ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ | ᠣᠷᠴᠢᠮᠬᠠᠨ ︽ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︿ᠬᠤᠶᠠᠷ ᠵᠥᠪᠯᠡᠯ﹀ ᠤᠨ ᠬᠤᠭᠤᠴᠠᠭ᠎ᠠ ᠰᠣᠯᠢᠬᠤ | ᠰᠠᠬᠢᠯᠭ᠎ᠠ ᠪᠠᠲᠤ ᠶᠢ ᠲᠥᠪ ᠴᠢᠩᠭ᠎ᠠ ᠪᠣᠯᠭᠠᠵᠤ ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭᠵᠢᠭᠦᠯᠬᠦ ᠬᠠᠷᠢᠭᠤᠴᠠᠯᠭ᠎ᠠ | ᠲᠤᠯᠭᠠᠬᠤ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠱᠠᠲᠤᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠠᠵᠢᠯ ᠤᠨ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ | ᠪᠣᠯᠣᠨ ᠱᠠᠭᠠᠷᠳᠠᠯᠭ᠎ᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠨ᠂ ᠬᠢᠨᠠᠯᠲᠠ ᠲᠠᠯᠪᠢᠵᠤ ᠰᠠᠬᠢᠯᠭ᠎ᠠ ᠪᠠᠲᠤ | ᠬᠡᠷᠡᠭᠵᠢᠭᠦᠯᠬᠦ ᠬᠠᠷᠢᠭᠤᠴᠠᠯᠭ᠎ᠠ ᠲᠤᠯᠭᠠᠬᠤ ᠶᠢ ᠴᠢᠩᠭᠠᠳᠬᠠᠵᠤ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ | ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠲᠥᠪ ᠴᠢᠩᠭ᠎ᠠ ᠪᠣᠯᠭᠠᠨ᠂ ᠬᠤᠭᠤᠴᠠᠭ᠎ᠠ | ᠰᠣᠯᠢᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠮᠡᠳᠡᠭᠳᠡᠯ ᠳᠤ ᠱᠠᠭᠠᠷᠳᠠᠭᠰᠠᠨ ᠨᠢ᠂ ᠬᠤᠰᠢᠭᠤ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠱᠦᠵᠢ ᠶᠡᠷᠦᠩᠬᠡᠶ ᠬᠠᠷᠢᠭᠤᠴᠠᠯᠭ᠎ᠠ ᠡᠭᠦᠷᠭᠡᠯᠡᠨ᠂ ᠰᠢᠶᠠᠩ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠱᠦᠵᠢ ᠪᠣᠳᠠᠲᠠᠶ ᠬᠠᠷᠢᠭᠤᠴᠠᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠳᠤ ᠬᠢᠨᠠᠯᠲᠠ ᠲᠠᠯᠪᠢᠬᠤ ᠰᠠᠯᠠᠭ᠎ᠠ | ᠮᠥᠴᠢᠷ ᠲᠦᠷᠦᠭᠦᠯᠡᠨ ᠵᠣᠬᠢᠶᠠᠨ ᠪᠠᠶᠢᠭᠤᠯᠤᠨ ᠵᠣᠬᠢᠴᠠᠭᠤᠯᠬᠤ᠂ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠳᠤ | ᠬᠢᠨᠠᠯᠲᠠ ᠲᠠᠯᠪᠢᠬᠤ᠂ ᠬᠢᠨᠠᠨ ᠪᠠᠶᠢᠴᠠᠭᠠᠬᠤ ᠵᠡᠷᠭᠡ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠬᠤ ᠠᠵᠢᠯ ᠤᠨ | ᠵᠠᠭᠪᠤᠷᠰᠢᠯ ᠢ ᠪᠠᠶᠢᠭᠤᠯᠤᠨ᠂ ᠬᠤᠭᠤᠴᠠᠭ᠎ᠠ ᠰᠣᠯᠢᠬᠤ ᠰᠤᠩᠬᠤᠭᠤᠯᠢ ᠶᠢᠨ ᠠᠵᠢᠯ ᠤᠨ ᠪᠦᠬᠦ ᠶᠠᠪᠤᠴᠠ ᠳᠤ ᠬᠢᠨᠠᠯᠲᠠ | ᠲᠠᠯᠪᠢᠵᠤ ᠪᠠᠶᠢᠴᠠᠭᠠᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠬᠤ ᠬᠡᠷᠡᠭᠲᠡᠢ᠃ ᠣᠯᠠᠨ ᠲᠦᠮᠡᠨ ᠤ | ᠵᠠᠬᠢᠳᠠᠯ ᠰᠤᠷᠪᠤᠯᠵᠢᠯᠠᠯ ᠢ ᠭᠥᠯᠢᠶᠡᠨ ᠠᠪᠴᠤ ᠰᠢᠶᠳᠪᠦᠷᠢᠯᠡᠬᠦ ᠠᠵᠢᠯ ᠢ ᠰᠠᠶᠢᠲᠤᠷ ᠬᠢᠵᠦ᠂ ᠬᠤᠭᠤᠴᠠᠭ᠎ᠠ ᠰᠣᠯᠢᠬᠤ | ᠰᠣᠩᠭᠤᠭᠤᠯᠢ ᠳᠤ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ ᠲᠤᠰᠬᠠᠬᠤ ᠲᠤᠰᠬᠠᠶ | ᠰᠢᠶᠳᠪᠦᠷᠢᠯᠡᠬᠦ ᠳᠦᠷᠢᠮ ᠢ ᠪᠠᠶᠢᠭᠤᠯᠤᠨ᠂ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠵᠤ᠂ ᠣᠯᠠᠨ | ᠲᠦᠮᠡᠨ ᠤ ᠠᠰᠠᠭᠤᠳᠠᠯ ᠢ ᠲᠤᠰᠬᠠᠬᠤ ᠳᠤ ᠬᠠᠮᠤᠭ ᠤᠨ ᠶᠡᠭᠡ ᠬᠡᠮᠵᠢᠶ᠎ᠡ ᠬᠡᠪᠴᠢᠶ᠎ᠡ ᠪᠠᠷ ᠳᠦᠭᠦᠮ ᠦᠵᠡᠭᠦᠯᠵᠦ᠂ | ᠠᠰᠠᠭᠤᠳᠠᠯ ᠤᠨ ᠰᠦᠪᠡᠭᠴᠢ ᠶᠢ ᠴᠠᠭ ᠲᠤᠬᠠᠶ ᠳᠤᠨᠢ ᠰᠢᠢᠳᠪᠦᠷᠢᠯᠡᠵᠦ᠂ ᠬᠦᠴᠦ ᠪᠠᠨ ᠲᠥᠪᠯᠡᠷᠡᠭᠦᠯᠦᠨ᠂ ᠬᠤᠷᠳᠤᠨ | ᠪᠠᠶᠢᠴᠠᠭᠠᠵᠤ ᠲᠦᠷᠭᠡᠨ ᠳᠠᠭᠤᠰᠬᠠᠬᠤ ᠬᠡᠷᠡᠭᠲᠡᠶ ᠭᠡᠵᠡᠢ᠃ |