ᠮᠠᠨ ᠤ ᠣᠷᠣᠨ ᠠᠺᠠᠳᠧᠮᠢᠴᠢ ᠶᠢᠨ ᠠᠵᠢᠯᠯᠠᠬᠤ ᠦᠷᠲᠡᠭᠡ 8 ᠪᠠᠶᠢᠭᠤᠯᠬᠤ ᠵᠥᠪᠰᠢᠶᠡᠷᠡᠯ ᠣᠯᠪᠠ
ᠨᠡᠶᠢᠲᠡᠯᠡᠭᠰᠡᠨ ᠴᠠᠭ᠄
2018/5/22
     ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠥᠨᠥᠬᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠬᠠᠮᠲᠤᠷᠠᠨ ︽ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠭᠠᠵᠠᠷ ᠣᠷᠣᠨ ᠤ ᠪᠠᠷᠢᠯᠭ᠎ᠠ ᠶᠢᠨ ᠤᠬᠠᠭᠠᠨ ᠤ ᠪᠦᠲᠦᠭᠡᠨ ᠪᠠᠶᠢᠭᠤᠯᠤᠯᠲᠠ ᠶᠢᠨ ᠠᠺᠠᠳᠧᠮᠢᠴᠢ ᠶᠢᠨ ᠲᠤᠰᠬᠠᠶ ᠮᠡᠷᠭᠡᠵᠢᠯᠲᠡᠨ ᠤ ᠠᠵᠢᠯ ᠤᠨ ᠦᠷᠳᠡᠭᠡ ᠵᠡᠷᠭᠡ 8 ᠠᠺᠠᠳᠧᠮᠢᠴᠢ ᠎ ᠶᠢᠨ ᠲᠤᠰᠬᠠᠶ ᠮᠡᠷᠭᠡᠵᠢᠯᠲᠡᠨ ᠤ ᠠᠵᠢᠯ ᠤᠨ ᠦᠷᠳᠡᠭᠡ ᠪᠠᠶᠢᠭᠤᠯᠬᠤ ᠲᠤᠬᠠᠶ ᠮᠡᠳᠡᠭᠳᠡᠯ︾ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠤ ᠠᠺᠠᠳᠧᠮᠢᠴᠢ ᠶᠢᠨ ᠲᠤᠰᠬᠠᠶ ᠮᠡᠷᠭᠡᠵᠢᠯᠲᠡᠨ ᠤ ᠠᠵᠢᠯ ᠤᠨ ᠦᠷᠳᠡᠭᠡ 8 ᠪᠠᠶᠢᠭᠤᠯᠬᠤ ᠶᠢ ᠵᠥᠪᠰᠢᠶᠡᠷᠡᠪᠡ᠃      ᠣᠶᠢᠯᠠᠭᠠᠭᠰᠠᠨ ᠢᠶᠠᠷ᠂ ᠪᠠᠶᠢᠭᠤᠯᠬᠤ ᠶᠢ ᠵᠥᠪᠰᠢᠶᠡᠷᠡᠭᠰᠡᠨ ᠠᠺᠠᠳᠧᠮᠢᠴᠢ ᠶᠢᠨ ᠲᠤᠰᠬᠠᠶ ᠮᠡᠷᠭᠡᠵᠢᠯᠲᠡᠨ ᠤ ᠠᠵᠢᠯ ᠤᠨ 8 ᠦᠷᠳᠡᠭᠡ ᠨᠢ ᠲᠤᠰ ᠲᠤᠰ᠄ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠭᠠᠵᠠᠷ ᠣᠷᠣᠨ ᠤ ᠪᠠᠷᠢᠯᠭ᠎ᠠ ᠶᠢᠨ ᠤᠬᠠᠭᠠᠨ ᠤ ᠪᠦᠲᠦᠭᠡᠨ ᠪᠠᠶᠢᠭᠤᠯᠤᠯᠲᠠ ᠶᠢᠨ ᠠᠺᠠᠳᠧᠮᠢᠴᠢ ᠶᠢᠨ ᠲᠤᠰᠬᠠᠢ ᠮᠡᠷᠭᠡᠵᠢᠯᠲᠡᠨ ᠤ ᠠᠵᠢᠯ ᠤᠨ ᠦᠷᠳᠡᠭᠡ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠤᠭᠤᠲᠤ ᠳᠠᠬᠢ ᠮᠠᠲ᠋ᠧᠷᠢᠶᠠᠯ ᠰᠤᠳᠤᠯᠬᠤ ᠬᠦᠷᠢᠶᠡᠯᠡᠩ ᠤᠨ ᠤᠶᠤᠨᠲᠤ ᠬᠠᠯᠠᠭᠠᠯᠲᠠ ᠲᠤᠭᠤᠯᠤᠭᠤᠯᠬᠤ ᠠᠺᠠᠳᠧᠮᠢᠴᠢ ᠎ ᠶᠢᠨ ᠲᠤᠰᠬᠠᠶ ᠮᠡᠷᠭᠡᠵᠢᠯᠲᠡᠨ ᠤ ᠠᠵᠢᠯ ᠤᠨ ᠦᠷᠳᠡᠭᠡ᠂ ᠣᠷᠳᠣᠰ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠶᠢᠨ ᠰᠢᠩᠭᠡᠭᠡᠯᠲᠡ ᠶᠢᠨ ᠰᠢᠰᠲ᠋ᠧᠮ ᠤᠨ ᠡᠪᠡᠳᠴᠢᠨ ᠤ ᠠᠺᠠᠳᠧᠮᠢᠴᠢ ᠶᠢᠨ ᠲᠤᠰᠬᠠᠶ ᠮᠡᠷᠭᠡᠵᠢᠯᠲᠡᠨ ᠤ ᠠᠵᠢᠯ ᠤᠨ ᠦᠷᠳᠡᠭᠡ᠂ ᠪᠣᠷᠣᠲᠣᠬᠤᠶ ᠳᠡᠭᠡᠳᠦ ᠰᠤᠷᠭᠠᠭᠤᠯᠢ ᠶᠢᠨ ᠪᠠᠶᠠᠨᠨᠠᠭᠤᠷ ᠳᠠᠬᠢ ᠠᠮᠢ ᠠᠬᠤᠶ ᠶᠢᠨ ᠵᠠᠰᠠᠯᠲᠠ ᠪᠣᠯᠤᠨ ᠪᠣᠬᠢᠷᠲᠤᠯ ᠦᠭᠡᠢ ᠬᠥᠭᠵᠢᠭᠦᠯᠦᠯᠲᠡ ᠶᠢᠨ ᠠᠺᠠᠳᠧᠮᠢᠴᠢ ᠶᠢᠨ ᠲᠤᠰᠬᠠᠶ ᠮᠡᠷᠭᠡᠵᠢᠯᠲᠡᠨ ᠤ ᠠᠵᠢᠯ ᠤᠨ ᠦᠷᠳᠡᠭᠡ᠂ ᠪᠠᠶᠠᠨᠨᠠᠭᠤᠷ ᠬᠤᠲᠠ ᠶᠢᠨ ᠱᠧᠩ ᠮᠦ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠮᠢ ᠠᠬᠤᠶ ᠡᠪᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠡᠪᠡᠰᠦᠨ ᠤ ᠦᠢᠯᠡᠰ ᠤᠨ ᠰᠢᠨᠵᠢᠯᠡᠬᠦ ᠤᠬᠠᠭᠠᠨ ᠤ ᠠᠺᠠᠳᠧᠮᠢᠴᠢ ᠶᠢᠨ ᠲᠤᠰᠬᠠᠶ ᠮᠡᠷᠭᠡᠵᠢᠯᠲᠡᠨ ᠤ ᠠᠵᠢᠯ ᠤᠨ ᠦᠷᠳᠡᠭᠡ᠂ ᠪᠠᠶᠠᠨᠨᠠᠭᠤᠷ ᠬᠤᠳᠠ ᠶᠢᠨ ᠡᠮᠨᠡᠯᠭᠡ ᠶᠢᠨ ᠬᠤᠷᠢᠶ᠎ᠠ ᠶᠢᠨ ᠬᠠᠪᠤᠳᠠᠷ ᠢ ᠰᠡᠷᠭᠡᠶᠢᠯᠡᠨ ᠵᠠᠰᠠᠬᠤ ᠠᠺᠠᠳᠧᠮᠢᠴᠢ ᠶᠢᠨ ᠲᠤᠰᠬᠠᠶ ᠮᠡᠷᠭᠡᠵᠢᠯᠲᠡᠨ ᠤ ᠠᠵᠢᠯ ᠤᠨ ᠦᠷᠳᠡᠭᠡ᠂ ᠥᠪᠥᠷ ᠮᠣᠩᠭᠤᠯ ᠤᠨ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠡᠮᠨᠡᠯᠭᠡ ᠶᠢᠨ ᠬᠤᠷᠢᠶ᠎ᠠ ᠶᠢᠨ ᠡᠯᠢᠭᠡ ᠰᠥᠰᠥ ᠨᠦᠢᠷ ᠳᠡᠯᠢᠭᠦᠦ ᠎ ᠶᠢᠨ ᠭᠠᠳᠠᠷ ᠰᠠᠯᠠᠭᠠᠨ ᠤ ᠠᠺᠠᠳᠧᠮᠢᠴᠢ ᠶᠢᠨ ᠲᠤᠰᠬᠠᠶ ᠮᠡᠷᠭᠡᠵᠢᠯᠲᠡᠨ ᠤ ᠠᠵᠢᠯ ᠤᠨ ᠦᠷᠳᠡᠭᠡ᠂ ᠵᠦᠩ ᠺᠧ ᠾᠦᠢ ᠲᠦᠩ ︵ᠥᠪᠥᠷ ᠮᠣᠩᠭᠤᠯ︶ ᠪᠡᠯᠡ ᠣᠷᠣᠭᠤᠯᠤᠯᠲᠠ ᠶᠢᠨ ᠰᠲ᠋ᠣᠺ ᠡᠵᠡᠮᠳᠡᠬᠦ ᠬᠢᠵᠠᠭᠠᠷᠲᠤ ᠺᠣᠮᠫᠠᠨᠢ ᠶᠢᠨ ᠬᠠᠭᠠᠰ ᠳᠠᠮᠵᠢᠭᠤᠯᠤᠭᠴᠢ ᠮᠠᠲ᠋ᠧᠷᠢᠶᠠᠯ ᠤᠨ ᠠᠺᠠᠳᠧᠮᠢᠴᠢ ᠶᠢᠨ ᠲᠤᠰᠬᠠᠶ ᠮᠡᠷᠭᠡᠵᠢᠯᠲᠡᠨ ᠤ ᠠᠵᠢᠯ ᠤᠨ ᠦᠷᠳᠡᠭᠡ ᠪᠣᠯᠣᠨ᠎ᠠ᠃ ᠡᠭᠦᠨ ᠳᠤ᠄ ᠣᠷᠳᠣᠰ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠶᠢᠨ ᠰᠢᠩᠭᠡᠭᠡᠯᠲᠡ ᠶᠢᠨ ᠰᠢᠰᠲ᠋ᠧᠮ ᠤᠨ ᠡᠪᠡᠳᠴᠢᠨ ᠤ ᠠᠺᠠᠳᠧᠮᠢᠴᠢ ᠶᠢᠨ ᠲᠤᠰᠬᠠᠢ ᠮᠡᠷᠭᠡᠵᠢᠯᠲᠡᠨ ᠤ ᠠᠵᠢᠯ ᠤᠨ ᠦᠷᠳᠡᠭᠡ 5 ᠳ᠋ᠤᠭᠠᠷ ᠰᠠᠷ᠎ᠠ ᠶᠢᠨ 6᠎ ᠤ ᠡᠳᠦᠷ ᠨᠢᠭᠡᠨᠲᠡ ᠢᠯᠡᠷᠬᠡᠶᠢᠯᠡᠯ ᠡᠯᠭᠦᠨ ᠪᠠᠢᠭᠤᠯᠤᠭᠳᠠᠪᠠ᠃      ᠲᠠᠨᠢᠯᠴᠠᠭᠤᠯᠤᠭᠰᠠᠨ ᠢᠶᠠᠷ᠂ ᠠᠺᠠᠳᠧᠮᠢᠴᠢ ᠶᠢᠨ ᠲᠤᠰᠬᠠᠶ ᠮᠡᠷᠭᠡᠵᠢᠯᠲᠡᠨ ᠤ ᠠᠵᠢᠯ ᠤᠨ ᠦᠷᠳᠡᠭᠡ ᠶᠢ ᠪᠠᠶᠢᠭᠤᠯᠬᠤ ᠶᠠᠪᠤᠳᠠᠯ ᠪᠣᠯ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠳᠡᠭᠡᠳᠦ ᠲᠡᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠶᠢ ᠲᠦᠷᠭᠡᠳᠬᠡᠵᠦ᠂ ᠦᠢᠯᠡᠳᠪᠦᠷᠢᠯᠡᠬᠦ ᠵᠢᠭᠠᠬᠤ ᠰᠤᠳᠤᠯᠬᠤ ᠤᠶᠠᠯᠳᠤᠯ ᠢ ᠠᠬᠢᠭᠤᠯᠬᠤ ᠴᠢᠬᠤᠯᠠ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠮᠥᠨ᠃ 2011 ᠣᠨ ᠳᠤ ᠡᠨᠡ ᠬᠦ ᠠᠵᠢᠯ ᠢ ᠡᠬᠢᠯᠡᠭᠦᠯᠦᠭᠰᠡᠨ ᠠᠴᠠ ᠣᠲᠣ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠡᠯ᠎ᠡ ᠲᠥᠷᠥᠯ ᠤᠨ ᠠᠺᠠᠳᠧᠮᠢᠴᠢ ᠶᠢᠨ ᠲᠤᠰᠬᠠᠶ ᠮᠡᠷᠭᠡᠵᠢᠯᠲᠡᠨ ᠤ ᠠᠵᠢᠯ ᠤᠨ ᠦᠷᠳᠡᠭᠡ ᠶᠢ ᠨᠢᠭᠡᠨᠲᠡ 155 ᠪᠠᠶᠢᠭᠤᠯᠵᠤ᠂ ᠰᠤᠳᠤᠯᠬᠤ ᠴᠢᠭᠯᠡᠯ ᠨᠢ ᠠᠮᠢ ᠠᠬᠤᠶ᠂ ᠲᠣᠨᠣᠭᠯᠠᠯ ᠦᠢᠯᠡᠳᠬᠦ᠂ ᠰᠢᠨ᠎ᠡ ᠡᠨᠧᠷᠭᠢ᠂ ᠰᠢᠨ᠎ᠡ ᠡᠳ᠋ ᠮᠠᠲ᠋ᠧᠷᠢᠶᠠᠯ᠂ ᠡᠮᠴᠢᠯᠡᠭᠡᠨ ᠤ ᠠᠨᠠᠭᠠᠬᠤ ᠤᠬᠠᠭᠠᠨ᠂ ᠪᠡᠲᠡᠭᠢᠲᠦ ᠬᠠᠪᠤᠳᠠᠷ ᠢ ᠳᠠᠷᠤᠬᠤ ᠰᠢᠨ᠎ᠡ ᠬᠡᠯᠪᠡᠷᠢ ᠶᠢᠨ ᠡᠮᠲᠦ ᠪᠣᠳᠠᠰ᠂ ᠲᠠᠷᠢᠶᠠᠯᠠᠩ ᠮᠠᠯ ᠠᠵᠤ ᠠᠬᠤᠶ ᠵᠡᠷᠭᠡ ᠣᠯᠠᠨ ᠬᠦᠷᠢᠶ᠎ᠡ ᠪᠠ ᠴᠢᠭᠯᠡᠯ ᠲᠠᠢ ᠬᠤᠯᠪᠣᠭᠳᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号