ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨᠤᠯ ᠰᠤᠷᠤᠯᠴᠠᠬᠤ ᠭᠤᠤᠯ ᠲᠤᠭᠤᠶᠢᠯᠠᠩ ᠤᠨ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2018/5/22
     5 ᠳ᠋ᠤᠭᠠᠷ ᠰᠠᠷ᠎ᠠ ᠶᠢᠨ 21᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠤᠨᠤᠯ ᠰᠤᠷᠤᠯᠴᠠᠬᠤ ᠭᠤᠤᠯ ᠲᠤᠭᠤᠶᠢᠯᠠᠩ ᠤᠨ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠷᠺᠰ ᠤᠨ ᠮᠡᠨᠳᠦᠯᠡᠭᠰᠡᠨ 200 ᠵᠢᠯ ᠎ ᠤᠨ ᠤᠢ ᠶᠢ ᠲᠤᠷᠠᠰᠬᠠᠬᠤ ᠶᠡᠭᠡ ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠪᠠ᠃      ᠬᠤᠷᠠᠯ ᠠᠴᠠ ᠡᠮᠦᠨ᠎ᠠ᠂ ᠤᠨᠤᠯ ᠰᠤᠷᠤᠯᠴᠠᠬᠤ ᠭᠤᠤᠯ ᠲᠤᠭᠤᠶᠢᠯᠠᠩ ᠤᠨ ᠪᠦᠷᠢᠯᠳᠦᠭᠦᠨ ᠨᠠᠷ ᠰᠤᠷᠤᠯᠴᠠᠯᠭ᠎ᠠ ᠶᠢᠨ ᠭᠤᠤᠯ ᠰᠡᠳᠦᠪ ᠤᠨ ᠲᠤᠭᠤᠷᠢᠨ ᠳᠤ ᠦᠪᠡᠷᠰᠡᠳ ᠢᠶᠠᠨ ᠨᠠᠷᠢᠨ ᠬᠢᠨᠠᠮᠠᠭᠠᠢ ᠰᠤᠷᠤᠯᠴᠠᠭᠠᠳ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠲᠡᠭᠡᠷ᠎ᠠ᠂ ᠰᠠᠨᠠᠯ ᠢᠶᠠᠨ ᠰᠣᠯᠢᠯᠴᠠᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠤᠯ ᠮᠠᠷᠺᠰ ᠤᠨ ᠦᠵᠡᠯ ᠤᠨ ᠬᠡᠷᠡᠯ ᠬᠢᠯᠪᠠᠭ᠎ᠠ ᠰᠠᠴᠤᠷᠠᠬᠰᠠᠨ ᠬᠦᠳᠦᠯᠪᠦᠷᠢ ᠶᠢᠨ ᠴᠢᠨᠠᠷᠳᠠᠢ ᠲᠤᠯᠭᠤᠷ ᠪᠢᠴᠢᠭ ᠪᠤᠯᠬᠤ ᠪᠦᠭᠡᠳ ᠮᠠᠨ ᠤ ᠨᠠᠮ ᠤᠨ ᠮᠠᠷᠺᠰ ᠤᠨ ᠦᠵᠡᠯ ᠤᠨ ᠲᠤᠮᠳᠠᠳᠤ ᠤᠯᠤᠰᠴᠢᠯᠠᠬᠤ ᠪᠠ ᠴᠠᠭ ᠦᠶᠡᠴᠢᠯᠡᠭᠦ ᠶᠢ ᠦᠷᠭᠦᠯᠵᠢᠯᠡᠨ ᠠᠬᠢᠭᠤᠯᠬᠤ ᠠᠵᠢᠯᠯᠠᠭᠠᠨ ᠤ ᠬᠦᠳᠦᠯᠪᠦᠷᠢ ᠪᠤᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠮᠠᠷᠺᠰ ᠤᠨ ᠦᠵᠡᠯ ᠢ ᠰᠤᠷᠤᠯᠴᠠᠨ ᠦᠢᠯᠡᠳᠦᠯᠭᠡᠵᠢᠭᠦᠯᠭᠦ ᠲᠤᠬᠠᠢ ᠲᠤᠷᠠᠳᠤᠬᠰᠠᠨ ᠱᠠᠭᠠᠷᠳᠠᠯᠭ᠎ᠠ ᠶᠢ ᠬᠢᠨᠠᠮᠠᠭᠠᠢ ᠨᠡᠶᠢᠳᠡᠪᠦᠷᠢᠵᠢᠭᠤᠯᠵᠤ᠂ ᠮᠠᠷᠺᠰ ᠤᠨ ᠦᠵᠡᠯ ᠤᠨ ᠦᠨᠡᠨ ᠶᠤᠰᠤᠨ ᠤ ᠬᠦᠴᠦᠨ ᠢ ᠬᠦᠨᠵᠡᠭᠡᠢ ᠤᠶᠢᠯᠠᠭᠠᠨ ᠡᠵᠡᠮᠰᠢᠵᠤ᠂ ᠮᠠᠷᠺᠰ ᠤᠨ ᠦᠵᠡᠯ ᠢᠶᠠᠷ ᠠᠰᠠᠭᠤᠳᠠᠯ ᠢ ᠵᠠᠳᠠᠯᠬᠤ᠂ ᠠᠰᠠᠭᠤᠳᠠᠯ ᠢ ᠰᠢᠢᠳᠪᠦᠷᠢᠯᠡᠭᠦ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠭᠦᠯᠵᠤ᠂ ᠤᠬᠠᠮᠰᠠᠷ ᠠᠴᠠ ᠪᠠᠨ ᠮᠠᠷᠺᠰ ᠤᠨ ᠦᠵᠡᠯ ᠤᠨ ᠦᠨᠡᠨᠴᠢ ᠰᠢᠳᠤᠷᠭᠤ ᠰᠢᠳᠦᠭᠴᠢ᠂ ᠡᠷᠡᠰ ᠪᠠᠲᠤ ᠦᠢᠯᠡᠳᠦᠯᠭᠡᠵᠢᠭᠦᠯᠦᠭᠴᠢ ᠪᠤᠯᠬᠤ ᠬᠡᠷᠡᠭᠳᠡᠢ ᠬᠡᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠮᠠᠷᠺᠰ ᠤᠨ ᠦᠵᠡᠯ ᠢ ᠪᠠᠷᠢᠮᠳᠠᠯᠠᠨ ᠬᠦᠭᠵᠢᠭᠦᠯᠭᠦ ᠳᠤ ᠬᠠᠮᠤᠭ ᠤᠨ ᠦᠨᠳᠦᠰᠦᠨ ᠵᠦᠢᠯ ᠨᠢ ᠪᠤᠯ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠣᠶᠣᠨ ᠰᠠᠨᠠᠭ᠎ᠠ ᠪᠠᠨ ᠵᠡᠪᠰᠡᠭᠯᠡᠨ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠶᠠᠪᠤᠳᠠᠯ ᠪᠤᠯᠤᠨ᠎ᠠ᠃ ︽ᠲᠦᠷᠪᠡᠨ ᠤᠬᠠᠮᠰᠠᠷ︾᠎ ᠢ ᠪᠡᠳᠤ ᠪᠠᠬᠢ ᠪᠤᠢ ᠪᠤᠯᠭᠠᠨ᠂ ︽ᠲᠦᠷᠪᠡᠨ ᠢᠳᠡᠭᠡᠯ︾᠎ ᠢᠶᠠᠨ ᠪᠠᠳᠤᠳᠬᠠᠵᠦ᠂ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠬᠤ ᠶᠠᠪᠤᠳᠠᠯ ᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠶᠡᠷᠦᠩᠬᠡᠢ ᠱᠦᠵᠢ ᠶᠢᠨ ᠦᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠬᠤ ᠲᠠᠢ ᠤᠶᠠᠯᠳᠤᠭᠤᠯᠵᠤ᠂ ᠰᠢᠨ᠎ᠠ ᠴᠠᠭ ᠦᠶ᠎ᠠ ᠶᠢᠨ ᠦᠪᠡᠷᠳᠡᠭᠡᠨ ᠵᠠᠰᠠᠬᠤ ᠤᠷᠤᠨ ᠤ ᠡᠯ᠎ᠠ ᠵᠦᠢᠯ ᠤᠨ ᠠᠵᠢᠯ ᠦᠢᠯᠡᠰ ᠤᠨ ᠬᠦᠭᠵᠢᠯᠳᠡ ᠶᠢᠨ ᠴᠣ ᠰᠢᠨ᠎ᠠ ᠲᠦᠷᠰᠦ ᠪᠠᠶᠢᠳᠠᠯ ᠢ ᠴᠢᠷᠮᠠᠶᠢᠨ ᠡᠭᠦᠳᠭᠦ ᠬᠡᠷᠡᠭᠳᠡᠢ ᠬᠡᠪᠠ᠃      ᠬᠤᠷᠠᠯ ᠠᠴᠠ ᠪᠠᠰᠠ ᠲᠦᠪ ᠤᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠵᠦᠪᠯᠡᠯ ᠤᠨ ᠬᠤᠶᠠᠳᠤᠭᠠᠷ ᠤᠳᠠᠭ᠎ᠠ ᠶᠢᠨ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ᠂ ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠴᠢᠬᠤᠯᠠ ᠶᠡᠭᠡ ᠠᠴᠢ ᠬᠤᠯᠪᠤᠬᠳᠠᠯ ᠢ ᠬᠦᠢᠴᠡᠳ ᠲᠠᠨᠢᠵᠤ᠂ ᠦᠵᠡᠯ ᠰᠠᠨᠠᠭ᠎ᠠ ᠪᠠ ᠠᠵᠢᠯᠯᠠᠭ᠎ᠠ ᠪᠠᠨ ᠦᠨᠡᠨᠭᠦ ᠲᠦᠪ ᠤᠨ ᠵᠤᠷᠢᠭ ᠰᠠᠨᠠᠭ᠎ᠠ ᠲᠠᠢ ᠨᠢᠭᠡᠳᠦᠯᠳᠡᠢ ᠪᠠᠶᠢᠯᠭᠠᠵᠤ᠂ ᠦᠭᠡᠷᠡᠴᠢᠯᠡᠯᠳᠡ ᠶᠢᠨ ᠤᠷᠤᠬᠰᠢᠳᠠᠢ ᠠᠬᠢᠵᠤ ᠲᠡᠭᠦᠰ ᠠᠮᠵᠢᠯᠳᠡ ᠲᠠᠢ ᠪᠡᠶᠡᠯᠡᠭᠳᠡᠭᠦ ᠶᠢ ᠪᠠᠳᠤᠯᠠᠬᠤ ᠬᠡᠷᠡᠭᠳᠡᠢ ᠬᠡᠵᠤ ᠴᠢᠬᠤᠯᠠᠴᠢᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠤᠳᠤᠷᠢᠳᠬᠤ ᠪᠠᠭ ᠤᠨ ᠪᠦᠷᠢᠯᠳᠦᠭᠦᠨ ᠨᠠᠷ ᠰᠢᠨ᠎ᠠ ᠴᠠᠭ ᠦᠶ᠎ᠠ ᠲᠠᠢ ᠵᠤᠬᠢᠴᠠᠯᠳᠤᠬᠤ᠂ ᠰᠢᠨ᠎ᠠ ᠬᠠᠷᠠᠯᠳᠠ ᠶᠢ ᠪᠡᠶᠡᠯᠡᠭᠦᠯᠭᠦ᠂ ᠰᠢᠨ᠎ᠠ ᠪᠠᠶᠢᠷᠢᠯᠠᠭᠤᠯᠤᠯᠳᠠ ᠶᠢ ᠨᠡᠶᠢᠳᠡᠪᠦᠷᠢᠵᠢᠭᠤᠯᠬᠤ ᠴᠢᠳᠠᠪᠤᠷᠢ ᠪᠠᠨ ᠪᠦᠬᠦ ᠲᠠᠯ᠎ᠠ ᠪᠠᠷ ᠲᠡᠭᠡᠭᠰᠢᠯᠡᠭᠦᠯᠵᠤ᠂ ᠲᠦᠷᠦᠭᠦᠯᠡᠨ ᠬᠠᠷᠢᠭᠤᠴᠠᠯᠭ᠎ᠠ ᠡᠭᠦᠷᠭᠡᠯᠡᠨ ᠵᠢᠳᠭᠦᠯ ᠴᠢᠷᠮᠠᠶᠢᠯᠭ᠎ᠠ ᠭᠠᠷᠭᠠᠵᠤ᠂ ᠠᠷᠢᠭᠤᠨ ᠴᠢᠭᠡᠴᠢ ᠪᠠᠷ ᠵᠠᠰᠠᠭ ᠶᠠᠪᠤᠭᠤᠯᠬᠤ ᠲᠤᠬᠳᠠᠭᠠᠯ ᠢ ᠴᠢᠩᠭ᠎ᠠ ᠬᠡᠷᠡᠭᠵᠢᠭᠦᠯᠦᠨ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠨᠡᠶᠢᠳᠡᠪᠦᠷᠢᠵᠢᠭᠤᠯᠵᠤ᠂ ᠤᠪᠤᠷ ᠲᠦᠪ ᠰᠤᠷᠳᠠᠯ ᠴᠢᠭᠡᠴᠢ ᠪᠠᠶᠢᠬᠤ ᠤᠷᠴᠢᠨ ᠲᠤᠭᠤᠷᠢᠨ ᠢ ᠪᠤᠢ ᠪᠤᠯᠭᠠᠬᠤ ᠬᠡᠷᠡᠭᠳᠡᠢ ᠬᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号