ᠮᠠᠨ ᠤ ᠣᠷᠣᠨ ᠤ 3 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠯᠤᠰ ᠤᠨ ᠭᠤᠷᠪᠠᠳᠤᠭᠠᠷ ᠪᠦᠯᠦᠭ ᠤᠨ ᠨᠡᠮᠡᠭᠳᠡᠯᠳᠦ ᠴᠠᠬᠢᠯᠭᠠᠨ ᠲᠦᠭᠡᠭᠡᠬᠦ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠪᠣᠯᠪᠠ
ᠨᠡᠶᠢᠲᠡᠯᠡᠭᠰᠡᠨ ᠴᠠᠭ᠄
2018/5/21
     ᠨᠡᠮᠡᠭᠳᠡᠯ ᠴᠠᠬᠢᠯᠭᠠᠨ ᠲᠦᠭᠡᠭᠡᠬᠦ ᠲᠣᠬᠠᠶᠢᠯᠠᠭᠰᠠᠨ ᠠᠵᠢᠯ ᠳᠤ ᠨᠡᠶᠢᠭᠡᠮ ᠤᠨ ᠬᠦᠷᠦᠩᠭᠡ ᠶᠢᠨ ᠪᠡᠯᠡ ᠣᠷᠣᠭᠤᠯᠤᠯᠲᠠ ᠶᠢ ᠤᠯᠠᠮ ᠨᠢᠭᠡ ᠠᠯᠬᠤᠮ ᠵᠣᠷᠢᠭᠵᠢᠭᠤᠯᠬᠤ ᠪᠠ ᠬᠥᠲᠥᠯᠥᠨ ᠵᠢᠯᠣᠭᠤᠳᠬᠤ ᠶᠢᠨ ᠲᠥᠯᠥᠭᠡ᠂ ᠦᠢᠷ᠎ᠠ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠡᠨᠧᠷᠭᠢ ᠶᠢᠨ  ᠲᠣᠪᠴᠢᠶ᠎ᠠ ᠬᠠᠮᠲᠤᠷᠠᠨ ︽ᠨᠡᠮᠡᠭᠳᠡᠯᠳᠦ ᠴᠠᠬᠢᠯᠭᠠᠨ ᠲᠦᠭᠡᠭᠡᠬᠦ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢ ᠵᠢᠷᠤᠮᠵᠢᠭᠤᠯᠤᠨ ᠦᠷᠨᠢᠭᠦᠯᠬᠦ ᠲᠤᠬᠠᠶ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ᠪᠦᠬᠦ ᠤᠯᠤᠰ ᠤᠨ ᠭᠤᠷᠪᠠᠳᠤᠭᠠᠷ ᠪᠦᠯᠦᠭ ᠤᠨ ᠨᠡᠮᠡᠭᠳᠡᠯᠳᠦ ᠴᠠᠬᠢᠯᠭᠠᠨ ᠲᠦᠭᠡᠭᠡᠬᠦ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠢ ᠲᠣᠭᠲᠠᠭᠠᠪᠠ᠃ ᠮᠠᠨ ᠤ ᠣᠷᠣᠨ ᠤ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤ ᠶᠢᠨ ᠠᠵᠤ ᠦᠢᠯᠡᠳᠪᠦᠷᠢ  ᠶᠢᠨ ᠬᠦᠷᠢᠶᠡᠯᠡᠩ ᠲᠣᠭᠤᠷᠢᠭ᠂ ᠠᠯᠠᠱᠠ ᠠᠶᠢᠮᠠᠭ ᠤᠨ ᠪᠠᠶ᠋ᠬᠠᠤᠪᠤᠭ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠭᠦᠶᠡᠩ ᠰᠢᠶᠠᠨ ᠤ ᠶᠢᠨ ᠱᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠭᠤᠷᠪᠠᠳᠤᠭᠠᠷ ᠪᠦᠯᠦᠭ ᠨᠡᠮᠡᠭᠳᠡᠯᠳᠦ ᠴᠠᠬᠢᠯᠭᠠᠨ ᠲᠦᠭᠡᠭᠡᠬᠦ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠢᠶᠠᠷ ᠲᠣᠭᠲᠠᠭᠠᠭᠳᠠᠪᠠ᠃ ᠣᠳᠣ ᠪᠣᠯᠬᠤ ᠳᠤ᠂ ᠮᠠᠨ ᠤ ᠣᠷᠣᠨ ᠨᠡᠮᠡᠭᠳᠡᠯᠲᠦ ᠴᠠᠬᠢᠯᠭᠠᠨ ᠲᠦᠭᠡᠭᠡᠬᠦ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢᠨ15 ᠲᠤᠷᠰᠢᠯᠲᠠ ᠶᠢᠨ ᠴᠢᠭ᠋  ᠎ ᠲᠠᠢ ᠪᠣᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号