ᠵᠠᠩ ᠵᠢᠶᠠᠨ ᠮᠢᠨ ᠤᠯᠠᠭᠠᠨᠬᠠᠳᠠ ᠬᠤᠳᠠ ᠳᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠬᠰᠠᠨ ᠨᠢ ᠭᠤᠷᠪᠡᠨ ᠶᠡᠭᠡ ᠰᠢᠪᠲᠤᠯᠤᠯᠲᠠ ᠶᠢᠨ ᠲᠠᠶᠢᠯᠠᠯᠳᠤᠭᠠᠨ ᠢ ᠡᠷᠡᠰ ᠰᠠᠶᠢᠳᠤᠷ ᠬᠢᠵᠦ ᠠᠵᠤ ᠠᠬᠤᠢ ᠶᠢᠨ ᠲᠤᠭᠳᠠᠭᠤᠨ ᠡᠷᠡᠬᠦᠯ ᠬᠦᠭᠵᠢᠯᠳᠠ ᠶᠢ ᠪᠠᠳᠤᠯᠠᠬᠤ ᠭᠡᠷᠡᠭᠲᠡᠢ
ᠨᠡᠶᠢᠲᠡᠯᠡᠭᠰᠡᠨ ᠴᠠᠭ᠄
2018/5/21
     5 ᠳ᠋ᠤᠭᠠᠷ ᠰᠠᠷ᠎ᠠ ᠶᠢᠨ 16᠎ ᠠᠴᠠ 17᠎ ᠤ ᠡᠳᠦᠷ ᠪᠤᠯᠳᠠᠯ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ  ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠦᠪᠡᠷᠲᠡᠭᠡᠨ ᠵᠠᠰᠠᠬᠤ ᠤᠷᠤᠨ ᠤ ᠪᠠᠶᠢᠡᠭᠭᠤ ᠶᠢᠨ ᠳᠡᠳ᠋ ᠲᠡᠷᠢᠬᠦᠯᠡᠭᠴᠢ ᠵᠠᠩ ᠵᠢᠶᠠᠨ ᠮᠢᠨ ᠤᠯᠠᠭᠠᠨᠬᠳᠠ ᠬᠤᠳᠠ ᠳᠤ ᠪᠠᠶᠢᠴᠠᠭᠠᠨ ᠰᠤᠳᠤᠯᠤᠯᠲᠠ ᠬᠢᠵᠦ᠂ ᠲᠦᠪ ᠤᠨ ᠪᠠ ᠦᠪᠡᠷᠲᠡᠭᠡᠨ ᠵᠠᠰᠠᠬᠤ ᠤᠷᠤᠨ ᠤ ᠠᠵᠢᠯ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠭᠤᠷᠪᠡᠨ ᠶᠡᠭᠡ ᠰᠢᠪᠲᠤᠯᠤᠯᠲᠠ ᠶᠢᠨ ᠲᠠᠶᠢᠯᠠᠯᠳᠤᠭᠠᠨ ᠢ ᠡᠷᠡᠰ ᠬᠦᠴᠦᠳᠠᠢ ᠰᠠᠶᠢᠳᠤᠷ ᠬᠢᠵᠦ᠂ ᠠᠵᠤ ᠠᠬᠤᠢ ᠶᠢᠨ ᠲᠤᠭᠳᠠᠭᠤᠨ ᠡᠷᠡᠬᠦᠯ ᠬᠦᠭᠵᠢᠯᠳᠠ ᠶᠢ ᠪᠠᠳᠤᠯᠠᠬᠤ ᠭᠡᠷᠡᠭᠲᠡᠢ ᠭᠡᠵᠦ ᠴᠢᠬᠤᠯᠠᠴᠢᠯᠠᠪᠠ᠃      ᠵᠠᠩ ᠵᠢᠶᠠᠨ ᠮᠢᠨ ᠤᠷᠢᠳ ᠬᠤᠵᠢᠳ ᠤᠩᠨᠢᠭᠤᠳ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠯᠢᠨᠰᠢ ᠰᠢᠶᠠᠨ ᠵᠡᠷᠭᠡ ᠤᠯᠤᠰ ᠤᠨ ᠲᠡᠰ ᠤᠨ ᠶᠠᠳᠠᠭᠤ ᠬᠦᠴᠢᠷᠳᠡᠯᠳᠠᠢ ᠭᠤᠷᠪᠡᠨ ᠬᠤᠰᠢᠭᠤ ᠰᠢᠶᠠᠨ ᠢᠶᠠᠷ ᠬᠦᠨᠵᠡᠭᠡᠶᠢᠷᠡᠵᠦ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠭᠤᠤᠯᠳᠠᠯᠭ᠎ᠠ ᠲᠠᠢ ᠰᠢᠮᠳᠠᠭᠤᠯᠤᠨ ᠵᠢᠯᠤᠭᠤᠳᠴᠦ ᠪᠠᠶᠢᠴᠠᠭᠠᠨ ᠰᠤᠳᠤᠯᠤᠯᠲᠠ ᠬᠢᠵᠦ᠂ ᠱᠤᠤ ᠪᠤᠭᠤ ᠶᠢᠨ ᠲᠡᠵᠢᠭᠡᠪᠦᠷᠢ ᠶᠢᠨ ᠰᠠᠭᠤᠷᠢᠨ᠂ ᠢᠳᠡᠰᠢᠨ ᠬᠤᠨᠢᠨ ᠤ ᠶᠠᠳᠠᠭᠤ ᠶᠢ ᠳᠡᠳᠬᠦᠬᠦ ᠠᠵᠤ ᠦᠢᠯᠡᠰ ᠤᠨ ᠬᠦᠷᠢᠶᠡᠯᠡᠩ᠂ ᠲᠦᠮᠦᠰᠦᠨ ᠤ ᠠᠵᠤ ᠦᠢᠯᠡᠰ ᠤᠨ ᠰᠠᠭᠤᠷᠢᠨ ᠪᠠ ︽ᠭᠡᠭᠡᠷ᠎ᠠ ᠶᠢᠨ ᠵᠢᠮᠢᠰ ᠢᠶᠠᠷ ᠠᠷᠠᠳ ᠢ ᠪᠠᠶᠠᠵᠢᠭᠤᠯᠬᠤ︾ ᠰᠠᠭᠤᠷᠢᠨ ᠵᠢᠴᠢ ᠳ᠋ᠧ ᠴᠢᠩ ᠶᠤᠸᠠᠨ ᠤ ︽ᠠᠯᠳᠠᠨ ᠲᠠᠬᠢᠶ᠎ᠠ ᠪᠠᠷ ᠠᠷᠠᠳ ᠢ ᠪᠠᠶᠠᠵᠢᠭᠤᠯᠬᠤ︾ ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠳᠡᠭᠡᠨ᠂ ᠲᠡᠷᠡ ᠠᠵᠤ ᠠᠬᠤᠶᠢᠯᠠᠯ ᠤᠨ ᠡᠵᠡᠩᠨᠡᠯᠳᠠ ᠪᠠ ᠤᠯᠠᠨ ᠲᠦᠮᠡᠨ ᠢ ᠲᠠᠭᠠᠭᠤᠯᠤᠨ ᠶᠠᠳᠠᠭᠤ ᠠᠴᠠ ᠠᠩᠭᠢᠵᠢᠷᠠᠭᠤᠯᠵᠤ ᠪᠠᠶᠢᠭ᠎ᠠ ᠪᠠᠶᠢᠳᠠᠯ ᠢ ᠨᠠᠷᠢᠨ ᠠᠰᠠᠭᠤᠭᠠᠳ᠂ ᠠᠵᠤ ᠦᠢᠯᠡᠰ ᠤᠨ ᠶᠠᠳᠠᠭᠤ ᠬᠦᠴᠢᠷᠳᠡᠯᠳᠠᠢ ᠤᠯᠠᠨ ᠲᠦᠮᠡᠨ ᠢ ᠳᠠᠶᠢᠴᠢᠯᠠᠨ ᠳᠠᠭᠠᠭᠤᠯᠬᠤ ᠲᠤᠭᠳᠠᠴᠠ ᠶᠢ ᠳᠡᠬᠦᠯᠳᠡᠷᠵᠢᠬᠦᠯᠵᠦ᠂ ᠲᠦᠷᠦᠯ ᠵᠦᠢᠯ ᠢ ᠳᠠᠳᠠᠨ ᠠᠪᠴᠢᠷᠠᠬᠤ ᠬᠦᠴᠦᠯᠡᠴᠡ ᠶᠢ ᠨᠡᠮᠡᠭᠳᠡᠬᠦᠯᠵᠦ᠂ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠳᠡᠳᠬᠦᠬᠦ᠂ ᠦᠨᠳᠦᠰᠦ ᠠᠴᠠ ᠨᠢ ᠶᠠᠳᠠᠭᠤ ᠶᠢ ᠳᠡᠳᠬᠦᠬᠦ ᠶᠢ ᠪᠡᠶᠡᠯᠡᠬᠦᠯᠬᠦ ᠭᠡᠷᠡᠭᠲᠡᠢ ᠭᠡᠵᠦ ᠱᠠᠭᠠᠷᠳᠠᠪᠠ᠃ ᠶᠠᠳᠠᠭᠤ ᠬᠦᠴᠢᠷᠳᠡᠯᠳᠠᠢ ᠡᠷᠦᠭᠡ ᠪᠠ ᠲᠤᠶᠢᠯ ᠎ ᠤᠨ ᠣᠨᠣᠪᠴᠢᠲᠠᠢ ᠪᠠᠷ ᠶᠠᠳᠠᠭᠤ ᠶᠢ ᠳᠡᠳᠬᠦᠬᠦ ᠲᠤᠮᠤ ᠳ᠋ᠠᠶᠢᠲ᠋ᠠ ᠶᠢᠨ ᠲᠦᠪ ᠲᠤ ᠬᠦᠷᠴᠦ᠂ ᠵᠠᠩ ᠵᠢᠶᠠᠨ ᠮᠢᠨ ᠶᠠᠳᠠᠭᠤ ᠬᠦᠴᠢᠷᠳᠡᠯᠳᠠᠢ ᠡᠷᠦᠭᠡ ᠶᠢᠨ ᠶᠠᠳᠠᠭᠤ ᠠᠴᠠ ᠠᠩᠬᠢᠵᠢᠷᠠᠭᠰᠠᠨ ᠪᠠᠶᠢᠳᠠᠯ ᠢ ᠰᠤᠭᠤᠴᠢᠨ ᠪᠠᠶᠢᠴᠠᠭᠠᠵᠦ᠂ ᠡᠯ᠎ᠠ ᠱᠠᠳᠤᠨ ᠤ ᠺᠠᠳ᠋ᠷ ᠲᠤ ᠣᠨᠣᠪᠴᠢᠲᠠᠢ ᠪᠠᠶᠢᠯᠭᠠᠬᠤ ᠶᠢᠨ ᠤᠳᠬ᠎ᠠ ᠶᠢ ᠡᠵᠡᠮᠳᠡᠵᠦ᠂ ︽ᠬᠤᠸᠠᠷ ᠬᠠᠳᠬᠤᠬᠤ︾  ᠬᠦᠴᠦ ᠣᠷᠣᠭᠤᠯᠵᠤ᠂ ᠦᠨᠡᠨ ᠶᠠᠳᠠᠭᠤ ᠶᠢ ᠴᠢᠨᠡᠭᠡᠯᠢᠭᠵᠢᠬᠦᠯᠵᠦ᠂ ᠶᠠᠳᠠᠭᠤ ᠠᠴᠠ ᠦᠨᠡᠨ ᠠᠩᠬᠢᠵᠢᠷᠠᠭᠤᠯᠬᠤ ᠶᠢ ᠪᠠᠳᠤᠯᠠᠬᠤ ᠭᠡᠷᠡᠭᠲᠡᠢ ᠭᠡᠵᠡᠢ᠃      ᠪᠠᠶᠢᠴᠠᠭᠠᠨ ᠰᠤᠳᠤᠯᠬᠤ ᠬᠤᠭᠤᠴᠠᠭᠠᠨ ᠳᠠᠭᠠᠨ ᠵᠠᠩ ᠵᠢᠶᠠᠨ ᠮᠢᠨ ᠤᠯᠠᠭᠠᠨᠬᠠᠳᠠ ᠬᠤᠳᠠ ᠪᠠ ᠭᠤᠷᠪᠡᠨ ᠬᠤᠰᠢᠭᠤ ᠰᠢᠶᠠᠨ ᠤ ᠠᠵᠢᠯ ᠤᠨ ᠪᠠᠶᠢᠳᠠᠯ ᠤᠨ ᠲᠣᠬᠠᠢ ᠮᠡᠳᠡᠬᠦᠯᠦᠯᠳᠠ ᠶᠢ ᠲᠤᠰᠬᠠᠶᠢᠯᠠᠨ ᠰᠤᠨᠤᠰᠴᠦ᠂ ᠲᠦᠪ ᠤᠨ ᠪᠠ ᠦᠪᠡᠷᠲᠡᠭᠡᠨ ᠵᠠᠰᠠᠬᠤ ᠤᠷᠤᠨ ᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠱᠠᠳᠤ ᠱᠠᠳᠤ ᠪᠠᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ ᠶᠠᠳᠠᠭᠤ ᠠᠴᠠ ᠠᠩᠬᠢᠵᠢᠷᠠᠭᠤᠯᠬᠤ ᠰᠢᠪᠲᠣᠯᠤᠯᠲᠠ ᠶᠢᠨ ᠠᠵᠢᠯ ᠢ ᠨᠡᠩ ᠤᠨᠤᠪᠴᠢᠳᠠᠢ ᠰᠠᠶᠢᠳᠤᠷ ᠠᠳᠬᠤᠵᠦ᠂ ᠵᠠᠰᠠᠭ ᠤᠨ ᠤᠷᠳᠤᠨ ᠤ ᠦᠷᠢ ᠦᠭᠴᠡᠭᠡ ᠶᠢ ᠠᠷᠢᠯᠭᠠᠨ ᠰᠢᠢᠳᠪᠤᠷᠢᠯᠡᠬᠦ ᠶᠢ ᠪᠦᠬᠦ ᠬᠦᠴᠦ ᠪᠠᠷ ᠠᠬᠢᠭᠤᠯᠵᠦ᠂ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠨᠡᠩ ᠶᠡᠭᠡ ᠡᠷᠴᠢᠮᠳᠠᠢ ᠰᠠᠶᠢᠳᠤᠷ ᠬᠢᠵᠦ᠂ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠡᠯ᠎ᠠ ᠲᠦᠷᠦᠯ ᠤᠨ ᠪᠤᠳᠤᠯᠢᠶᠠᠨᠳᠠᠢ ᠵᠦᠷᠢᠴᠡᠯ ᠪᠠ ᠬᠠᠷᠢᠴᠠᠭ᠎ᠠ ᠶᠢ ᠨᠢᠭᠡᠳᠦᠯᠳᠠᠢ ᠲᠦᠯᠦᠪᠵᠢᠬᠦᠯᠦᠨ ᠰᠠᠶᠢᠳᠤᠷ ᠰᠢᠢᠳᠪᠤᠷᠢᠯᠡᠵᠦ᠂ ᠠᠵᠤ ᠠᠬᠤᠢ ᠶᠢᠨ ᠠᠵᠢᠯᠯᠠᠭ᠎ᠠ ᠶᠢᠨ ᠵᠤᠬᠢᠰᠳᠠᠢ ᠬᠡᠪᠴᠢᠶᠠᠨ ᠳᠤ ᠶᠠᠪᠤᠬᠳᠠᠬᠤ ᠶᠢ ᠪᠠᠳᠤᠯᠠᠵᠦ᠂ ᠴᠢᠨᠠᠷ ᠰᠠᠶᠢᠳᠠᠢ ᠬᠦᠭᠵᠢᠯᠳᠠ ᠶᠢ ᠪᠡᠶᠡᠯᠡᠬᠦᠯᠬᠦ ᠭᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号