ᠪᠦᠬᠦ ᠤᠷᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ ᠢ ᠵᠤᠬᠢᠴᠠᠭᠤᠯᠬᠤ ᠬᠠᠷᠠᠭᠠᠨ ᠲᠠᠪᠳᠠᠮᠵᠢᠳᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/5/21
           5 ᠳ᠋ᠤᠭᠠᠷ ᠰᠠᠷ᠎ᠡ ᠶᠢᠨ 20᠎ ᠤ ᠡᠳᠤᠷ᠂ ᠪᠦᠬᠦ ᠤᠷᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠎ ᠶᠢᠨ ᠠᠵᠢᠯ ᠢ ᠵᠤᠬᠢᠴᠠᠭᠤᠯᠬᠤ ᠬᠠᠷᠠᠭᠠᠨ ᠲᠠᠪᠳᠠᠮᠵᠢᠳᠤ ᠬᠤᠷᠠᠯ ᠬᠦᠬᠡᠬᠤᠳᠡ ᠳᠤ ᠬᠤᠷᠠᠯᠳᠤᠵᠤ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ ᠤᠨ ᠲᠤᠮᠳᠡ ᠤᠷᠤᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠵᠠᠰᠠᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠳ᠋ᠦᠩᠨᠡᠵᠦ᠂ ᠪᠤᠳᠠᠳᠠᠢ ᠠᠰᠠᠭᠤᠳᠠᠯ ᠢ ᠰᠤᠳᠤᠯᠤᠨ ᠶᠠᠷᠢᠯᠴᠠᠵᠤ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ ᠢ ᠬᠦᠨᠵᠡᠬᠡᠢ  ᠪᠠᠳᠤᠳᠠᠢ ᠦᠷᠨᠢᠬᠦᠯᠬᠦ ᠶᠢ ᠠᠬᠢᠭᠤᠯᠵᠡᠢ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠭᠡᠰᠢᠬᠦᠨ᠂ ᠦᠪᠡᠷᠲᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠡᠷᠢᠬᠦᠯᠡᠭᠴᠢ ᠵᠠᠩ ᠵᠢᠶᠠᠨ ᠮᠢᠨ ᠬᠤᠷᠠᠯ ᠳᠤ ᠤᠷᠤᠯᠴᠠᠨ ᠶᠠᠷᠢᠶ᠎ᠡ ᠲᠠᠯᠪᠢᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠭᠡᠯᠳᠠᠰ ᠎ ᠤᠨ ᠲᠠᠷᠤᠭ᠎ᠠ ᠽᠧᠡᠭ ᠢ ᠴᠦᠨ ᠬᠤᠷᠠᠯ ᠢ ᠡᠷᠬᠢᠯᠡᠪᠡ᠃      ᠵᠠᠩ ᠵᠢᠶᠠᠨ ᠮᠢᠨ ᠴᠢᠬᠤᠯᠠᠴᠢᠯᠠᠬᠰᠠᠨ ᠨᠢ᠂ ᠤᠳᠤᠬᠠᠨ ᠤ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠎ ᠶᠢᠨ ᠠᠵᠢᠯ ᠶᠠᠭ ᠰᠠᠶᠢᠬᠠᠨ ᠵᠠᠩᠬᠢᠯᠠᠭ᠎ᠠ ᠶᠢᠨ ᠴᠠᠭ ᠦᠶ᠎ᠡ ᠳᠤ ᠪᠠᠶᠢᠵᠤ᠂ ᠤᠷᠤᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠵᠠᠰᠠᠬᠤ ᠠᠵᠢᠯ ᠨᠢᠬᠡᠨᠳᠡ ᠪᠠᠴᠢᠮ ᠲᠤᠯᠭᠠᠮ᠎ᠡ ᠴᠠᠭ ᠦᠶ᠎ᠡ ᠳᠤ ᠣᠷᠤᠪᠠ᠂ ᠡᠯ᠎ᠡ ᠭᠠᠵᠡᠷ ᠤᠷᠤᠨ ᠡᠯ᠎ᠡ ᠰᠠᠯᠠᠭ᠎ᠠ ᠮᠦᠴᠢᠷ ᠡᠷᠬᠡᠪᠰᠢ ᠲᠠᠷᠢᠬᠢ ᠲᠤᠯᠤᠭᠠᠢ ᠪᠠᠨ ᠰᠡᠷᠬᠡᠭ ᠪᠠᠶᠢᠯᠭᠠᠬᠤ ᠶᠢ ᠪᠠᠳᠤᠯᠠᠨ᠂ ᠤᠯᠤᠰ ᠲᠦᠷᠦ ᠶᠢᠨ ᠪᠠᠶᠢᠷᠢ ᠵᠤᠬᠰᠤᠴᠡ ᠪᠠᠨ ᠲᠡᠬᠡᠭᠰᠢᠯᠡᠬᠦᠯᠵᠤ᠂ ᠴᠢᠬᠤᠯᠡ ᠶᠡᠭᠡ ᠤᠯᠤᠰ ᠲᠦᠷᠦ ᠶᠢᠨ ᠡᠬᠦᠷᠬᠡ ᠪᠠᠨ ᠪᠠᠳᠤ ᠡᠬᠦᠷᠬᠡᠯᠡᠬᠦ ᠬᠡᠷᠡᠭᠳᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠬᠦᠨᠵᠡᠬᠡᠢ ᠨᠠᠷᠢᠯᠢᠭ ᠪᠠᠶᠢᠴᠠᠭᠠᠵᠤ ᠠᠰᠠᠭᠤᠳᠠᠯ ᠢ ᠰᠢᠢᠳᠪᠤᠷᠢᠯᠡᠨ᠂ ᠤᠨᠢᠨ ᠲᠡᠬᠡᠷ᠎ᠡ ᠨᠢ ᠤᠨᠤᠪᠴᠢᠳᠠᠢ ᠲᠡᠳᠬᠦᠬᠦ ᠠᠷᠭ᠎ᠠ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠶᠠᠳᠠᠭᠤ ᠶᠢ ᠲᠡᠳᠬᠦᠬᠦ ᠪᠡᠯᠡ ᠮᠦᠩᠬᠦ ᠶᠢ ᠰᠠᠶᠢᠳᠤᠷ ᠬᠠᠮᠢᠶᠠᠷᠴᠤ᠂ ᠡᠯ᠎ᠡ ᠲᠦᠷᠦᠯ ᠎ ᠤᠨ ᠲᠦᠷᠤ ᠶᠢᠨ ᠪᠤᠳᠤᠯᠭ᠎ᠠ ᠶᠢ ᠤᠯᠠᠮ ᠨᠢᠬᠡ ᠠᠯᠬᠤᠮ ᠲᠡᠬᠦᠯᠳᠡᠷᠵᠢᠬᠦᠯᠤᠨ᠂ ᠰᠠᠬᠢᠯᠭ᠎ᠠ ᠲᠦᠷᠢᠮ ᠰᠠᠬᠢᠯᠭ᠎ᠠ ᠪᠠᠳᠤ ᠶᠢ ᠴᠢᠩᠭᠠᠳᠬᠠᠵᠤ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠡᠬᠦᠷᠬᠡ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠪᠠᠳᠤᠯᠠᠬᠤ ᠬᠡᠷᠡᠭᠳᠡᠢ︔ ᠠᠰᠠᠭᠤᠳᠠᠯ ᠪᠤᠯᠭᠠᠨ ᠢ ᠲᠤᠰ ᠲᠤᠰ ᠲᠤᠨᠢ ᠰᠢᠢᠳᠪᠤᠷᠢᠯᠠᠬᠦ᠂ ᠤᠴᠢᠷ ᠪᠤᠯᠭᠠᠨ ᠢ ᠠᠰ ᠠᠰᠳᠠᠭᠠᠨ ᠬᠢᠬᠦ ᠶᠢ ᠪᠠᠷᠢᠮᠳᠠᠯᠠᠵᠤ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ ᠢ ᠪᠦᠬᠦ ᠲᠠᠯ᠎ᠡ ᠪᠠᠷ ᠠᠬᠢᠭᠤᠯᠬᠤ᠂ ᠶᠡᠷᠤᠩᠬᠡᠢ ᠴᠤᠬᠴᠡ ᠳᠤᠨᠢ ᠲᠡᠬᠡᠭᠰᠢᠯᠡᠬᠦᠯᠬᠦ ᠶᠢ ᠠᠬᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠲᠠᠶᠢᠯᠠᠯᠳᠤᠭᠠᠨ ᠤ ᠢᠯᠠᠯᠳᠡ ᠶᠢ ᠡᠷᠡᠰ ᠲᠡᠮᠡᠴᠡᠨ ᠤᠯᠬᠤ ᠬᠡᠷᠡᠭᠳᠡᠢ ᠬᠡᠵᠡᠢ᠃      ᠽᠧᠡᠭ ᠢ ᠴᠦᠨ ᠵᠢᠭᠠᠵᠤ ᠭᠠᠷᠭᠠᠭᠰᠠᠨ ᠨᠢ᠂ ᠬᠤᠰᠢᠭᠤ ᠰᠢᠶᠠᠨ ᠳᠤ ᠰᠠᠭᠤᠭ᠎ᠠ ᠠᠵᠢᠯᠯᠠᠬᠤ ᠶᠡᠷᠤᠩᠬᠡᠢ ᠠᠩᠬᠢ ᠪᠤᠯᠤᠨ ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠪᠤᠯ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠲᠠᠶᠢᠯᠠᠯᠳᠤᠭᠠᠨ ᠪ᠊ ᠭᠤᠤᠯ ᠬᠦᠴᠦᠨ ᠮᠦᠨ᠂ ᠰᠢᠪᠳᠤᠯᠤᠯᠳᠠ ᠶᠢᠨ ᠭᠠᠪᠰᠢᠭᠠᠢ ᠠᠩᠬᠢ ᠮᠦᠨ᠂ ᠠᠵᠢᠯ ᠢᠶᠠᠨ ᠯᠠᠪᠳᠠᠭᠤᠨ ᠪᠠᠳᠤᠳᠠᠢ ᠰᠠᠶᠢᠳᠤᠷ ᠬᠢᠬᠦ ᠬᠡᠷᠡᠭᠳᠡᠢ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠡᠨᠡᠬᠦ ᠵᠠᠩᠬᠢᠯᠠᠭ᠎ᠠ ᠶᠢ ᠵᠠᠪᠠᠯ ᠴᠢᠩᠭ᠎ᠠ ᠠᠳᠬᠤᠵᠤ᠂ ᠭᠠᠴᠠᠭ᠎ᠠ ᠲᠤᠰᠬᠤᠨ ᠪ᠊ ︽ᠬᠤᠶᠡᠷ ᠵᠦᠪᠯᠡᠯ︾᠎ ᠤᠨ ᠬᠤᠭᠤᠴᠠᠭ᠎ᠠ ᠰᠤᠯᠢᠬᠤ ᠠᠵᠡ ᠲᠤᠬᠢᠶᠠᠯ ᠢ ᠠᠰᠢᠬᠯᠠᠨ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠲᠠᠶᠢᠯᠠᠯᠳᠤᠭᠠᠨ ᠪ᠊ ᠲᠠᠭᠠᠭᠤᠯᠤᠬᠴᠢ ᠡᠩᠨᠡᠭᠡ ᠶᠢ ᠪᠠᠶᠢᠭᠤᠯᠬᠤ ᠶᠢ ᠰᠠᠶᠢᠳᠤᠷ ᠠᠳᠬᠤᠵᠤ᠂ ᠶᠠᠳᠠᠭᠤ ᠬᠦᠴᠢᠷᠳᠡᠯᠳᠡᠢ ᠠᠮᠢᠳᠤᠷᠠᠯ ᠢ ᠦᠬᠡᠷᠡᠴᠢᠯᠡᠬᠦ ᠳᠤ ᠬᠦᠷᠢᠶ᠎ᠡ ᠬᠠᠰᠢᠶ᠎ᠡ ᠠᠴᠠ ᠡᠬᠢᠯᠡᠨ ᠬᠢᠳᠡᠭ ᠬᠡᠳᠡᠭ ᠢ ᠭᠤᠤᠯᠳᠠᠯᠭ᠎ᠠ ᠲᠠᠢ ᠤᠬᠠᠭᠤᠯᠤᠨ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠲᠠᠶᠢᠯᠠᠯᠳᠤᠭᠠᠨ ᠤ ᠡᠬᠦᠷᠬᠡ ᠶᠢ ᠪᠤᠳᠠᠳᠠᠢ ᠪᠠᠷ ᠡᠬᠦᠷᠬᠡᠯᠡᠨ᠂ ᠴᠢᠩᠭ᠎ᠠ ᠬᠠᠮᠢᠶᠠᠷᠴᠤ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠲᠠᠶᠢᠯᠠᠯᠳᠤᠭᠠᠨ ᠤ ᠢᠯᠡᠯᠳᠡ ᠶᠢ ᠡᠷᠡᠰ ᠲᠡᠮᠡᠴᠡᠨ ᠤᠯᠬᠤ ᠬᠡᠷᠡᠭᠳᠡᠢ ᠬᠡᠵᠡᠢ᠃      ᠬᠤᠷᠠᠯ ᠤᠨ ᠭᠤᠤᠯ ᠲᠠᠯᠠᠪᠤᠷ ᠢ ᠬᠦᠬᠡᠬᠤᠳᠡ ᠳᠤ ᠲᠤᠬᠢᠷᠠᠭᠤᠯᠵᠤ᠂ ᠡᠯ᠎ᠡ ᠠᠶᠢᠮᠠᠬ ᠬᠤᠳᠡ᠂ ᠬᠤᠰᠢᠭᠤ ᠰᠢᠶᠠᠨ ᠳᠤ ᠬᠤᠪᠢᠶᠠᠷᠢ ᠲᠠᠯᠠᠪᠤᠷ ᠲᠤᠬᠢᠷᠠᠭᠤᠯᠵᠡᠢ᠃ ᠬᠤᠷᠠᠯ ᠲᠡᠬᠡᠷ᠎ᠡ ᠡᠯ᠎ᠡ ᠬᠤᠰᠢᠭᠤ ᠰᠢᠶᠠᠨ᠂ ᠰᠤᠮᠤ ᠪᠠᠯᠭᠠᠰᠤ ᠵᠢᠴᠢ ᠭᠠᠴᠠᠭ᠎ᠠ ᠲᠤᠰᠬᠤᠨ ᠤ ᠲᠦᠯᠦᠬᠡᠯᠡᠭᠴᠢ ᠲᠤᠷᠰᠢᠯᠭ᠎ᠠ ᠪᠠᠨ ᠰᠤᠯᠢᠯᠴᠠᠠ ᠶᠠᠷᠢᠶ᠎ᠡ ᠲᠡᠯᠪᠢᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号