| | | ︽5·19 ᠤ ᠲᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠬᠦᠷᠴᠤ ᠢᠷᠡᠭᠦ ᠲᠠᠰᠢᠷᠠᠮ ᠢᠶᠠᠷ᠂ | 2018 ᠣᠨ ᠤ ᠦᠪᠦᠷ ᠮᠤᠩᠭᠤᠯ ᠤᠨ ᠴᠡᠴᠡᠭᠳᠦ ᠤᠯᠠᠷᠢᠯ ᠤᠨ ᠵᠢᠭᠤᠯᠴᠢᠯᠠᠯ ᠵᠢᠴᠢ ᠷᠠᠰᠢᠶᠠᠨ ᠤ ᠬᠢᠩᠭᠠᠨ | ᠬᠤᠷᠴᠠ ᠤᠯᠠᠭᠠᠨ ᠴᠡᠴᠡᠭ ᠤᠨ ᠨᠠᠶᠢᠷ ᠷᠠᠰᠢᠶᠠᠨ ᠤ ᠤᠯᠤᠰ ᠤᠨ ᠤᠢ ᠰᠢᠭᠤᠢ ᠶᠢᠨ ᠴᠡᠴᠡᠷᠯᠢᠭ ᠤᠨ ᠬᠤᠷᠴᠠ | ᠤᠯᠠᠭᠠᠨ ᠴᠡᠴᠡᠭ ᠤᠨ ᠨᠠᠭᠤᠷ ᠤᠨ ᠦᠵᠡᠮᠵᠢ ᠶᠢᠨ ᠤᠷᠤᠨ ᠳᠤ ᠡᠬᠢᠯᠡᠪᠡ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ | ᠲᠡᠷᠢᠭᠦᠯᠡᠭᠴᠢ ᠪᠦ᠋ ᠰᠢᠶᠤᠤ ᠯᠢᠨ ᠡᠬᠢᠯᠡᠯᠳᠡ ᠶᠢᠨ ᠶᠤᠰᠤᠯᠠᠯ ᠳᠤ ᠤᠷᠤᠯᠴᠠᠵᠠᠢ᠃ ᠦᠪᠡᠷᠳᠡᠭᠡᠨ ᠵᠠᠰᠠᠬᠤ ᠤᠷᠤᠨ ᠤ | ᠲᠡᠳ᠋ ᠲᠡᠷᠢᠭᠦᠯᠡᠭᠴᠢ ᠠᠢ ᠯᠢ ᠬᠤᠸᠠ ᠠᠵᠢᠯᠯᠠᠭ᠎ᠠ ᠡᠬᠢᠯᠡᠭᠰᠡᠨ ᠢ ᠵᠠᠷᠯᠠᠪᠠ᠃ ᠰᠤᠶᠤᠯ ᠪᠠ ᠵᠢᠭᠤᠯᠴᠢᠯᠠᠯ ᠤᠨ ᠶᠠᠮᠤᠨ | ᠤ ᠬᠤᠯᠪᠣᠭᠳᠠᠯ ᠪᠦᠬᠦᠢ ᠬᠠᠷᠢᠭᠤᠴᠠᠯᠭᠠᠳᠠᠨ᠂ ᠪᠡᠭᠡᠵᠢᠩ᠂ ᠬᠠᠷᠠᠮᠦ᠋ᠷᠡᠨ ᠵᠡᠷᠭᠡ ᠮᠤᠵᠢ ᠬᠤᠳᠠ ᠶᠢᠨ | ᠵᠢᠭᠤᠯᠴᠢᠯᠠᠯ ᠤᠨ ᠰᠠᠯᠠᠭ᠎ᠠ ᠮᠦᠴᠢᠷ ᠪᠤᠯᠤᠨ ᠵᠢᠭᠤᠯᠴᠢᠯᠠᠯ ᠤᠨ ᠠᠵᠤ ᠠᠬᠤᠢᠢᠯᠠᠯ ᠤᠨ ᠲᠦᠯᠦᠭᠡᠯᠡᠭᠴᠢ ᠵᠢᠴᠢ ᠤᠯᠤᠰ | ᠤᠨ ᠲᠤᠳᠤᠭᠠᠳᠦ ᠭᠠᠳᠠᠭᠠᠳᠦ ᠶᠢᠨ ᠵᠤᠭᠠᠴᠠᠬᠴᠢ ᠵᠡᠷᠭᠡ 2000 ᠭᠠᠷᠤᠢ ᠬᠦᠮᠦᠨ ᠡᠬᠢᠯᠡᠯᠳᠡ ᠶᠢᠨ ᠶᠤᠰᠤᠯᠠᠯ ᠤᠨ | ᠠᠵᠢᠯᠯᠠᠭ᠎ᠠ ᠳᠤ ᠤᠷᠤᠯᠴᠠᠵᠠᠢ᠃ | 2018 ᠣᠨ ᠤ ᠦᠪᠦᠷ ᠮᠤᠩᠭᠤᠯ ᠤᠨ ᠴᠡᠴᠡᠭᠳᠦ ᠤᠯᠠᠷᠢᠯ ᠤᠨ ᠵᠢᠭᠤᠯᠴᠢᠯᠠᠯ ᠵᠢᠴᠢ ᠷᠠᠰᠢᠶᠠᠨ ᠤ ᠬᠢᠩᠭᠠᠨ | ᠬᠤᠷᠴᠠ ᠤᠯᠠᠭᠠᠨ ᠴᠡᠴᠡᠭ ᠤᠨ ᠨᠠᠶᠢᠷ ᠢ ᠦᠪᠡᠷᠳᠡᠭᠡᠨ ᠵᠠᠰᠠᠬᠤ ᠤᠷᠤᠨ ᠤ ᠵᠢᠭᠤᠯᠴᠢᠯᠠᠯ ᠤᠨ ᠬᠦᠭᠵᠢᠭᠦᠯᠦᠯᠳᠡ ᠶᠢᠨ | ᠵᠦᠪᠯᠡᠯ ᠬᠢᠭᠡᠳ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠠᠴᠠ ᠭᠤᠤᠯᠯᠠᠨ ᠡᠷᠬᠢᠯᠡᠵᠤ᠂ | ᠷᠠᠰᠢᠶᠠᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠲᠠᠭᠠᠭᠠᠨ ᠡᠷᠬᠢᠯᠡᠪᠡ᠃ ᠠᠵᠢᠯᠯᠠᠭ᠎ᠠ ᠨᠢ | ᠬᠤᠷᠴᠠ ᠤᠯᠠᠭᠠᠨ ᠴᠡᠴᠡᠭ ᠢᠶᠠᠷ ᠵᠠᠭᠤᠴᠢ ᠪᠤᠯᠭᠠᠨ ᠵᠢᠭᠤᠯᠴᠢᠯᠠᠯ ᠢᠶᠠᠷ ᠠᠷᠠᠳ ᠲᠤ ᠠᠰᠢᠭ ᠬᠦᠷᠳᠡᠭᠡᠭᠦ᠂ ᠤᠯᠠᠨ | ᠲᠦᠮᠡᠨ ᠢ ᠤᠷᠤᠯᠴᠠᠭᠤᠯᠬᠤ ᠵᠤᠷᠢᠯᠳᠠ ᠶᠢ ᠲᠤᠪᠤᠶᠢᠯᠭᠠᠵᠤ᠂ ᠠᠷᠪᠠᠨ ᠲᠠᠪᠤᠳᠤᠭᠠᠷ ᠬᠤᠭᠤᠴᠠᠭᠠᠨ ᠤ ᠮᠤᠩᠭᠤᠯ | ᠦᠨᠳᠦᠰᠦᠳᠡᠨ ᠤ ᠬᠤᠪᠴᠠᠰᠦ ᠵᠠᠰᠠᠯ ᠤᠨ ᠤᠷᠠᠯᠢᠭ ᠤᠨ ᠨᠠᠶᠢᠷ ᠤᠨ ︽ᠷᠠᠰᠢᠶᠠᠨ ᠤ ᠲᠦᠷᠪᠡᠨ ᠤᠯᠠᠷᠢᠯ ᠴᠦᠮ | ᠭᠤᠶᠤᠬᠠᠨ︾ ᠬᠡᠮᠡᠬᠦ ᠪᠡᠯᠡᠳᠭᠡᠯ ᠤᠷᠤᠯᠳᠤᠭᠠᠨ᠂ ᠮᠢᠩᠭᠠᠨ ᠬᠦᠮᠦᠨ ᠬᠤᠷᠴᠠ ᠤᠯᠠᠭᠠᠨ ᠴᠡᠴᠡᠭ ᠢ ᠰᠤᠨᠢᠷᠬᠠᠬᠤ | ᠶᠠᠪᠠᠭᠠᠨ ᠠᠯᠬᠤᠬᠤ ᠤᠷᠤᠯᠳᠤᠭᠠᠨ᠂ ᠰᠡᠭᠦᠳᠡᠷᠯᠡᠬᠦ ᠤᠷᠤᠯᠳᠤᠭᠠᠨ ᠵᠢᠴᠢ ᠵᠣᠬᠢᠶᠠᠯ ᠪᠦᠲᠦᠭᠡᠯ ᠤᠨ ᠦᠵᠡᠭᠦᠯᠦᠯᠭᠡ᠂ | ᠮᠢᠩᠭᠠᠨ ᠬᠦᠮᠦᠨ ᠬᠤᠷᠴᠠ ᠤᠯᠠᠭᠠᠨ ᠴᠡᠴᠡᠭ ᠢ ᠰᠦᠯᠵᠢᠶᠡᠨ ᠳᠡᠭᠡᠷ᠎ᠡ ᠮᠠᠭᠲᠠᠬᠤ᠂ ︽ ᠥᠪᠥᠷ ᠮᠣᠩᠭᠤᠯ ᠤᠨ | ᠦᠨᠦᠷ ᠠᠮᠲᠠᠲᠠᠢ ᠢᠳᠡᠭᠡᠨ︾ ᠬᠡᠮᠡᠬᠦ ᠠᠮᠲᠠᠲᠤ ᠢᠲᠡᠭᠡᠨ ᠤ ᠡᠷᠬᠢᠮ ᠴᠠᠭ ᠬᠤᠭᠤᠴᠠᠭ᠎ᠠ᠂ ᠪᠠᠶᠢᠯᠠᠩ ᠪᠠᠯᠭᠠᠰᠤ ᠶᠢᠨ | ᠷᠠᠰᠢᠶᠠᠨ ᠤ ᠬᠤᠷᠴᠠ ᠤᠯᠠᠭᠠᠨ ᠴᠡᠴᠡᠭ ᠰᠣᠨᠢᠷᠬᠠᠬᠤ ᠵᠢᠴᠢ ᠳᠤᠭᠤᠢ ᠤᠨᠤᠵᠤ ᠤᠷᠤᠯᠳᠤᠬᠤ᠂ ᠣᠯᠠᠨ ᠤᠯᠤᠰ ᠤᠨ | ᠡᠷᠳᠡᠮ ᠰᠢᠨᠵᠢᠯᠡᠭᠡᠨ ᠤ ᠯᠡᠭᠧᠷ ᠤᠨ ᠳᠡᠭᠡᠳᠦ ᠳᠡᠰ ᠤᠨ ᠶᠠᠷᠢᠶᠠᠨ ᠤ ᠲᠠᠪᠴᠠᠩ ᠵᠡᠷᠭᠡ ᠠᠵᠢᠯᠯᠠᠭ᠎ᠠ ᠨᠤᠭᠤᠳ ᠢ | ᠡᠷᠬᠢᠯᠡᠨ ᠶᠠᠪᠤᠭᠳᠠᠭᠤᠯᠬᠤ ᠪᠤᠯᠤᠨ᠎ᠠ᠃ |