2018 ᠣᠨ ᠤ 2 ᠳ᠋ᠤᠭᠠᠷ ᠰᠠᠷ᠎ᠠ ᠶᠢᠨ 28 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ︽ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠪᠠᠶᠢᠷᠢᠰᠢᠭᠤᠯᠤᠯ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ ᠤᠯᠤᠰ ᠤᠨ ᠥᠮᠴᠢᠯᠡᠯᠲᠦ | ᠬᠥᠷᠥᠩᠭᠡ ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ︾ ︵ | ᠥᠪᠥᠷ ᠵᠠᠰᠠᠭ ᠠᠯᠪᠠᠨ ᠲᠠᠷᠬᠠᠭᠠᠭᠰᠠᠨ ﹇2018﹈ 17 ᠳ᠋ᠤᠭᠠᠷ ᠲᠣᠭᠠᠲᠤ᠂ ᠳᠣᠷᠣᠭᠰᠢ ︽ᠬᠡᠷᠡᠭᠵᠢᠭᠦᠯᠬᠦ ᠰᠠᠨᠠᠯ | ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ ᠵᠥᠪᠯᠡᠯ ᠤᠨ ᠬᠢᠨ ︽ᠬᠡᠷᠡᠭᠵᠢᠭᠦᠯᠬᠦ | ᠰᠠᠨᠠᠯ︾ ᠤᠨ ᠲᠤᠬᠠᠢ ᠲᠠᠶᠢᠯᠤᠮᠵᠢ ᠬᠢᠭᠰᠡᠨ ᠪᠠᠶᠢᠨ᠎ᠠ᠃ | ᠨᠢᠭᠡ᠂ ︽ᠬᠡᠷᠡᠭᠵᠢᠭᠦᠯᠬᠦ ᠰᠠᠨᠠᠯ︾ ᠢ ᠲᠣᠭᠲᠠᠭᠠᠭᠰᠠᠨ ᠠᠬᠤᠢ ᠪᠠᠶᠢᠳᠠᠯ ᠪᠠ ᠦᠨᠳᠦᠰᠦᠯᠡᠯ ᠨᠢ | ᠶᠠᠭᠤ ᠪᠣᠢ︖ | ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠲᠥᠪ ᠤᠨ ᠡᠯ᠎ᠡ ᠵᠦᠢᠯ ᠤᠨ | ᠰᠢᠢᠳᠪᠦᠷᠢᠲᠦ ᠪᠣᠳᠣᠯᠭ᠎ᠠ ᠪᠠ ᠪᠠᠶᠢᠷᠢᠰᠢᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢ | ᠶᠡᠭᠡ ᠪᠠᠷ ᠠᠬᠢᠭᠤᠯᠤᠭᠰᠠᠨ ᠠᠴᠠ᠂ ᠪᠠᠶᠢᠷᠢᠰᠢᠭᠤᠯᠤᠯ ᠤᠨ ᠪᠦᠲᠦᠴᠡ ᠨᠢ ᠲᠠᠰᠤᠷᠠᠯᠲᠠ ᠦᠭᠡᠢ ᠰᠢᠯᠢᠳᠡᠭᠵᠢᠵᠦ᠂ | ᠬᠡᠪᠴᠢᠶ᠎ᠡ ᠪᠠ ᠪᠣᠳᠠᠲᠤ ᠬᠦᠴᠦᠨ ᠨᠢ ᠤᠯᠠᠮ ᠴᠢᠨᠠᠭᠰᠢᠳᠠ ᠴᠢᠩᠭᠠᠷᠠᠵᠤ᠂ ᠬᠥᠭᠵᠢᠯᠲᠡ ᠶᠢᠨ ᠶᠠᠰᠤ ᠴᠢᠨᠠᠷ ᠨᠢ | ᠤᠯᠠᠮ ᠨᠢᠭᠡ ᠠᠯᠬᠤᠮ ᠳᠡᠭᠡᠭᠰᠢᠯᠡᠨ᠂ ᠡᠯ᠎ᠡ ᠵᠦᠢᠯ ᠤᠨ ᠥᠭᠡᠷᠡᠴᠢᠯᠡᠯᠲᠡ ᠬᠥᠭᠵᠢᠯᠲᠡ ᠶᠢᠨ ᠠᠵᠢᠯ ᠨᠢ ᠢᠳᠡᠪᠬᠢᠲᠡᠢ | ᠦᠷ᠎ᠡ ᠪᠦᠲᠦᠮᠵᠢ ᠣᠯᠵᠠᠢ᠃ ᠭᠡᠲᠡᠯ᠎ᠡ ᠶᠡᠷᠦᠩᠬᠡᠢ ᠳᠤ ᠨᠢ ᠠᠪᠴᠤ ᠦᠵᠡᠪᠡᠯ᠂ ᠮᠠᠨ ᠤ ᠣᠷᠣᠨ ᠤ ᠤᠯᠤᠰ ᠤᠨ | ᠥᠮᠴᠢᠯᠡᠯᠲᠦ ᠬᠥᠷᠥᠩᠭᠡ ᠶᠢᠨ ᠶᠡᠷᠦᠩᠬᠡᠢ ᠬᠡᠮᠵᠢᠶ᠎ᠡ ᠨᠢ ᠪᠠᠭ᠎ᠠ᠂ ᠡᠳ᠋ ᠬᠥᠷᠥᠩᠭᠡ ᠶᠢ ᠲᠡᠮᠳᠡᠭᠲᠦ ᠪᠣᠯᠭᠠᠭᠰᠠᠨ ᠨᠣᠷᠮ᠎ᠠ | ᠨᠢ ᠳᠣᠣᠷ᠎ᠠ᠂ ᠠᠵᠤ ᠦᠢᠯᠡᠰ ᠤᠨ ᠪᠦᠲᠦᠴᠡ ᠨᠢ ᠨᠡᠯᠢᠶᠡᠳ ᠳᠠᠩ ᠴᠤᠯᠭᠤᠢ᠂ ᠲᠤᠯᠭᠠᠭᠤᠷᠢᠯᠠᠵᠤ ᠬᠥᠲᠥᠯᠥᠨ | ᠳᠠᠭᠠᠭᠤᠯᠬᠤ ᠦᠢᠯᠡᠳᠦᠯ ᠢ ᠨᠢ ᠭᠦᠢᠴᠡᠳ ᠪᠠᠳᠠᠷᠠᠭᠤᠯᠤᠭᠰᠠᠨ ᠦᠭᠡᠢ ᠠᠰᠠᠭᠤᠳᠠᠯ ᠨᠢ ᠮᠥᠨ ᠬᠦ ᠲᠣᠪᠣᠶᠢᠮ᠎ᠠ | ᠪᠠᠶᠢᠨ᠎ᠠ᠃ 2016 ᠣᠨ ᠳᠤ ᠪᠦᠷᠢᠳᠬᠡᠭᠰᠡᠨ ᠲᠤᠭ᠎ᠠ ᠪᠠᠷᠢᠮᠲᠠ ᠶᠢᠨ ᠢᠯᠡᠷᠡᠭᠦᠯᠦᠭᠰᠡᠨ ᠢᠶᠠᠷ᠂ ᠥᠪᠡᠷᠲᠡᠭᠡᠨ | ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ ᠵᠥᠪᠯᠡᠯ ᠤᠨ ᠬᠢᠨᠠᠨ | ᠬᠠᠮᠢᠶᠠᠷᠴᠤ ᠪᠠᠶᠢᠭ᠎ᠠ ᠠᠵᠤ ᠠᠬᠤᠶᠢᠯᠠᠯ ᠳᠣᠲᠣᠷ᠎ᠠ᠂ ᠡᠳ᠋ ᠬᠥᠷᠥᠩᠭᠡ ᠶᠢᠨ ᠬᠡᠪᠴᠢᠶᠡᠵᠢᠯ ᠨᠢ 1500 ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ ᠵᠥᠪᠬᠡᠨ 1 ᠪᠠᠶᠢᠵᠤ᠂ 500 — 1000 ᠳ᠋ᠦᠩᠰᠢᠭᠤᠷ | ᠲᠥᠭᠦᠷᠢᠭ ᠤᠨ ᠠᠵᠤ ᠠᠬᠤᠶᠢᠯᠠᠯ 1᠂ 100 — 500 ᠳ᠋ᠦᠩᠰᠢᠭᠤᠷ ᠲᠥᠭᠦᠷᠢᠭ ᠤᠨ ᠠᠵᠤ ᠠᠬᠤᠶᠢᠯᠠᠯ 2᠂ | 100 ᠳ᠋ᠦᠩᠰᠢᠭᠤᠷ ᠲᠥᠭᠦᠷᠢᠭ ᠠᠴᠠ ᠳᠣᠷᠣᠭᠰᠢᠬᠢ ᠠᠵᠤ ᠠᠬᠤᠶᠢᠯᠠᠯ 8 ᠪᠠᠶᠢᠨ᠎ᠠ᠃ ᠡᠭᠦᠨ ᠤ ᠬᠠᠮᠲᠤ᠂ | ᠲᠥᠪ ᠤᠨ ᠠᠵᠤ ᠠᠬᠤᠶᠢᠯᠠᠯ ᠪᠠ ᠬᠥᠭᠵᠢᠭᠰᠡᠨ ᠮᠤᠵᠢ ︵ᠣᠷᠣᠨ᠂ ᠬᠤᠲᠠ︶ ᠶᠢᠨ ᠬᠢᠨ ᠣᠶᠢᠷ᠎ᠠ ᠶᠢᠨ | ᠵᠢᠯ ᠤᠳ ᠲᠤ ᠤᠯᠤᠰ ᠤᠨ ᠥᠮᠴᠢᠯᠡᠯᠲᠦ ᠬᠥᠷᠥᠩᠭᠡ ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ | ᠪᠤᠵᠠᠭᠠᠶᠢᠷᠠᠭᠤᠯᠬᠤ ᠪᠠᠷ ᠬᠠᠷᠠᠯᠲᠠ ᠪᠣᠯᠭᠠᠵᠤ᠂ ᠠᠵᠤ ᠠᠬᠤᠶᠢᠯᠠᠯ ᠤᠨ ᠬᠤᠭᠤᠷᠣᠨᠳᠤ ᠰᠢᠯᠢᠳᠡᠭᠵᠢᠭᠦᠯᠵᠦ ᠳᠠᠬᠢᠨ | ᠵᠣᠬᠢᠶᠠᠨ ᠪᠠᠶᠢᠭᠤᠯᠵᠤ ᠡᠮᠬᠢᠯᠡᠨ ᠨᠡᠶᠢᠯᠡᠭᠦᠯᠬᠦ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠤᠭᠰᠠᠨ ᠠᠴᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ | ᠵᠥᠪᠯᠡᠯ ᠤᠨ ᠬᠢᠨᠠᠨ ᠬᠠᠮᠢᠶᠠᠷᠴᠤ ᠪᠠᠶᠢᠭ᠎ᠠ ᠲᠥᠪ ᠤᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠨᠢ ᠬᠠᠮᠤᠭ ᠤᠨ | ᠠᠩᠬᠠᠨ ᠤ 196 ᠠᠴᠠ ᠪᠠᠭᠠᠰᠤᠭᠠᠳ ᠣᠳᠣᠬᠠᠨ ᠳᠤ 97 ᠪᠣᠯᠵᠤ᠂ ᠬᠥᠭᠵᠢᠭᠰᠡᠨ ᠮᠤᠵᠢ ︵ᠣᠷᠣᠨ᠂ ᠬᠤᠲᠠ︶ | ᠨᠤᠭᠤᠳ ᠴᠤ ᠮᠤᠵᠢ ᠶᠢᠨ ᠬᠠᠷᠢᠶᠠᠲᠤ ᠨᠢᠭᠡ ᠶᠡᠭᠡ ᠪᠦᠯᠦᠭ ᠠᠵᠤ ᠠᠬᠤᠶᠢᠯᠠᠯ ᠢ ᠳᠠᠬᠢᠨ ᠪᠠᠶᠢᠭᠤᠯᠵᠤ ᠡᠮᠬᠢᠯᠡᠨ | ᠴᠡᠭᠴᠡᠯᠡᠬᠦ ᠶᠢ ᠠᠬᠢᠭᠤᠯᠤᠨ ᠬᠡᠷᠡᠭᠵᠢᠭᠦᠯᠵᠦ᠂ ᠤᠯᠤᠰ ᠤᠨ ᠥᠮᠴᠢᠯᠡᠯᠲᠦ ᠬᠥᠷᠥᠩᠭᠡ ᠶᠢᠨ ᠪᠠᠶᠢᠷᠢᠰᠢᠭᠤᠯᠤᠯ ᠤᠨ | ᠪᠦᠲᠦᠴᠡ ᠶᠢ ᠲᠠᠰᠤᠷᠠᠯᠲᠠ ᠦᠭᠡᠢ ᠲᠣᠬᠢᠷᠠᠭᠤᠯᠤᠨ ᠰᠢᠯᠢᠳᠡᠭᠵᠢᠭᠦᠯᠦᠭᠰᠡᠨ ᠠᠴᠠ᠂ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠠᠮᠢᠵᠢᠷᠠᠯ ᠤᠨ ᠬᠦᠴᠦᠨ᠂ ᠡᠵᠡᠮᠳᠡᠬᠦ ᠬᠦᠴᠦᠨ᠂ ᠨᠥᠯᠥᠭᠡᠯᠡᠬᠦ ᠬᠦᠴᠦᠨ ᠨᠢ ᠢᠯᠡᠳᠲᠡ ᠴᠢᠩᠭᠠᠷᠠᠪᠠ᠃ | ᠥᠪᠡᠷᠲᠡᠭᠡᠨ ᠵᠠᠰᠠᠬᠤ ᠣᠷᠣᠨ ᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠦᠲᠦᠴᠡ ᠶᠢ ᠲᠣᠬᠢᠷᠠᠭᠤᠯᠬᠤ ᠶᠢ ᠤᠯᠠᠮ ᠴᠢᠨᠠᠭᠰᠢᠳᠠ ᠠᠬᠢᠭᠤᠯᠵᠤ᠂ | ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠬᠥᠷᠥᠩᠭᠡ ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ | ᠪᠤᠵᠠᠭᠠᠶᠢᠷᠠᠭᠤᠯᠬᠤ ᠶᠢᠨ ᠲᠥᠯᠥᠭᠡ᠂ ︽ᠲᠥᠪ ᠤᠨ ᠠᠵᠤ ᠠᠬᠤᠶᠢᠯᠠᠯ ᠤᠨ ᠪᠦᠲᠦᠴᠡ ᠶᠢ ᠲᠣᠬᠢᠷᠠᠭᠤᠯᠬᠤ ᠬᠢᠭᠡᠳ | ᠳᠠᠬᠢᠨ ᠵᠣᠬᠢᠶᠠᠨ ᠪᠠᠶᠢᠭᠤᠯᠬᠤ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2016﹈ 56 ᠳ᠋ᠤᠭᠠᠷ ᠲᠣᠭᠠᠲᠤ︶ | ᠢᠶᠠᠷ ᠯᠠᠪᠯᠠᠯᠲᠠ ᠪᠣᠯᠭᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠲᠤᠰ ︽ᠬᠡᠷᠡᠭᠵᠢᠭᠦᠯᠬᠦ ᠰᠠᠨᠠᠯ︾ ᠢ ᠰᠤᠳᠤᠯᠤᠨ ᠲᠣᠭᠲᠠᠭᠠᠭᠰᠠᠨ ᠪᠠᠶᠢᠨ᠎ᠠ᠃ | ᠬᠤᠶᠠᠷ᠂ ᠭᠤᠣᠯ ᠬᠠᠷᠠᠯᠲᠠ ᠨᠢ ᠶᠠᠭᠤ ᠪᠣᠢ︖ | ︽ᠬᠡᠷᠡᠭᠵᠢᠭᠦᠯᠬᠦ ᠰᠠᠨᠠᠯ︾ ᠳᠤ ᠳᠤᠷᠠᠳᠤᠭᠰᠠᠨ ᠬᠠᠷᠠᠯᠲᠠ ᠶᠣᠰᠣᠭᠠᠷ᠂ 2020 ᠣᠨ ᠪᠣᠯᠲᠠᠯ᠎ᠠ᠂ | ᠥᠪᠡᠷᠲᠡᠭᠡᠨ ᠵᠠᠰᠠᠬᠤ ᠣᠷᠣᠨ ᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠨᠡᠩ ᠣᠨᠣᠪᠴᠢᠲᠠᠢ ᠪᠣᠯᠭᠠᠵᠤ᠂ ᠭᠤᠣᠯ ᠪᠣᠯᠬᠤ ᠦᠢᠯᠡᠰ ᠢ | ᠨᠡᠩ ᠲᠣᠪᠣᠶᠢᠯᠭᠠᠨ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠴᠠ ᠶᠢ ᠨᠢ ᠲᠠᠰᠤᠷᠠᠯᠲᠠ ᠦᠭᠡᠢ | ᠲᠦᠷᠭᠡᠳᠬᠡᠵᠦ᠂ ᠠᠰᠢᠭ ᠣᠷᠣᠯᠭ᠎ᠠ ᠣᠯᠬᠤ ᠴᠢᠳᠠᠪᠤᠷᠢ ᠬᠢᠭᠡᠳ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠢ | ᠦᠷᠭᠦᠯᠵᠢᠯᠡᠨ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠢ ᠶᠢᠨ | ᠪᠠᠶᠢᠷᠢᠰᠢᠭᠤᠯᠤᠯ ᠤᠨ ᠪᠦᠲᠦᠴᠡ ᠶᠢ ᠨᠡᠩ ᠵᠦᠢ ᠵᠣᠬᠢᠰᠲᠠᠢ ᠪᠣᠯᠭᠠᠵᠤ᠂ ᠤᠯᠤᠰ ᠤᠨ ᠥᠮᠴᠢᠯᠡᠯᠲᠦ ᠬᠥᠷᠥᠩᠭᠡ ᠶᠢ | ᠲᠣᠬᠢᠷᠠᠭᠤᠯᠬᠤ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠦᠨ᠎ᠡ᠃ 2025 ᠣᠨ ᠪᠣᠯᠲᠠᠯ᠎ᠠ᠂ ᠥᠪᠡᠷᠲᠡᠭᠡᠨ | ᠵᠠᠰᠠᠬᠤ ᠣᠷᠣᠨ ᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠢᠳᠠᠮᠵᠢ | ᠦᠢᠯᠡᠳᠦᠯ ᠢ ᠪᠦᠲᠦᠮᠵᠢᠲᠡᠢ ᠪᠠᠳᠠᠷᠠᠭᠤᠯᠵᠤ᠂ ᠰᠢᠨ᠎ᠡ ᠶᠢ ᠡᠭᠦᠳᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ | ᠬᠥᠭᠵᠢᠯᠲᠡ ᠶᠢᠨ ᠶᠠᠰᠤ ᠴᠢᠨᠠᠷ ᠢ ᠢᠯᠡᠷᠬᠡᠢ ᠳᠡᠭᠡᠭᠰᠢᠯᠡᠭᠦᠯᠦᠨ᠂ ᠤᠯᠤᠰ ᠤᠨ ᠳᠣᠲᠣᠭᠠᠳᠤ ᠳᠤ ᠨᠡᠯᠢᠶᠡᠳ ᠴᠢᠩᠭ᠎ᠠ | ᠰᠢᠨ᠎ᠡ ᠶᠢ ᠡᠭᠦᠳᠬᠦ ᠴᠢᠳᠠᠪᠤᠷᠢ ᠪᠠ ᠥᠷᠢᠰᠦᠯᠳᠦᠬᠦ ᠴᠢᠳᠠᠪᠤᠷᠢ ᠲᠠᠢ ᠨᠢᠭᠡ ᠪᠦᠯᠦᠭ ᠲᠡᠷᠢᠭᠦᠨ ᠤ ᠠᠵᠤ ᠠᠬᠤᠶᠢᠯᠠᠯ ᠢ | ᠬᠥᠮᠥᠵᠢᠭᠦᠯᠦᠨ ᠪᠣᠶᠢᠵᠢᠭᠤᠯᠤᠨ᠎ᠠ︔ ᠤᠯᠤᠰ ᠤᠨ ᠥᠮᠴᠢᠯᠡᠯᠲᠦ ᠠᠵᠤ ᠠᠬᠤᠢ ᠶᠢᠨ ᠪᠠᠶᠢᠷᠢᠰᠢᠭᠤᠯᠤᠯ ᠤᠨ | ᠪᠦᠲᠦᠴᠡ ᠶᠢ ᠨᠡᠩ ᠰᠢᠯᠢᠳᠡᠭᠵᠢᠭᠦᠯᠵᠦ᠂ ᠤᠯᠤᠰ ᠤᠨ ᠥᠮᠴᠢᠯᠡᠯᠲᠦ ᠬᠥᠷᠥᠩᠭᠡ ᠶᠢ ᠲᠣᠬᠢᠷᠠᠭᠤᠯᠬᠤ ᠦᠷ᠎ᠡ | ᠪᠦᠲᠦᠮᠵᠢ ᠶᠢ ᠢᠯᠡᠳᠲᠡ ᠳᠡᠭᠡᠭᠰᠢᠯᠡᠭᠦᠯᠦᠨ᠎ᠡ᠃ | ᠭᠤᠷᠪᠠ᠂ ︽ᠬᠡᠷᠡᠭᠵᠢᠭᠦᠯᠬᠦ ᠰᠠᠨᠠᠯ︾ ᠤᠨ ᠭᠤᠣᠯ ᠠᠭᠤᠯᠭ᠎ᠠ ᠨᠢ ᠶᠠᠭᠤ ᠪᠣᠢ︖ | ︽ᠬᠡᠷᠡᠭᠵᠢᠭᠦᠯᠬᠦ ᠰᠠᠨᠠᠯ︾ ᠢ ᠶᠡᠷᠦᠩᠬᠡᠢ ᠳᠤ ᠨᠢ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ | ᠭᠤᠣᠯ ᠬᠠᠷᠠᠯᠲᠠ᠂ ᠭᠤᠣᠯᠳᠠᠯᠭᠠᠲᠤ ᠡᠭᠦᠷᠭᠡ ᠪᠠ ᠪᠠᠲᠤᠯᠠᠬᠤ ᠠᠷᠭ᠎ᠠ ᠬᠡᠮᠵᠢᠶ᠎ᠡ ᠭᠡᠬᠦ ᠲᠠᠪᠤᠨ ᠬᠡᠰᠡᠭ ᠬᠤᠪᠢᠶᠠᠨ᠎ᠠ᠃ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠠᠬᠢᠭᠤᠯᠬᠤ ᠪᠠᠷ ᠭᠤᠣᠯ ᠱᠤᠭᠤᠮ ᠪᠣᠯᠭᠠᠨ᠂ ᠶᠠᠰᠤ ᠴᠢᠨᠠᠷ ᠢ ᠲᠡᠷᠢᠭᠦᠨ ᠳᠤ ᠲᠠᠯᠪᠢᠵᠤ᠂ ᠦᠷ᠎ᠡ | ᠠᠰᠢᠭ ᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ ᠶᠠᠰᠤ ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ ᠶᠢᠨ | ᠬᠤᠪᠢᠰᠤᠯᠲᠠ᠂ ᠬᠥᠳᠡᠯᠭᠡᠭᠴᠢ ᠬᠦᠴᠦᠨ ᠤ ᠬᠤᠪᠢᠰᠤᠯᠲᠠ ᠶᠢ ᠢᠳᠡᠪᠬᠢᠲᠡᠢ ᠠᠬᠢᠭᠤᠯᠵᠤ᠂ ᠲᠡᠷᠢᠭᠦᠨ ᠤ ᠤᠯᠤᠰ ᠤᠨ | ᠥᠮᠴᠢᠯᠡᠯᠲᠦ ᠠᠵᠤ ᠠᠬᠤᠶᠢᠯᠠᠯ ᠢ ᠲᠦᠷᠭᠡᠳᠬᠡᠨ ᠪᠣᠶᠢᠵᠢᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠶᠢ | ᠴᠢᠨᠠᠷᠯᠢᠭ ᠰᠢᠯᠢᠳᠡᠭ ᠮᠥᠷᠲᠡᠭᠡᠨ ᠶᠡᠭᠡ ᠪᠠᠷ ᠬᠢᠵᠦ᠂ ᠤᠯᠤᠰ ᠤᠨ ᠥᠮᠴᠢᠯᠡᠯᠲᠦ ᠬᠥᠷᠥᠩᠭᠡ ᠶᠢᠨ ᠠᠵᠤ ᠠᠬᠤᠢ ᠶᠢᠨ | ᠴᠢᠨᠠᠷᠯᠢᠭ ᠬᠥᠭᠵᠢᠯᠲᠡ ᠳᠤ ᠦᠵᠡᠭᠦᠯᠬᠦ ᠲᠤᠯᠭᠠᠭᠤᠷᠢᠯᠠᠵᠤ ᠬᠥᠲᠥᠯᠥᠨ ᠳᠠᠭᠠᠭᠤᠯᠬᠤ ᠦᠢᠯᠡᠳᠦᠯ ᠢ ᠦᠨᠡᠨ ᠬᠦ | ᠪᠠᠳᠠᠷᠠᠭᠤᠯᠤᠨ᠎ᠠ᠃ | ︵ᠬᠤᠶᠠᠷ︶ ᠦᠨᠳᠦᠰᠦᠨ ᠵᠠᠷᠴᠢᠮ | ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠵᠢᠮ᠎ᠡ ᠶᠣᠰᠣ ᠪᠠ | ᠠᠵᠤ ᠠᠬᠤᠶᠢᠯᠠᠯ ᠤᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠲᠠᠢ | ᠤᠶᠠᠯᠳᠤᠭᠤᠯᠬᠤ ᠶᠢ ᠪᠠᠷᠢᠮᠲᠠᠯᠠᠨ᠂ ᠬᠠᠤᠯᠢ ᠶᠣᠰᠣᠭᠠᠷ ᠵᠢᠷᠤᠮᠵᠢᠯ ᠲᠠᠢ ᠡᠮᠬᠢ ᠵᠢᠷᠤᠮ ᠲᠠᠢ ᠬᠡᠷᠡᠭᠵᠢᠭᠦᠯᠬᠦ ᠶᠢ | ᠪᠠᠷᠢᠮᠲᠠᠯᠠᠵᠤ᠂ ᠰᠢᠰᠲ᠋ᠧᠮ ᠲᠠᠢ ᠤᠬᠠᠭᠠᠯᠠᠨ ᠲᠥᠯᠥᠪᠯᠡᠵᠦ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ | ᠪᠠᠷᠢᠮᠲᠠᠯᠠᠨ᠎ᠠ᠃ | ︵ᠭᠤᠷᠪᠠ︶ ᠭᠤᠣᠯᠳᠠᠯᠭᠠᠲᠤ ᠡᠭᠦᠷᠭᠡ | ᠨᠢᠭᠡ ᠳᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠪᠠᠲᠤᠳᠬᠠᠨ ᠪᠤᠵᠠᠭᠠᠶᠢᠷᠠᠭᠤᠯᠬᠤ ᠶᠢ | ᠠᠬᠢᠭᠤᠯᠤᠨ᠎ᠠ᠃ ᠣᠷᠣᠨ ᠤ ᠬᠠᠷᠢᠶ᠎ᠠ ᠪᠦᠬᠦᠢ ᠬᠤᠳᠠᠯᠳᠤᠭᠠᠨ ᠤ ᠥᠷᠢᠰᠦᠯᠳᠦᠭᠡᠨ ᠤ ᠲᠥᠷᠥᠯ ᠤᠨ ᠤᠯᠤᠰ ᠤᠨ | ᠥᠮᠴᠢᠯᠡᠯᠲᠦ ᠠᠵᠤ ᠠᠬᠤᠶᠢᠯᠠᠯ᠂ ᠣᠷᠣᠨ ᠤ ᠬᠠᠷᠢᠶ᠎ᠠ ᠪᠦᠬᠦᠢ ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠠᠵᠤ | ᠠᠬᠤᠶᠢᠯᠠᠯ᠂ ᠣᠷᠣᠨ ᠤ ᠬᠠᠷᠢᠶ᠎ᠠ ᠪᠦᠬᠦᠢ ᠣᠨᠴᠠᠭᠠᠢ ᠴᠢᠳᠠᠮᠵᠢ ᠶᠢᠨ ᠲᠥᠷᠥᠯ ᠤᠨ ᠤᠯᠤᠰ ᠤᠨ ᠥᠮᠴᠢᠯᠡᠯᠲᠦ ᠠᠵᠤ | ᠠᠬᠤᠶᠢᠯᠠᠯ ᠳᠤ᠂ ᠣᠷᠣᠰᠢᠵᠤ ᠪᠠᠶᠢᠭ᠎ᠠ ᠠᠵᠢᠯ ᠲᠥᠷᠥᠯ ᠤᠨ ᠬᠢᠨᠢ ᠰᠢᠨᠵᠢ ᠴᠢᠨᠠᠷ ᠪᠠ ᠠᠵᠤ ᠠᠬᠤᠶᠢᠯᠠᠯ ᠤᠨ | ᠲᠥᠷᠥᠯ ᠢᠯᠭᠠᠯ ᠤᠨ ᠵᠥᠷᠢᠶ᠎ᠡ ᠶᠢ ᠦᠨᠳᠦᠰᠦᠯᠡᠵᠦ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠵᠦ᠂ ᠳᠠᠬᠢᠨ ᠵᠣᠬᠢᠶᠠᠨ ᠪᠠᠶᠢᠭᠤᠯᠵᠤ ᠡᠮᠬᠢᠯᠡᠨ ᠨᠡᠶᠢᠯᠡᠭᠦᠯᠬᠦ ᠪᠠ ᠰᠤᠳᠤᠯᠤᠨ ᠨᠡᠭᠡᠭᠡᠵᠦ ᠣᠷᠣᠭᠤᠯᠤᠯᠲᠠ | ᠬᠢᠬᠦ ᠡᠷᠴᠢᠮ ᠢ ᠴᠢᠩᠭᠠᠷᠠᠭᠤᠯᠵᠤ᠂ ᠬᠤᠯᠢᠮᠠᠭ ᠥᠮᠴᠢᠯᠡᠯᠲᠦ ᠠᠵᠤ ᠠᠬᠤᠢ ᠶᠢ ᠬᠥᠭᠵᠢᠭᠦᠯᠦᠨ᠂ ᠬᠡᠯᠪᠡᠷᠢ ᠪᠠᠨ | ᠬᠤᠪᠢᠷᠠᠭᠤᠯᠵᠤ ᠳᠡᠰ ᠳᠡᠪᠰᠢᠬᠦ ᠶᠢ ᠠᠬᠢᠭᠤᠯᠤᠨ᠎ᠠ︔ ᠤᠯᠤᠰ ᠤᠨ ᠥᠮᠴᠢᠯᠡᠯᠲᠦ ᠬᠥᠷᠥᠩᠭᠡ ᠶᠢᠨ | ᠣᠷᠣᠭᠤᠯᠤᠯᠲᠠ ᠶᠢ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠲᠣᠭᠲᠠᠴᠠ ᠳᠤ ᠢᠳᠡᠪᠬᠢᠲᠡᠢ ᠬᠥᠲᠥᠯᠥᠨ ᠣᠷᠣᠭᠤᠯᠵᠤ᠂ | ᠰᠲ᠋ᠣᠺ ᠤᠨ ᠡᠷᠬᠡ ᠶᠢᠨ ᠣᠯᠠᠨ ᠡᠰᠢᠵᠢᠯᠲᠡ ᠶᠢ ᠠᠬᠢᠭᠤᠯᠤᠨ᠂ ᠣᠯᠠᠨ ᠨᠡᠶᠢᠲᠡ ᠶᠢᠨ ᠡᠬᠢ ᠪᠠᠶᠠᠯᠢᠭ ᠤᠨ | ᠲᠣᠬᠢᠷᠠᠭᠤᠯᠤᠯᠲᠠ ᠶᠢᠨ ᠵᠠᠬ᠎ᠠ ᠳᠡᠯᠭᠡᠭᠦᠷᠵᠢᠭᠦᠯᠦᠯᠲᠡ ᠶᠢ ᠠᠬᠢᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ | ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠦᠷᠭᠡᠨ ᠢᠶᠠᠷ ᠬᠥᠭᠵᠢᠬᠦ ᠶᠢ | ᠠᠬᠢᠭᠤᠯᠤᠨ᠎ᠠ᠃ | ᠬᠤᠶᠠᠷ ᠲᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠨᠡᠴᠢᠯᠡᠯᠲᠡ ᠬᠥᠭᠵᠢᠯᠲᠡ ᠶᠢ | ᠠᠬᠢᠭᠤᠯᠤᠨ᠎ᠠ᠃ ᠤᠯᠤᠰ ᠤᠨ ᠥᠮᠴᠢᠯᠡᠯᠲᠦ ᠬᠥᠷᠥᠩᠭᠡ ᠶᠢ ᠴᠡᠪᠡᠷ ᠡᠨᠧᠷᠭᠢ᠂ ᠰᠢᠨ᠎ᠡ ᠬᠡᠯᠪᠡᠷᠢ ᠶᠢᠨ ᠬᠢᠮᠢ ᠶᠢᠨ ᠠᠵᠤ | ᠦᠢᠯᠡᠳᠪᠦᠷᠢ᠂ ᠥᠩᠭᠡᠲᠦ ᠲᠡᠮᠦᠷᠯᠢᠭ ᠤᠨ ᠦᠢᠯᠡᠳᠪᠦᠷᠢᠯᠡᠯ ᠪᠣᠯᠪᠠᠰᠤᠷᠠᠭᠤᠯᠤᠯᠲᠠ᠂ ᠲᠣᠮᠣ ᠳ᠋ᠠᠶᠢᠲ᠋ᠠ ᠶᠢᠨ ᠡᠭᠦᠯᠡᠨ | ᠪᠣᠳᠣᠯᠲᠠ᠂ ᠮᠣᠩᠭᠤᠯ ᠬᠢᠲᠠᠳ ᠡᠮ ᠡᠮᠴᠢᠯᠡᠭᠡ᠂ ᠡᠷᠡᠭᠦᠯ ᠴᠢᠬᠢᠷᠠᠭ ᠨᠠᠰᠤᠵᠢᠯ ᠤᠨ ᠠᠰᠠᠷᠠᠮᠵᠢ᠂ ᠵᠢᠭᠤᠯᠴᠢᠯᠠᠯ | ᠵᠡᠷᠭᠡ ᠠᠵᠤ ᠦᠢᠯᠡᠰ ᠲᠤ ᠪᠠᠶᠢᠷᠢᠯᠠᠭᠤᠯᠬᠤ ᠡᠷᠴᠢᠮ ᠢ ᠴᠢᠩᠭᠠᠷᠠᠭᠤᠯᠤᠨ᠎ᠠ᠃ ᠤᠯᠤᠰ ᠤᠨ ᠥᠮᠴᠢᠯᠡᠯᠲᠦ | ᠬᠥᠷᠥᠩᠭᠡ ᠶᠢᠨ ᠪᠡᠯᠡ ᠣᠷᠣᠭᠤᠯᠬᠤ ᠪᠠ ᠠᠵᠢᠯᠯᠠᠨ ᠡᠵᠡᠩᠨᠡᠬᠦ ᠺᠣᠮᠫᠠᠨᠢ ᠶᠢ ᠥᠭᠡᠷᠡᠴᠢᠯᠡᠨ ᠵᠣᠬᠢᠶᠠᠨ ᠪᠠᠶᠢᠭᠤᠯᠵᠤ᠂ | ᠬᠤᠶᠠᠷ ᠲᠥᠷᠥᠯ ᠤᠨ ᠺᠣᠮᠫᠠᠨᠢ ᠶᠢ ᠪᠦᠲᠦᠮᠵᠢᠲᠡᠢ ᠠᠵᠢᠯᠯᠠᠭᠤᠯᠤᠨ ᠡᠵᠡᠩᠨᠡᠬᠦ ᠵᠠᠭᠪᠤᠷ ᠢ ᠬᠠᠶᠢᠨ ᠰᠦᠪᠡᠭᠴᠢᠯᠡᠵᠦ᠂ | ᠤᠯᠤᠰ ᠤᠨ ᠥᠮᠴᠢᠯᠡᠯᠲᠦ ᠬᠥᠷᠥᠩᠭᠡ ᠶᠢ ᠵᠦᠢ ᠵᠣᠬᠢᠰᠲᠠᠢ ᠰᠢᠯᠵᠢᠭᠦᠯᠬᠦ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠢᠳᠡᠪᠬᠢᠲᠡᠢ ᠪᠠᠶᠢᠭᠤᠯᠵᠤ᠂ ᠣᠷᠣᠨ ᠤ ᠬᠠᠷᠢᠶ᠎ᠠ ᠪᠦᠬᠦᠢ ᠤᠯᠤᠰ ᠤᠨ | ᠥᠮᠴᠢᠯᠡᠯᠲᠦ ᠠᠵᠤ ᠠᠬᠤᠶᠢᠯᠠᠯ ᠢ ᠬᠥᠲᠥᠯᠥᠨ ᠬᠡᠷᠡᠭᠯᠡᠭᠡᠨ ᠤ ᠰᠠᠭᠤᠷᠢ ᠰᠤᠳᠤᠯᠤᠯᠲᠠ ᠪᠠ ᠮᠡᠷᠭᠡᠵᠢᠯ ᠤᠨ ᠰᠤᠳᠤᠯᠤᠨ | ᠨᠡᠭᠡᠭᠡᠯᠲᠡ ᠶᠢ ᠴᠢᠩᠭᠠᠳᠬᠠᠵᠤ᠂ ᠠᠩᠬᠠᠨ ᠤ ᠪᠠ ᠨᠡᠶᠢᠯᠡᠮᠡᠯ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ | ᠭᠤᠷᠪᠠ ᠳᠤ᠂ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠪᠠᠷ ᠳᠠᠬᠢᠨ ᠵᠣᠬᠢᠶᠠᠨ ᠪᠠᠶᠢᠭᠤᠯᠵᠤ ᠡᠮᠬᠢᠯᠡᠨ ᠨᠡᠶᠢᠯᠡᠭᠦᠯᠬᠦ ᠶᠢ ᠠᠬᠢᠭᠤᠯᠤᠨ᠎ᠠ᠃ ᠡᠨᠧᠷᠭᠢ᠂ | ᠪᠣᠯᠣᠳ ᠲᠡᠮᠦᠷ᠂ ᠬᠤᠪᠣᠷ ᠰᠢᠷᠣᠢ᠂ ᠵᠠᠮ ᠬᠠᠷᠢᠯᠴᠠᠭ᠎ᠠ ᠵᠡᠷᠭᠡ ᠬᠦᠷᠢᠶ᠎ᠡ ᠴᠠᠷᠠᠭᠠᠨ ᠤ ᠠᠵᠤ ᠦᠢᠯᠡᠰ ᠤᠨ | ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠳᠠᠬᠢᠨ ᠵᠣᠬᠢᠶᠠᠨ | ᠪᠠᠶᠢᠭᠤᠯᠬᠤ ᠶᠢ ᠳᠡᠮᠵᠢᠵᠦ᠂ ᠠᠵᠤ ᠦᠢᠯᠡᠰ ᠤᠨ ᠪᠦᠬᠦ ᠬᠡᠯᠬᠢᠶᠡᠨ ᠤ ᠥᠷᠢᠰᠦᠯᠳᠦᠭᠡᠨ ᠤ ᠳᠠᠪᠠᠭᠤᠯᠢᠭ ᠢ ᠪᠣᠢ | ᠪᠣᠯᠭᠠᠵᠤ᠂ ᠬᠠᠮᠵᠢᠯᠴᠠᠬᠤ ᠦᠢᠯᠡᠳᠦᠯ ᠨᠥᠯᠥᠭᠡ ᠶᠢ ᠨᠡᠩ ᠰᠠᠶᠢᠲᠤᠷ ᠪᠠᠳᠠᠷᠠᠭᠤᠯᠤᠨ᠎ᠠ᠃ ᠤᠯᠤᠰ ᠤᠨ ᠥᠮᠴᠢᠯᠡᠯᠲᠦ | ᠠᠵᠤ ᠠᠬᠤᠶᠢᠯᠠᠯ ᠢ ᠡᠨᠧᠷᠭᠢ ᠠᠴᠠ ᠳᠠᠪᠠᠭᠤᠯᠢᠭ ᠠᠵᠤ ᠠᠬᠤᠶᠢᠯᠠᠯ ᠲᠡᠶᠢᠰᠢ ᠲᠥᠪᠯᠡᠷᠡᠭᠦᠯᠦᠨ᠂ ᠳᠠᠪᠠᠭᠤᠯᠢᠭ ᠠᠵᠤ | ᠠᠬᠤᠶᠢᠯᠠᠯ ᠤᠨ ᠭᠤᠣᠯ ᠪᠣᠯᠬᠤ ᠠᠵᠢᠯ ᠦᠢᠯᠡᠰ ᠲᠡᠶᠢᠰᠢ ᠲᠥᠪᠯᠡᠷᠡᠭᠦᠯᠬᠦ ᠶᠢ ᠳᠡᠮᠵᠢᠵᠦ᠂ ᠭᠠᠵᠠᠷ ᠰᠢᠷᠣᠢ᠂ | ᠠᠭᠤᠷᠬᠠᠢ ᠶᠢᠨ ᠭᠠᠷᠤᠯᠲᠠ᠂ ᠤᠰᠤᠨ ᠤ ᠡᠬᠢ ᠪᠠᠶᠠᠯᠢᠭ᠂ ᠵᠢᠭᠤᠯᠴᠢᠯᠠᠯ᠂ ᠲᠠᠷᠢᠶᠠᠯᠠᠩ ᠮᠠᠯ ᠠᠬᠤᠢ ᠵᠡᠷᠭᠡ | ᠤᠯᠤᠰ ᠤᠨ ᠥᠮᠴᠢᠯᠡᠯᠲᠦ ᠡᠬᠢ ᠪᠠᠶᠠᠯᠢᠭ ᠬᠥᠷᠥᠩᠭᠡ ᠮᠥᠩᠭᠦ ᠶᠢ ᠵᠦᠢ ᠵᠣᠬᠢᠰᠲᠠᠢ ᠰᠢᠯᠵᠢᠭᠦᠯᠵᠦ ᠰᠢᠯᠢᠳᠡᠭᠵᠢᠭᠦᠯᠦᠨ | ᠲᠣᠬᠢᠷᠠᠭᠤᠯᠬᠤ ᠶᠢ ᠠᠬᠢᠭᠤᠯᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠳᠣᠲᠣᠭᠠᠳᠤ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ | ᠠᠬᠢᠭᠤᠯᠵᠤ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠳᠡᠰ ᠳᠠᠪᠬᠤᠷᠭ᠎ᠠ ᠶᠢ ᠪᠠᠭᠠᠰᠬᠠᠵᠤ᠂ ᠬᠠᠮᠢᠶᠠᠷᠤᠨ | ᠡᠵᠡᠮᠳᠡᠬᠦ ᠵᠠᠭᠪᠤᠷ ᠬᠢᠭᠡᠳ ᠵᠣᠬᠢᠶᠠᠨ ᠪᠠᠶᠢᠭᠤᠯᠬᠤ ᠲᠥᠰᠥᠪ ᠤᠨ ᠲᠣᠬᠢᠷᠠᠭᠤᠯᠤᠯᠲᠠ ᠪᠠ ᠶᠠᠪᠤᠴᠠ ᠶᠢ ᠳᠠᠬᠢᠨ | ᠵᠣᠬᠢᠶᠠᠬᠤ ᠶᠢ ᠠᠬᠢᠭᠤᠯᠵᠤ᠂ ᠠᠵᠤ ᠠᠬᠤᠶᠢᠯᠠᠯ ᠤᠨ ᠠᠵᠢᠯᠯᠠᠭᠠᠨ ᠤ ᠦᠷ᠎ᠡ ᠪᠦᠲᠦᠮᠵᠢ ᠪᠠ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠳᠡᠭᠡᠭᠰᠢᠯᠡᠭᠦᠯᠦᠨ᠎ᠡ᠃ | ︵ᠳᠥᠷᠪᠡ︶ ᠪᠠᠲᠤᠯᠠᠬᠤ ᠠᠷᠭ᠎ᠠ ᠬᠡᠮᠵᠢᠶ᠎ᠡ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ᠂ ᠳᠡᠮᠵᠢᠬᠦ ᠡᠷᠴᠢᠮ ᠢ ᠴᠢᠩᠭᠠᠷᠠᠭᠤᠯᠬᠤ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠬᠤ | ᠵᠡᠷᠭᠡ ᠳᠥᠷᠪᠡᠨ ᠲᠠᠯ᠎ᠠ ᠪᠠᠷ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠪᠠᠶᠢᠷᠢᠰᠢᠭᠤᠯᠤᠯ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠠᠵᠢᠯ ᠤᠨ ᠪᠣᠳᠠᠲᠤ ᠦᠷ᠎ᠡ ᠪᠦᠲᠦᠮᠵᠢ | ᠣᠯᠬᠤ ᠶᠢ ᠪᠠᠲᠤᠯᠠᠬᠤ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠴᠠᠢ᠃ | ᠳᠥᠷᠪᠡ᠂ ᠬᠤᠯᠪᠣᠭᠳᠠᠬᠤ ᠬᠡᠪᠴᠢᠶ᠎ᠡ ᠨᠢ ᠶᠠᠭᠤ ᠪᠣᠢ︖ | ︽ᠬᠡᠷᠡᠭᠵᠢᠭᠦᠯᠬᠦ ᠰᠠᠨᠠᠯ︾ ᠨᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ | ᠥᠮᠴᠢᠯᠡᠯᠲᠦ ᠬᠥᠷᠥᠩᠭᠡ ᠶᠢᠨ ᠪᠠᠶᠢᠷᠢᠰᠢᠭᠤᠯᠤᠯ ᠤᠨ ᠪᠦᠲᠦᠴᠡ ᠳᠤ ᠣᠷᠣᠰᠢᠵᠤ ᠪᠠᠶᠢᠭ᠎ᠠ ᠠᠰᠠᠭᠤᠳᠠᠯ ᠳᠤ | ᠬᠠᠨᠳᠤᠭᠤᠯᠤᠨ᠂ ᠲᠣᠬᠢᠷᠠᠭᠤᠯᠤᠨ ᠰᠢᠯᠢᠳᠡᠭᠵᠢᠭᠦᠯᠬᠦ ᠬᠠᠷᠠᠯᠲᠠ᠂ ᠡᠭᠦᠷᠭᠡ ᠪᠠ ᠲᠣᠬᠢᠷᠠᠯᠴᠠᠭᠰᠠᠨ ᠠᠷᠭ᠎ᠠ ᠬᠡᠮᠵᠢᠶ᠎ᠡ ᠶᠢ | ᠳᠤᠷᠠᠳᠴᠤ᠂ ᠲᠣᠬᠢᠷᠠᠭᠤᠯᠤᠨ ᠰᠢᠯᠢᠳᠡᠭᠵᠢᠭᠦᠯᠬᠦ ᠬᠡᠪᠴᠢᠶ᠎ᠡ ᠨᠢ ᠥᠪᠡᠷᠲᠡᠭᠡᠨ ᠵᠠᠰᠠᠬᠤ ᠣᠷᠣᠨ ᠤ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠴᠤ ᠪᠠᠶᠢᠭ᠎ᠠ ᠠᠵᠤ | ᠠᠬᠤᠶᠢᠯᠠᠯ᠂ ᠵᠢᠴᠢ ᠲᠥᠪᠯᠡᠷᠡᠭᠦᠯᠵᠦ ᠨᠢᠭᠡᠳᠦᠯᠲᠡᠢ ᠬᠢᠨᠠᠨ ᠬᠠᠮᠢᠶᠠᠷᠬᠤ ᠬᠡᠪᠴᠢᠶᠡᠨ ᠳᠤ ᠣᠷᠣᠭᠤᠯᠤᠭᠰᠠᠨ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠨᠠᠶᠢᠳᠠᠨ ᠬᠢᠨᠠᠨ ᠬᠠᠮᠢᠶᠠᠷᠬᠤ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠬᠦ ᠣᠷᠣᠨ ᠤ ᠬᠠᠷᠢᠶ᠎ᠠ ᠪᠦᠬᠦᠢ ᠪᠤᠰᠤᠳ ᠤᠯᠤᠰ ᠤᠨ ᠥᠮᠴᠢᠯᠡᠯᠲᠦ ᠠᠵᠤ | ᠠᠬᠤᠶᠢᠯᠠᠯ ᠢ ᠪᠠᠭᠲᠠᠭᠠᠨ᠎ᠠ᠃ | ᠲᠠᠪᠤ᠂ ᠰᠠᠶᠢᠲᠤᠷ ᠡᠵᠡᠮᠳᠡᠬᠦ ᠴᠢᠬᠤᠯᠠᠲᠠᠢ ᠭᠤᠣᠯᠳᠠᠯᠭ᠎ᠠ ᠨᠢ ᠶᠠᠭᠤ ᠪᠣᠢ︖ | ︵ᠨᠢᠭᠡ︶ ᠬᠥᠷᠥᠩᠭᠡ ᠶᠢ ᠬᠠᠮᠢᠶᠠᠷᠬᠤ ᠪᠠᠷ ᠭᠤᠣᠯ ᠪᠣᠯᠭᠠᠨ ᠡᠭᠦᠷᠭᠡ ᠬᠠᠷᠢᠭᠤᠴᠠᠯᠭ᠎ᠠ ᠪᠠᠨ ᠲᠦᠷᠭᠡᠳᠬᠡᠨ | ᠬᠤᠪᠢᠷᠠᠭᠤᠯᠵᠤ᠂ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠬᠦ ᠪᠠᠶᠢᠷᠢ | ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ ᠤᠯᠤᠰ ᠤᠨ ᠥᠮᠴᠢᠯᠡᠯᠲᠦ ᠬᠥᠷᠥᠩᠭᠡ ᠶᠢᠨ ᠥᠮᠴᠢᠯᠡᠬᠦ ᠡᠷᠬᠡ ᠪᠠ | ᠡᠵᠡᠩᠨᠡᠬᠦ ᠡᠷᠬᠡ ᠶᠢᠨ ᠵᠠᠭᠠᠭ ᠬᠢᠵᠠᠭᠠᠷ ᠢ ᠰᠢᠨᠵᠢᠯᠡᠬᠦ ᠤᠬᠠᠭᠠᠴᠢ ᠪᠠᠷ ᠢᠯᠭᠠᠨ ᠲᠣᠭᠲᠠᠭᠠᠵᠤ᠂ ᠬᠢᠨᠠᠨ ᠬᠠᠮᠢᠶᠠᠷᠬᠤ | ᠡᠷᠬᠡ ᠶᠢᠨ ᠨᠠᠷᠢᠨ ᠬᠠᠭᠤᠳᠠᠰᠤ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠡᠭᠦᠯᠳᠡᠷᠵᠢᠭᠦᠯᠦᠨ᠎ᠡ᠃ | ︵ᠬᠤᠶᠠᠷ︶ ︽︿ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ | ᠬᠠᠷᠢᠶᠠᠨ ᠳᠠᠬᠢ ᠠᠵᠤ ᠠᠬᠤᠶᠢᠯᠠᠯ ᠢ ᠠᠩᠭᠢᠳᠠ ᠰᠠᠯᠭᠠᠨ ᠥᠭᠡᠷᠡᠴᠢᠯᠡᠯᠲᠡ ᠬᠢᠬᠦ ᠪᠠ ᠡᠵᠡᠩᠨᠡᠯᠲᠡ ᠶᠢᠨ ᠴᠢᠨᠠᠷᠲᠠᠢ | ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠥᠪᠯᠡᠷᠡᠭᠦᠯᠵᠦ ᠨᠢᠭᠡᠳᠦᠯᠲᠡᠢ ᠬᠢᠨᠠᠨ ᠬᠠᠮᠢᠶᠠᠷᠬᠤ ᠶᠢ ᠬᠡᠷᠡᠭᠵᠢᠭᠦᠯᠬᠦ | ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ︾ ︵ᠲᠢᠩᠬᠢᠮ ᠲᠠᠷᠬᠠᠭᠠᠭᠰᠠᠨ ﹇2017﹈ 15 ᠳ᠋ᠤᠭᠠᠷ ᠲᠣᠭᠠᠲᠤ︶ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠶᠢᠨ ᠴᠢᠨᠠᠷᠲᠠᠢ | ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠥᠪᠯᠡᠷᠡᠭᠦᠯᠵᠦ ᠨᠢᠭᠡᠳᠦᠯᠲᠡᠢ ᠬᠢᠨᠠᠨ ᠬᠠᠮᠢᠶᠠᠷᠬᠤ ᠶᠢ ᠠᠬᠢᠭᠤᠯᠵᠤ᠂ | ᠤᠯᠤᠰ ᠤᠨ ᠥᠮᠴᠢᠯᠡᠯᠲᠦ ᠬᠥᠷᠥᠩᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠪᠦᠲᠦᠴᠡ ᠶᠢ | ᠲᠣᠬᠢᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠᠷ ᠳᠠᠬᠢᠨ ᠵᠣᠬᠢᠶᠠᠨ ᠪᠠᠶᠢᠭᠤᠯᠵᠤ᠂ ᠤᠯᠤᠰ ᠤᠨ | ᠥᠮᠴᠢᠯᠡᠯᠲᠦ ᠬᠥᠷᠥᠩᠭᠡ ᠶᠢ ᠴᠢᠨᠠᠷᠯᠢᠭ ᠰᠢᠯᠢᠳᠡᠭ ᠮᠥᠷᠲᠡᠭᠡᠨ ᠶᠡᠭᠡ ᠪᠠᠷ ᠬᠢᠬᠦ ᠳᠤ ᠨᠥᠬᠦᠴᠡᠯ ᠡᠭᠦᠳᠴᠦ | ᠥᠭᠭᠦᠨ᠎ᠡ᠃ | ︵ᠭᠤᠷᠪᠠ︶ ᠬᠤᠯᠪᠣᠭᠳᠠᠯ ᠪᠦᠬᠦᠢ ᠡᠯ᠎ᠡ ᠰᠠᠯᠠᠭ᠎ᠠ ᠮᠥᠴᠢᠷ ᠤᠨ ᠬᠢᠨ ᠤᠯᠤᠰ ᠤᠨ ᠥᠮᠴᠢᠯᠡᠯᠲᠦ ᠠᠵᠤ | ᠠᠬᠤᠢ ᠶᠢᠨ ᠪᠠᠶᠢᠷᠢᠰᠢᠭᠤᠯᠤᠯ ᠤᠨ ᠪᠦᠲᠦᠴᠡ ᠶᠢᠨ ᠲᠣᠬᠢᠷᠠᠭᠤᠯᠤᠯᠲᠠ ᠪᠠ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠪᠣᠳᠠᠲᠠᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ | ᠰᠤᠳᠤᠯᠤᠨ ᠲᠣᠭᠲᠠᠭᠠᠬᠤ ᠶᠢᠨ ᠬᠠᠮᠲᠤ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ | |