ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 10 ᠳ᠋ᠤᠭᠠᠷ ᠤᠳᠠᠭ᠎ᠠ ᠶᠢᠨ ᠡᠷᠬᠢᠯᠡᠭᠴᠢᠳ ᠤᠨ ᠬᠤᠷᠠᠯ ᠬᠢᠵᠠᠢ
ᠨᠡᠶᠢᠲᠡᠯᠡᠭᠰᠡᠨ ᠴᠠᠭ᠄
2018/5/21
     5 ᠳ᠋ᠤᠭᠠᠷ ᠰᠠᠷ᠎ᠠ ᠶᠢᠨ 18᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 10 ᠳ᠋ᠤᠭᠠᠷ ᠤᠳᠠᠭ᠎ᠠ ᠶᠢᠨ ᠡᠷᠬᠢᠯᠡᠭᠴᠢᠳ ᠤᠨ ᠬᠤᠷᠠᠯ ᠬᠢᠵᠦ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠪᠤᠳᠤᠭᠠᠷ ᠬᠤᠷᠠᠯ ᠢ 5 ᠳ᠋ᠤᠭᠠᠷ ᠰᠠᠷ᠎ᠠ ᠶᠢᠨ 29᠎ ᠠᠴᠠ 31᠎ ᠤ ᠡᠳᠦᠷ ᠪᠤᠯᠳᠠᠯ᠎ᠠ ᠬᠦᠬᠡᠬᠤᠳᠠ ᠳᠤ ᠬᠤᠷᠠᠯᠳᠤᠭᠤᠯᠬᠤ ᠪᠠᠷ ᠲᠤᠬᠳᠠᠪᠠ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ ᠬᠤᠷᠠᠯ ᠢ ᠡᠷᠬᠢᠯᠡᠵᠤ᠂ ᠦᠪᠡᠷᠳᠡᠭᠡᠨ ᠵᠠᠰᠠᠬᠤ ᠤᠷᠤᠨ ᠎ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠡᠤ ᠲᠤᠸᠠᠨ ᠶᠢᠩ᠂ ᠯᠢ ᠷᠦᠡᠭ ᠰᠢ᠂ ᠯᠢᠶᠠᠨ ᠰᠤ᠋᠂ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ ᠬᠤᠷᠠᠯ ᠳᠤ ᠤᠷᠤᠯᠴᠠᠵᠠᠢ᠃      ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠪᠤᠳᠤᠭᠠᠷ ᠬᠤᠷᠠᠯ ᠤᠨ ᠰᠠᠨᠠᠭᠤᠯᠭ᠎ᠠ ᠶᠢᠨ ᠵᠦᠪᠯᠡᠭᠦ ᠵᠦᠢᠯᠡᠰ ᠢ ᠪᠠᠳᠤᠯᠠᠪᠠ᠄ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠳᠠᠯ ᠠᠬᠤᠢ ᠶᠢᠨ ᠬᠠᠮᠢᠶᠠᠷᠤᠯᠳᠠ ᠶᠢᠨ ᠲᠦᠷᠢᠮ ︵ᠵᠠᠰᠠᠪᠤᠷᠢ ᠤᠷᠤᠭᠤᠯᠬᠤ ᠲᠦᠰᠦᠯ ᠳᠤ ᠬᠤᠶᠠᠳᠡᠭᠢ ᠣᠳᠠᠭ᠎ᠠ ᠵᠠᠰᠠᠪᠣᠷᠢ ᠣᠷᠣᠭᠤᠯᠣᠭᠰᠠᠨ ᠨᠤᠤᠷᠠᠬ︶︾᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠠᠯ ᠪᠠ ᠰᠠᠨᠠᠯ ᠢ ᠰᠢᠢᠳᠪᠤᠷᠢᠯᠡᠭᠦ ᠠᠷᠭ᠎ᠠ ᠳᠤ ᠵᠠᠰᠠᠪᠤᠷᠢ ᠤᠷᠤᠭᠤᠯᠤᠬᠰᠠᠨ ᠨᠤᠤᠷᠠᠬ ︵ᠲᠦᠰᠦᠯ︶︾᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢᠳ ᠤᠨ ᠬᠤᠷᠠᠯ ᠤᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠬᠠᠮᠳᠣ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠬᠢᠨᠠᠨ ᠪᠤᠳᠤᠬᠤ ᠲᠦᠷᠢᠮ︾ ᠵᠡᠷᠭᠡ 6 ᠤᠷᠤᠨ ᠨᠤᠳᠤᠬ ᠤᠨ ᠴᠢᠨᠠᠷᠳᠠᠢ ᠬᠠᠤᠯᠢ ᠳᠣᠭᠳᠠᠭᠠᠯ ᠢ ᠬᠦᠴᠦᠨ ᠦᠭᠡᠢ ᠪᠤᠯᠭᠠᠬᠤ ᠪᠠᠷ ᠲᠡᠪᠰᠢᠭᠦᠯᠭᠦ ᠲᠤᠬᠠᠢ ᠰᠠᠨᠠᠯ ᠵᠦᠪᠯᠡᠯᠭᠡ᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠭᠦᠨ ᠤ ᠲᠤᠰᠢᠶᠠᠯ ᠢᠶᠠᠨ ᠭᠦᠢᠴᠡᠳᠭᠡᠭᠦ ᠳᠣᠭᠳᠠᠭᠠᠯ ︵ᠲᠦᠰᠦᠯ︶︾᠎ ᠢ ᠬᠢᠨᠠᠨ ᠵᠦᠪᠯᠡᠨ᠎ᠠ︔ ︽ᠪᠤᠭᠤᠳᠤ ᠬᠤᠳᠠ ᠶᠢᠨ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠲᠦᠷᠢᠮ︾᠎ ᠢ ᠬᠢᠨᠠᠨ ᠪᠠᠶᠢᠴᠠᠭᠠᠨ ᠵᠦᠪᠰᠢᠶᠡᠷᠡᠵᠦ᠂ ᠬᠠᠷᠢᠶᠠᠳᠤ ᠨᠠᠷ ᠤᠨ ᠠᠵᠢᠯ ᠎ ᠤᠨ ᠪᠠᠶᠢᠳᠠᠯ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠮᠡᠳᠡᠭᠦᠯᠦᠯᠳᠡ᠂ ᠲᠡᠭᠡᠳᠤ ᠰᠢᠨ᠎ᠠ ᠮᠡᠷᠭᠡᠵᠢᠯ ᠤᠨ ᠠᠵᠦ ᠦᠢᠯᠡᠰ ᠤᠨ ᠬᠦᠭᠵᠢᠯᠳᠠ ᠶᠢ ᠠᠬᠢᠭᠤᠯᠤᠬᠰᠠᠨ ᠪᠠᠶᠢᠳᠠᠯ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠮᠡᠳᠡᠭᠦᠯᠦᠯᠳᠡ ᠶᠢ ᠰᠤᠨᠤᠰᠴᠦ ᠬᠢᠨᠠᠨ ᠵᠦᠪᠯᠡᠬᠦ ᠶᠢᠨ ᠬᠠᠮᠳᠣ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠲᠡᠭᠡᠳᠤ ᠰᠢᠨ᠎ᠠ ᠮᠡᠷᠭᠡᠵᠢᠯ ᠤᠨ ᠠᠵᠦ ᠦᠢᠯᠡᠰ ᠤᠨ ᠬᠦᠭᠵᠢᠯᠳᠠ ᠶᠢ ᠠᠬᠢᠭᠤᠯᠤᠬᠰᠠᠨ ᠪᠠᠶᠢᠳᠠᠯ ᠢ ᠲᠤᠰᠬᠠᠢ ᠰᠡᠳᠦᠪ ᠢᠶᠠᠷ ᠠᠰᠠᠭᠤᠨ ᠯᠠᠪᠯᠠᠨ᠎ᠠ︔ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠲᠤᠰᠢᠶᠠᠬᠰᠠᠨ 1 ᠳ᠋ᠤᠭᠡᠷ ᠨᠤᠮᠧᠷᠳᠤ — 14 ᠳ᠋ᠤᠭᠡᠷ ᠨᠤᠮᠧᠷᠳᠤ ᠰᠠᠨᠠᠯ ᠵᠦᠪᠯᠡᠯᠭᠡ ᠶᠢ ᠰᠢᠢᠳᠪᠤᠷᠢᠯᠡᠭᠰᠡᠨ ᠪᠠᠶᠢᠳᠠᠯ ᠎ ᠤᠨ ᠮᠡᠳᠡᠭᠦᠯᠦᠯᠳᠡ ︵ᠲᠦᠰᠦᠯ︶᠎ ᠶᠢ ᠬᠢᠨᠠᠨ ᠵᠦᠪᠯᠡᠨ᠎ᠠ︔ ︽ᠤᠨᠴᠠ ᠵᠠᠷᠢᠮ ᠲᠦᠯᠦᠭᠡᠯᠡᠭᠴᠢ ᠶᠢᠨ ᠲᠦᠯᠦᠭᠡᠯᠡᠭᠴᠢ ᠶᠢᠨ ᠭᠢᠷᠢ ᠭᠡᠮ ᠤᠨ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠦᠯᠦᠭᠡᠯᠡᠭᠴᠢ ᠶᠢᠨ ᠭᠢᠷᠢ ᠭᠡᠮ ᠢ ᠬᠢᠨᠠᠨ ᠪᠠᠶᠢᠴᠠᠭᠠᠬᠤ ᠵᠦᠪᠯᠡᠯ ᠤᠨ ᠮᠡᠳᠡᠭᠦᠯᠦᠯᠳᠡ ︵ᠲᠦᠰᠦᠯ︶︾᠎ ᠶᠢ ᠰᠤᠨᠤᠰᠴᠦ ᠬᠢᠨᠠᠨ ᠵᠦᠪᠯᠡᠨ᠎ᠠ᠃ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠤᠮᠢᠯᠠᠵᠦ ᠲᠤᠰᠢᠶᠠᠯ ᠠᠴᠠ ᠪᠠᠭᠤᠯᠭᠠᠬᠤ ᠵᠦᠢᠯᠡᠰ ᠢ ᠪᠠᠲᠤᠯᠠᠨ᠎ᠠ᠃      ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠢᠨᠠᠯᠳᠠ ᠲᠠᠯᠪᠢᠬᠤ ᠭᠡᠰᠡᠭ ᠠᠵᠢᠯ ᠤᠨ ᠲᠦᠰᠦᠯ ᠢ ᠶᠠᠷᠢᠯᠴᠠᠵᠣ ᠪᠠᠳᠤᠯᠠᠪᠠ᠃ ᠪᠠᠰᠠ ᠠᠳᠣᠭᠤᠨ ᠤ ᠠᠵᠦ ᠦᠢᠯᠡᠰ ᠤᠨ ᠬᠦᠭᠵᠢᠯᠳᠠ ᠶᠢᠨ ᠪᠠᠶᠢᠳᠠᠯ ᠪᠤᠯᠤᠨ ᠬᠠᠷ᠎ᠠ ᠬᠦᠷᠦᠰᠦ ᠶᠢ ᠬᠠᠮᠠᠭᠠᠯᠠᠨ ᠠᠰᠢᠭᠯᠠᠵᠣ ᠪᠠᠶᠢᠭ᠎ᠠ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠳᠠ ᠶᠢᠨ ᠮᠡᠳᠡᠭᠦᠯᠦᠯᠳᠡ ᠶᠢ ᠬᠢᠨᠠᠨ ᠵᠦᠪᠯᠡᠵᠦ᠂ ᠪᠠᠶᠢᠴᠠᠭᠠᠨ ᠰᠤᠳᠤᠯᠤᠯᠳᠠ ᠶᠢᠨ ᠮᠡᠳᠡᠭᠦᠯᠦᠯᠳᠡ ᠶᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠠᠯᠪᠠᠨ ᠲᠢᠩᠭᠢᠮ ᠳᠤ ᠰᠢᠯᠵᠢᠭᠦᠯᠦᠨ ᠦᠭᠴᠦ ᠰᠤᠳᠤᠯᠤᠨ ᠰᠢᠢᠳᠪᠤᠷᠢᠯᠡᠭᠦᠯᠭᠦ ᠪᠠᠷ ᠲᠤᠬᠳᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号