ᠽᠧᠩ ᠢ ᠴᠦᠨ ᠬᠦᠯᠦᠨ ᠪᠤᠶᠢᠷ ᠲᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠬᠰᠠᠨ ᠨᠢ ᠨᠠᠮ ᠤᠨ ᠪᠠᠶᠢᠭᠤᠯᠤᠯᠲᠠ ᠶᠢ ᠠᠳᠬᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠠᠬᠢᠭᠤᠯᠬᠤ ᠲᠠᠯ᠎ᠠ ᠪᠠᠷ ᠤᠯᠠᠨ ᠲᠦᠮᠡᠨ ᠲᠠᠭᠠᠰᠢᠶᠠᠬᠤ ᠪᠤᠳᠠᠳᠤ ᠦᠷ᠎ᠠ ᠪᠦᠲᠦᠮᠵᠢ ᠤᠯᠬᠤ ᠬᠡᠷᠡᠭᠲᠡᠢ
ᠨᠡᠶᠢᠲᠡᠯᠡᠭᠰᠡᠨ ᠴᠠᠭ᠄
2018/5/21
     5 ᠳ᠋ᠤᠭᠠᠷ ᠰᠠᠷ᠎ᠠ ᠶᠢᠨ 17᠎ ᠤ ᠡᠳᠦᠷ ᠠᠴᠠ 18᠎ ᠤ ᠡᠳᠦᠷ ᠪᠣᠯᠲᠠᠯ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠽᠧᠩ ᠢ ᠴᠦᠨ ᠬᠦᠯᠦᠨ ᠪᠤᠶᠢᠷ ᠬᠤᠲᠠ ᠶᠢᠨ ᠤᠷᠴᠤᠨ ᠤ ᠦᠪᠡᠷᠲᠡᠭᠡᠨ ᠵᠠᠰᠠᠬᠤ ᠬᠤᠰᠢᠭᠤ᠂ ᠠᠷᠤᠨ ᠬᠤᠰᠢᠭᠤ ᠵᠡᠷᠭᠡ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃      ᠽᠧᠩ ᠢ ᠴᠦᠨ ᠵᠢᠭᠠᠵᠤ ᠭᠠᠷᠭᠠᠭᠰᠠᠨ ᠨᠢ᠂ ᠨᠠᠮ ᠤᠨ ᠪᠠᠶᠢᠭᠤᠯᠤᠯᠲᠠ ᠶᠢ ᠠᠳᠬᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠠᠬᠢᠭᠤᠯᠬᠤ ᠶᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ᠂ ᠬᠤᠲᠠ ᠬᠦᠳᠡᠭᠡ ᠶᠢ ᠨᠢᠭᠡᠲᠦᠯᠲᠡᠢ ᠲᠦᠯᠦᠪᠵᠢᠭᠦᠯᠬᠦ᠂ ᠭᠠᠴᠠᠭ᠎ᠠ ᠲᠤᠰᠬᠤᠨ ᠤ ︽ᠬᠤᠶᠠᠷ ᠵᠦᠪᠯᠡᠯ︾᠎ ᠤᠨ ᠬᠤᠭᠤᠴᠠᠭ᠎ᠠ ᠰᠤᠯᠢᠬᠤ ᠵᠡᠷᠭᠡ ᠠᠵᠢᠯ ᠲᠠᠢ ᠤᠶᠠᠯᠳᠤᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠲᠠ᠂ ᠬᠡᠪᠴᠢᠶᠡᠵᠢᠯᠲᠡ᠂ ᠲᠠᠸᠠᠷ ᠲᠡᠮᠲᠡᠭᠵᠢᠯᠲᠡ ᠶᠢᠨ ᠲᠦᠪᠰᠢᠨ ᠢ ᠳᠡᠭᠡᠭᠰᠢᠯᠡᠭᠦᠯᠬᠦ ᠳᠤ ᠠᠩᠬᠠᠷᠤᠯ ᠲᠦᠪᠯᠡᠷᠡᠬᠦᠯᠵᠦ᠂ ᠲᠠᠭᠠᠭᠤᠯᠤᠬᠴᠢ ᠠᠵᠤ ᠠᠬᠤᠶᠢᠯᠠᠯ ᠤᠨ ᠳᠠᠶᠢᠴᠢᠯᠠᠯᠲᠠ ᠳᠤ ᠲᠦᠰᠢᠭᠯᠡᠨ᠂ ᠬᠠᠮᠲᠤ ᠶᠢᠨ ᠠᠵᠤ ᠠᠬᠤᠢ ᠶᠢ ᠬᠦᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ ᠲᠤᠬᠠᠢ ᠶᠢᠨ ᠭᠠᠵᠠᠷ ᠤᠨ ᠪᠠᠶᠢᠳᠠᠯ ᠳᠠᠭᠠᠨ ᠵᠤᠬᠢᠴᠠᠭᠤᠯᠤᠨ ᠬᠦᠷᠢᠶ᠎ᠠ ᠬᠠᠰᠢᠶᠠᠨ ᠤ ᠠᠵᠤ ᠠᠬᠤᠢ ᠶᠢ ᠶᠡᠭᠡ ᠬᠦᠴᠦᠨ ᠢᠶᠠᠷ ᠬᠦᠭᠵᠢᠭᠦᠯᠦᠨ᠂ ᠬᠦᠷᠢᠶ᠎ᠠ ᠬᠠᠰᠢᠶᠠᠨ ᠎ ᠤ ᠤᠷᠴᠢᠨ ᠲᠤᠭᠤᠷᠢᠨ ᠤ ᠵᠠᠰᠠᠯᠲᠠ ᠶᠢ ᠰᠠᠶᠢᠲᠤᠷ ᠬᠢᠵᠦ᠂ ᠪᠠᠶᠠᠵᠢᠯ ᠴᠢᠨᠠᠬᠡᠯᠢᠭᠵᠢᠯ ᠤᠨ ᠠᠷᠭ᠎ᠠ ᠵᠠᠮ ᠢ ᠢᠯᠡᠭᠦᠦ ᠰᠦᠪᠡᠭᠴᠢᠯᠡᠨ᠂ ᠶᠠᠳᠠᠭᠤ ᠬᠦᠴᠢᠷᠳᠡᠯᠲᠡᠢ ᠤᠯᠠᠨ ᠲᠦᠮᠡᠨ ᠳᠤ ᠰᠢᠷᠭᠠᠭᠤ ᠴᠢᠷᠮᠠᠶᠢᠯᠭ᠎ᠠ ᠪᠠᠷ ᠳᠠᠮᠵᠢᠨ ᠵᠤᠯ ᠵᠢᠷᠭᠠᠯᠲᠠᠢ ᠠᠮᠢᠳᠤᠷᠠᠯ ᠢ ᠡᠳ᠋ᠯᠡᠭᠦᠯᠬᠦ ᠬᠡᠷᠡᠭᠲᠡᠢ᠃ ᠡᠯᠪᠡᠭ ᠪᠠᠶᠠᠯᠢᠭ ᠡᠬᠢ ᠪᠠᠶᠠᠯᠢᠭ ᠤᠨ ᠳᠠᠪᠠᠭᠤᠯᠢᠭ᠂ ᠤᠯᠠᠨ ᠲᠦᠮᠡᠨ ᠤ ᠰᠠᠶᠢᠨ ᠰᠠᠶᠢᠬᠠᠨ ᠰᠠᠭᠤᠷᠢ᠂ ᠴᠢᠩᠭ᠎ᠠ ᠬᠦᠴᠦᠲᠡᠢ ᠨᠠᠮ ᠤᠨ ᠭᠡᠰᠢᠭᠦᠨ ᠺᠠᠳ᠋ᠷᠴᠤᠳ ᠤᠨ ᠡᠩᠨᠡᠭᠡ ᠳᠤ ᠲᠦᠰᠢᠭᠯᠡᠨ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠲᠤᠭᠤᠶᠢᠯᠠᠩ ᠤᠨ ᠬᠢᠨ ᠦᠨᠳᠦᠰᠦᠨ ᠱᠠᠲᠤᠨ ᠤ ᠨᠢᠭᠡᠳᠦᠭᠡᠷ ᠹᠷᠤᠨᠲ ᠳᠤ ᠭᠦᠨᠵᠡᠭᠡᠶᠢᠷᠡᠨ᠂ ᠬᠠᠪᠰᠤᠷᠤᠨ ᠲᠡᠳᠭᠦᠬᠦ ᠰᠢᠮᠳᠠᠭᠤᠯᠤᠨ ᠵᠢᠯᠤᠭᠤᠳᠬᠤ ᠦᠢᠯᠡᠳᠦᠯ ᠢᠶᠠᠨ ᠪᠠᠳᠠᠷᠠᠭᠤᠯᠵᠤ᠂ ᠲᠦᠢᠯ ᠤᠨ ᠣᠨᠤᠪᠴᠢᠲᠠᠢ ᠪᠠᠷ ᠶᠠᠳᠠᠭᠤ ᠶᠢ ᠳᠡᠳᠭᠦᠬᠦ ᠠᠵᠢᠯ ᠤᠨ ᠠᠯᠬᠤᠴᠠ ᠶᠢ ᠲᠦᠷᠭᠡᠳᠭᠡᠬᠦ ᠬᠡᠷᠡᠭᠲᠡᠢ᠃ ᠲᠤᠬᠠᠢ ᠶᠢᠨ ᠲᠠᠯᠠᠪᠠᠢ ᠪᠤᠯ ᠭᠢᠴᠢᠶᠡᠯ ᠤᠨ ᠲᠠᠩᠬᠢᠮ᠂ ᠬᠡᠷᠡᠭᠴᠡᠭᠡ ᠪᠤᠯ ᠵᠢᠭᠠᠬᠤ ᠮᠠᠲᠸᠢᠷᠶᠠᠯ᠂ ᠬᠦᠮᠦᠨ ᠪᠤᠯᠭᠠᠨ ᠪᠠᠭᠰᠢ ᠪᠤᠯᠬᠤ ᠶᠢ ᠪᠠᠷᠢᠮᠲᠠᠯᠠᠨ᠂ ᠰᠢᠨ᠎ᠠ ᠴᠠᠭ ᠦᠶ᠎ᠠ ᠶᠢᠨ ᠺᠠᠳ᠋ᠷᠴᠤᠳ ᠤᠯᠠᠨ ᠲᠦᠮᠡᠨ ᠤ ᠰᠤᠷᠭᠠᠯᠲᠠ ᠎ ᠶᠢᠨ ᠭᠠᠵᠠᠷ ᠢ ᠴᠢᠨᠠᠷ ᠴᠢᠨᠰᠠᠭ᠎ᠠ ᠰᠠᠶᠢᠲᠠᠢ ᠪᠠᠷ ᠰᠠᠶᠢᠲᠤᠷ ᠡᠷᠬᠢᠯᠡᠵᠦ᠂ ︽ᠰᠤᠷᠭᠠᠬᠤ︾᠎ ᠠᠴᠠ ︽ᠪᠢ ᠰᠤᠷᠤᠶ᠎ᠠ︾ ᠪᠤᠯᠭᠠᠨ ᠬᠤᠪᠢᠷᠠᠭᠤᠯᠬᠤ ᠬᠡᠷᠡᠭᠲᠡᠢ ᠭᠡᠪᠠ᠃      ᠽᠧᠩ ᠢ ᠴᠦᠨ ᠴᠢᠬᠤᠯᠠᠴᠢᠯᠠᠭᠰᠠᠨ ᠨᠢ᠂ ᠭᠦᠨ ᠵᠤᠵᠠᠭᠠᠨ ᠬᠠᠶᠢᠷ᠎ᠠ ᠰᠡᠳᠭᠢᠯᠭᠡ ᠶᠢ ᠡᠪᠦᠷᠯᠡᠨ ᠤᠯᠠᠨ ᠲᠦᠮᠡᠨ ᠤ ᠪᠤᠳᠠᠳᠤ ᠠᠰᠢᠭ ᠲᠠᠢ ᠬᠤᠯᠪᠤᠬᠳᠠᠬᠰᠠᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠡᠯ᠎ᠠ ᠲᠦᠷᠦᠯ ᠤᠨ ᠨᠡᠶᠢᠭᠡᠮ ᠤᠨ ᠵᠦᠷᠢᠴᠡᠯ ᠪᠤᠯᠤᠨ ᠵᠠᠬᠢᠳᠠᠯ ᠰᠣᠷᠪᠤᠯᠵᠢᠯᠠᠯ ᠤᠨ ᠳᠠᠷᠤᠬᠳᠠᠮᠠᠯ ᠬᠡᠷᠡᠭ ᠢ ᠴᠢᠩᠭ᠎ᠠ ᠠᠩᠬᠠᠷᠤᠨ ᠪᠤᠳᠠᠲᠠᠢ ᠪᠠᠷ ᠠᠳᠬᠤᠵᠤ᠂ ᠣᠨᠣᠪᠴᠢᠲᠠᠢ ᠪᠠᠷ ᠠᠷᠢᠯᠭᠠᠨ ᠰᠢᠢᠳᠪᠤᠷᠢᠯᠡᠵᠤ᠂ ᠤᠯᠠᠨ ᠲᠦᠮᠡᠨ ᠳᠤ ᠲᠠᠭᠠᠰᠢᠶᠠᠭᠳᠠᠬᠤ ᠶᠢ ᠪᠠᠲᠤᠯᠠᠬᠤ ᠬᠡᠷᠡᠭᠲᠡᠢ ᠬᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号