠡᠪᠦᠷᠢ ᠠᠯᠠᠵᠤ ᠨᠢᠲᠤᠯᠬᠤ ᠶᠢ ᠪᠠᠷᠢᠮᠵᠢᠶᠠᠵᠢᠭᠤᠯᠤᠭᠰᠠᠨ ᠠᠵᠤ ᠠᠬᠤᠶᠢᠯᠠᠯ 1᠎ ᠶᠢ ᠪᠠᠶᠢᠭᠤᠯᠵᠤ᠂ ᠵᠢᠯ ᠤᠨ ᠳᠣᠲᠣᠷ᠎ᠠ ᠦᠬᠡᠷ ᠬᠤᠨᠢ ᠨᠢᠲᠤᠯᠬᠤ ᠪᠦᠬᠦ ᠠᠵᠤ ᠠᠬᠤᠶᠢᠯᠠᠯ ᠳᠤ ᠨᠡᠷᠡᠳᠦ ᠲᠡᠮᠳᠡᠭᠴᠢᠯᠡᠭᠰᠡᠨ ᠡᠵᠡᠩᠨᠡᠯᠲᠡ ᠶᠢ ᠪᠡᠶᠡᠯᠡᠬᠦᠯᠵᠤ᠂ ᠭᠠᠭ᠋ᠠᠢ ᠨᠢᠲᠤᠯᠬᠤ ᠠᠵᠤ ᠠᠬᠤᠶᠢᠯᠠᠯ ᠤᠨ ᠨᠡᠷᠡᠳᠦ ᠲᠡᠮᠳᠡᠭᠴᠢᠯᠡᠭᠰᠡᠨ ᠡᠵᠡᠩᠨᠡᠯᠲᠡ ᠶᠢᠨ ᠨᠤᠷᠮ᠎ᠠ ᠶᠢ ᠳᠡᠭᠡᠭᠰᠢᠯᠡᠬᠦᠯᠵᠤ᠂ ᠠᠯᠠᠵᠤ ᠨᠢᠲᠤᠯᠬᠤ ᠴᠢᠭ᠋ ᠢᠶᠠᠷ ᠲᠣᠭᠲᠠᠭᠠᠭᠰᠠᠨ ᠠᠵᠤ ᠠᠬᠤᠶᠢᠯᠠᠯ ᠤᠨ ︽ᠬᠤᠶᠠᠷ ᠦᠨᠡᠮᠯᠡᠯ ᠬᠤᠶᠠᠷ ᠲᠠᠮᠠᠭ᠎ᠠ︾᠎ ᠶᠢᠨ ᠵᠦᠪᠰᠢᠶᠡᠷᠡᠬᠦ ᠨᠤᠷᠮ᠎ᠠ ᠶᠢ 80%᠎ ᠠᠴᠠ ᠳᠡᠭᠡᠭᠰᠢ ᠳᠤ ᠬᠦᠷᠦᠬᠦᠯᠬᠦ ᠬᠡᠷᠡᠭᠲᠠᠢ ᠬᠡᠵᠤ ᠳᠤᠷᠠᠳᠪᠠ᠃      ᠪᠦᠬᠦ ᠣᠷᠣᠨ ︽ᠬᠤᠶᠠᠷ ᠢ ᠲᠠᠰᠢᠷᠠᠮ ᠢᠶᠠᠷ ᠪᠠᠶᠢᠴᠠᠭᠠᠵᠤ᠂ ᠨᠢᠭᠡ ᠶᠢ ᠢᠯᠠ ᠪᠣᠯᠭᠠᠬᠤ︾ ᠠᠯᠠᠵᠤ ᠨᠢᠲᠤᠯᠬᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠦᠷᠭᠦᠯᠵᠢᠯᠡᠨ ᠴᠢᠩᠭᠠᠳᠬᠠᠨ ᠪᠠᠷᠢᠮᠵᠢᠶᠠᠵᠢᠭᠤᠯᠬᠤ ᠶᠢ ᠪᠠᠲᠤᠯᠠᠵᠤ᠂ ᠵᠢᠯ ᠤᠨ ᠳᠣᠲᠣᠷ᠎ᠠ ᠠᠶᠢᠮᠠᠭ ᠬᠤᠳᠠ ᠶᠢᠨ ᠠᠯᠠᠵᠤ ᠨᠢᠲᠤᠯᠬᠤ ᠠᠵᠤ ᠠᠬᠤᠶᠢᠯᠠᠯ ᠳᠤ ᠲᠠᠰᠢᠷᠠᠮ ᠢᠶᠠᠷ ᠰᠤᠭᠤᠴᠠᠨ ᠪᠠᠶᠢᠴᠠᠭᠠᠯᠲᠠ ᠬᠢᠬᠦ ᠨᠤᠷᠮ᠎ᠠ ᠶᠢ 20%᠎ ᠠᠴᠠ ᠳᠡᠭᠡᠭᠰᠢ ᠳᠤ ᠬᠦᠷᠦᠭᠦᠯᠵᠦ᠂ ᠠᠵᠤ ᠠᠬᠤᠶᠢᠯᠠᠯ ᠦᠢᠯᠡᠳᠪᠦᠷᠢᠯᠡᠯ ᠤᠨ ᠬᠤᠭᠤᠴᠠᠭᠠᠨ ᠳᠠᠭᠠᠨ ᠦᠨᠡᠮᠯᠡᠯ ᠤᠯᠭᠤᠬᠤ ᠨᠥᠬᠦᠴᠡᠯ ᠢ ᠦᠷᠭᠦᠯᠵᠢᠯᠡᠨ ᠪᠠᠷᠢᠮᠲᠠᠯᠠᠬᠤ ᠳᠤ ᠬᠢᠨᠠᠯᠲᠠ ᠲᠠᠯᠪᠢᠨ᠎ᠠ᠃ 2018 ᠣᠨ ᠳᠤ᠂ ᠮᠠᠨ ᠤ ᠣᠷᠣᠨ ᠮᠠᠯ ᠵᠢᠭᠦᠷᠲᠡᠨ ᠢ ᠠᠯᠠᠵᠤ ᠨᠢᠲᠤᠯᠬᠤ ᠳᠤ ᠬᠢᠨᠠᠯᠲᠠ ᠬᠠᠮᠢᠶᠠᠷᠤᠯᠲᠠ ᠬᠢᠬᠦ ︽ᠮᠢᠨ᠎ᠠ ᠠᠷᠢᠯᠭᠠᠬᠤ ᠠᠵᠢᠯᠯᠠᠭ᠎ᠠ︾ ᠵᠡᠷᠭᠡ  ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠳᠠᠷᠤᠯᠲᠠ ᠲᠠᠢ ᠪᠠᠶᠢᠬᠤ ᠪᠠᠶᠢᠳᠠᠯ ᠢ ᠦᠷᠭᠦᠯᠵᠢᠯᠡᠨ ᠪᠠᠲᠤᠯᠠᠵᠤ᠂ ᠬᠡᠷᠡᠭ ᠢ ᠪᠠᠶᠢᠴᠠᠭᠠᠨ ᠰᠢᠶᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠳᠠᠯᠳᠠᠭᠤᠷ ᠪᠠ ᠳᠤᠷ᠎ᠠ ᠪᠠᠷ ᠢᠶᠠᠨ ᠨᠢᠲᠤᠯᠬᠤ᠂ ᠤᠰᠤ ᠶᠡᠭᠦᠯᠡᠬᠦ ᠪᠠ ᠪᠤᠰᠤᠳ ᠡᠳ᠋ ᠪᠣᠳᠠᠰ ᠶᠡᠭᠦᠯᠡᠬᠦ ᠵᠡᠷᠭᠡ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠬᠦᠴᠦᠲᠡᠶ ᠴᠣᠬᠢᠯᠲᠠ ᠦᠭᠴᠦ᠂ ᠠᠵᠢᠯ ᠲᠥᠷᠥᠯ ᠤᠨ ᠡᠮᠬᠢ ᠲᠢᠭᠯᠢᠮ ᠢ ᠵᠢᠷᠤᠮᠵᠢᠭᠤᠯᠵᠤ᠂ ᠠᠰᠠᠭᠤᠳᠠᠯ ᠢ ᠣᠯᠵᠤ ᠮᠡᠳᠡᠬᠦ ᠳᠤ ᠭᠤᠤᠯ ᠬᠦᠴᠦ ᠪᠠᠨ ᠲᠠᠯᠪᠢᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠪᠣᠳᠠᠲᠤ ᠪᠦᠲᠦᠮᠵᠢ ᠶᠢ ᠴᠢᠬᠤᠯᠠᠴᠢᠯᠠᠨ ᠴᠢᠩᠭ᠎ᠠ ᠰᠦᠷ ᠦᠵᠡᠭᠦᠯᠵᠤ᠂ ᠠᠯᠠᠵᠤ ᠨᠢᠲᠤᠯᠬᠤ ᠬᠠᠤᠯᠢ ᠬᠡᠷᠡᠭᠵᠢᠬᠦᠯᠦᠯᠲᠡ ᠶᠢᠨ ᠲᠠᠯ᠎ᠠ ᠪᠠᠷ ︽ᠬᠡᠷᠡᠭ ᠦᠯᠦ ᠰᠢᠢᠳᠪᠦᠷᠢᠯᠡᠬᠦ︾ ᠬᠤᠰᠢᠭᠤ ᠰᠢᠶᠠᠨ ᠭᠠᠷᠬᠤ ᠦᠭᠡᠢ ᠪᠠᠶᠢᠬᠤ ᠶᠢ ᠪᠠᠲᠤᠯᠠᠨ᠎ᠠ᠃ ᠡᠯ᠎ᠡ ᠭᠠᠵᠠᠷ ᠠᠯᠠᠵᠤ ᠨᠢᠲᠤᠯᠬᠤ ᠭᠤᠭᠴᠤᠭ᠎ᠠ ᠳᠠᠬᠢ ᠮᠠᠯ ᠵᠢᠭᠦᠷᠲᠡᠨ ᠤ ᠡᠪᠡᠳᠴᠢᠨ ᠤ ᠬᠥᠨᠥᠭᠡᠯ ᠢ ᠬᠤᠣᠷ ᠦᠭᠡᠶᠢᠵᠢᠭᠦᠯᠦᠨ ᠰᠢᠶᠳᠪᠦᠷᠢᠯᠡᠬᠦ ᠵᠠᠩᠭᠢᠯᠠᠭ᠎ᠠ ᠶᠢ ᠭᠤᠣᠯᠳᠠᠯᠭ᠎ᠠ ᠲᠠᠢ ᠪᠠᠷ ᠰᠡᠷᠭᠡᠶᠢᠯᠡᠵᠤ᠂ ᠰᠢᠢᠳᠪᠦᠷᠢᠯᠡᠬᠦ ᠶᠤᠰᠤᠲᠠᠢ ᠶᠢ ᠪᠦᠬᠦᠨ ᠢ ᠰᠢᠢᠳᠪᠦᠷᠢᠯᠡᠵᠤ᠂ ᠠᠯᠠᠵᠤ ᠨᠢᠲᠤᠯᠬᠤ ᠭᠤᠭᠴᠤᠭᠠᠨ ᠳᠠᠬᠢ ᠡᠪᠡᠳᠴᠢᠨ ᠤ ᠬᠥᠨᠥᠭᠡᠯ ᠲᠠᠢ ᠮᠠᠯ ᠵᠢᠭᠦᠷᠲᠡᠨ ᠵᠢᠴᠢ ᠢᠳᠡᠵᠤ ᠪᠤᠯᠬᠤ ᠦᠭᠡᠢ ᠪᠦᠲᠦᠭᠡᠭᠳᠡᠬᠦᠨ ᠢ ᠬᠤᠭᠤᠯᠠᠨ ᠰᠢᠷᠡᠭᠡ ᠳᠤ ᠭᠠᠷᠭᠠᠬᠤ ᠪᠤᠶᠤ ︽ᠤᠬᠢᠶᠠᠳᠠᠰᠤᠨ ᠲᠣᠰᠣ︾ ᠎ ᠶᠢᠨ ᠲᠦᠭᠦᠬᠡᠶ ᠮᠠᠲ᠋ᠧᠷᠢᠶᠠᠯ ᠪᠤᠯᠭᠠᠬᠤ ᠶᠢ ᠴᠢᠩᠭ᠎ᠠ ᠴᠠᠭᠠᠵᠠᠯᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号