ᠦᠪᠦᠷ ᠮᠣᠩᠭᠤᠯ ᠭᠤᠷᠪᠠᠨ ︽ᠲᠤᠶᠢᠯ ᠤᠨ ᠣᠨᠤᠪᠴᠢᠲᠠᠢ︾ ᠪᠠᠶᠢᠬᠤ ᠶᠢ ᠪᠠᠷᠢᠮᠳᠠᠯᠠᠵᠤ᠂ ᠨᠡᠶᠢᠭᠡᠮ ᠤᠨ ᠪᠠᠲᠤᠯᠠᠭ᠎ᠠ ᠠᠵᠢᠯ ᠣᠯᠭᠤᠬᠤ ᠶᠠᠳᠠᠭᠤ ᠠᠴᠠ ᠠᠩᠭᠢᠵᠢᠷᠠᠭᠤᠯᠬᠤ ᠶᠢ ᠲᠦᠯᠬᠢᠨ ᠠᠬᠢᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2018/5/22
      5 ᠳ᠋ᠤᠭᠠᠷ ᠰᠠᠷ᠎ᠠ ᠶᠢᠨ 18᠎ ᠤ ᠡᠳᠦᠷ ᠰᠤᠷᠪᠤᠯᠵᠢᠯᠠᠭᠴᠢ ᠪᠥᠬᠦ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠳᠠ‌ᠵᠢᠨ ᠠᠵᠢᠯ ᠤᠨ ᠳᠥᠯᠭᠢᠨ ᠠᠬᠢᠭᠤᠯᠬᠤ ᠬᠤᠷᠠᠯ ᠠᠴᠠ ᠣᠶᠢᠯᠠᠭᠠᠭᠰᠠᠨ ᠢᠶᠠᠷ᠂ ᠪᠦᠬᠦ ᠣᠷᠣᠨ ᠳᠤ ᠠᠵᠢᠯ ᠣᠯᠭᠤᠬᠤ ᠠᠳᠠᠯ ᠦᠢᠯᠡᠰ ᠴᠤᠭᠴᠠᠯᠠᠬᠤ ᠳᠤ ᠲᠡᠮᠵᠢᠯᠬᠡ ᠦᠵᠡᠭᠦᠯᠬᠦ ᠴᠢᠬᠤᠯᠠᠲᠠᠢ10.68 ᠲᠦᠮᠡᠨ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠢ ᠠᠩᠬ᠎ᠠ ᠠᠯᠬᠤᠮ ᠰᠢᠭᠰᠢᠨ ᠪᠠᠶᠢᠴᠠᠭᠠᠨ ᠭᠠᠷᠭᠠᠵᠤ᠂ ᠡᠯ᠎ᠡ ᠱᠠᠲᠤᠨ ᠤ ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠭᠤᠷᠪᠠᠨ ︽ᠲᠤᠶᠢᠯ ᠤᠨ ᠤᠨᠤᠪᠴᠢᠳᠠᠢ︾ ᠪᠠᠶᠢᠬᠤ ᠶᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠨᠡᠶᠢᠭᠡᠮ ᠤᠨ ᠪᠠᠲᠤᠯᠠᠭ᠎ᠠ ᠠᠵᠢᠯ ᠣᠯᠭᠤᠬᠤ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠦᠨᠡᠨ ᠬᠦ ᠪᠡᠶᠡᠯᠡᠬᠦᠯᠬᠦ ᠪᠠᠷ ᠪᠠᠶᠢᠨ᠎ᠠ᠃      ᠠᠰᠠᠭᠤᠳᠠᠯ ᠢ ᠲᠤᠶᠢᠯ ᠤᠨ ᠤᠨᠤᠪᠴᠢᠳᠠᠢ ᠪᠠᠷ ᠲᠣᠳᠣᠷᠬᠠᠶ ᠣᠶᠢᠯᠠᠭᠠᠬᠤ ᠲᠠᠯ᠎ᠠ ᠪᠠᠷ᠂ ᠮᠠᠨ ᠤ ᠣᠷᠣᠨ ᠨᠡᠶᠢᠭᠡᠮ ᠤᠨ ᠪᠠᠲᠤᠯᠠᠭ᠎ᠠ ᠠᠵᠢᠯ ᠣᠯᠭᠤᠬᠤ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠠᠵᠢᠯ ᠳᠤ ᠨᠢᠭᠡ ᠤᠳᠠᠭ᠎ᠠ ᠪᠦᠬᠦ ᠲᠠᠯ᠎ᠠ ᠪᠠᠷ ︽ᠬᠠᠮᠳᠤᠷᠠᠭᠰᠠᠨ ᠤᠨᠤᠰᠢᠯᠠᠯᠳᠠ︾ ᠬᠢᠵᠤ᠂ ᠠᠵᠢᠯ ᠤᠨ ᠳᠤᠮᠳᠠ ᠢᠯᠡᠷᠡᠭᠰᠡᠨ ᠠᠰᠠᠭᠤᠳᠠᠯ ᠢ ᠨᠢᠭᠡᠳ ᠨᠢᠭᠡ ᠪᠠᠷ ᠰᠤᠳᠤᠯᠵᠤ᠂ ᠡᠬᠢ ᠦᠨᠳᠦᠰᠦ ᠶᠢ ᠨᠢ ᠡᠷᠢᠵᠤ ᠤᠯᠤᠭᠠᠳ᠂ ᠵᠤᠷᠪᠤᠰ ᠳᠠᠷᠠᠭᠠᠯᠠᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠬᠤ ᠶᠢᠨ ᠬᠠᠮᠲᠤ ᠬᠠᠷᠢᠭᠤᠴᠠᠯᠭ᠎ᠠ ᠡᠬᠦᠷᠬᠡᠯᠡᠬᠦ ᠨᠢᠭᠡᠴᠡ ᠪᠠ ᠬᠦᠮᠦᠨ ᠢ ᠲᠣᠳᠣᠷᠬᠠᠶᠢᠯᠠᠵᠤ᠂ ᠠᠰᠠᠭᠤᠳᠠᠯ ᠨᠢᠭᠡᠪᠦᠷᠢ ᠶᠢ ᠨᠠᠶᠢᠳᠠᠪᠤᠷᠢᠵᠢᠭᠤᠯᠤᠨ᠂ ᠴᠡᠭᠴᠡᠯᠡᠨ ᠰᠠᠶᠢᠵᠢᠷᠠᠭᠤᠯᠤᠭᠰᠠᠨ ᠶᠠᠪᠤᠳᠠᠯ ᠪᠦᠷᠢ ᠳᠤ ᠪᠣᠳᠠᠲᠤ ᠪᠦᠲᠦᠮᠵᠢ ᠤᠯᠬᠤ ᠶᠢ ᠦᠨᠡᠨ ᠬᠦ ᠪᠠᠳᠤᠯᠠᠨ᠎ᠠ᠃ ᠲᠦᠷᠦ ᠶᠢᠨ ᠪᠤᠳᠤᠯᠭ᠎ᠠ ᠎ ᠶᠢ ᠲᠤᠶᠢᠯ ᠤᠨ ᠤᠨᠤᠪᠴᠢᠳᠠᠢ ᠪᠠᠷ ᠪᠦᠷᠢᠨᠰᠢᠬᠦᠯᠬᠦ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠨᠡᠶᠢᠭᠡᠮ ᠤᠨ ᠪᠠᠲᠤᠯᠠᠭ᠎ᠠ ᠠᠵᠢᠯ ᠣᠯᠭᠤᠬᠤ ᠶᠠᠳᠠᠭᠤ ᠶᠢ ᠲᠡᠳᠬᠦᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2018 ᠣᠨ — 2020 ᠣᠨ︶᠎ ᠶᠢ ᠲᠣᠭᠲᠠᠭᠠᠨ ᠨᠡᠶᠢᠲᠡᠯᠡᠵᠦ᠂ ᠠᠵᠢᠯ ᠤᠨ ᠶᠡᠷᠦᠩᠬᠡᠶ ᠱᠠᠭᠠᠷᠳᠠᠯᠭ᠎ᠠ ᠪᠠ ᠬᠠᠷᠠᠯᠲᠠ ᠡᠭᠦᠷᠭᠡ ᠶᠢ ᠳᠤᠷᠠᠳᠴᠤ᠂ ᠨᠡᠶᠢᠭᠡᠮ ᠤᠨ ᠪᠠᠲᠤᠯᠠᠭ᠎ᠠ ᠠᠵᠢᠯ ᠣᠯᠭᠤᠬᠤ ᠶᠠᠳᠠᠭᠤ ᠶᠢ ᠲᠡᠳᠬᠦᠬᠦ ᠠᠵᠢᠯ ᠢ ᠨᠡᠩ ᠰᠠᠶᠢᠲᠤᠷ ᠲᠦᠯᠬᠢᠨ ᠠᠬᠢᠭᠤᠯᠤᠨ᠎ᠠ᠃ ᠲᠦᠷᠦ ᠶᠢᠨ ᠪᠤᠳᠤᠯᠭ᠎ᠠ ᠶᠢ ᠲᠤᠶᠢᠯ ᠤᠨ ᠤᠨᠤᠪᠴᠢᠳᠠᠢ ᠪᠠᠷ ᠨᠠᠶᠢᠳᠠᠪᠤᠷᠢᠵᠢᠭᠤᠯᠬᠤ ᠲᠠᠯ᠎ᠠ ᠪᠠᠷ᠂ ᠡᠯ᠎ᠡ ᠱᠠᠲᠤᠨ ᠤ ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠪᠥᠬᠦ ᠣᠷᠣᠨ ᠤ ᠠᠵᠢᠯ ᠣᠯᠭᠤᠬᠤ ᠠᠳᠠᠯ ᠦᠢᠯᠡᠰ ᠴᠤᠭᠴᠠᠯᠠᠬᠤ ᠳᠤ ᠲᠡᠮᠵᠢᠯᠬᠡ ᠦᠵᠡᠭᠦᠯᠬᠦ ᠴᠢᠬᠤᠯᠠᠲᠠᠢ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠢ ᠨᠢᠭᠡᠳ ᠨᠢᠭᠡ ᠪᠠᠷ ᠲᠠᠬᠢᠨ ᠪᠠᠶᠢᠴᠠᠭᠠᠵᠤ᠂ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠪᠠᠶᠢᠳᠠᠯ ᠵᠢᠴᠢ ᠠᠵᠢᠯ ᠣᠯᠭᠤᠬᠤ ᠠᠳᠠᠯ ᠦᠢᠯᠡᠰ ᠴᠤᠭᠴᠠᠯᠠᠬᠤ ᠱᠠᠭᠠᠷᠳᠠᠯᠭ᠎ᠠ ᠶᠢ ᠨᠢ ᠤᠯᠠᠮ ᠨᠢᠭᠡ ᠠᠯᠬᠤᠮ ᠲᠣᠳᠣᠷᠬᠠᠶ ᠤᠶᠢᠯᠠᠭᠠᠬᠤ ᠶᠢᠨ ᠬᠠᠮᠲᠤ ᠭᠤᠤᠯᠳᠠᠭᠤ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯ ᠲᠠᠢ ᠬᠥᠮᠦᠨ ᠠᠮᠠ ᠳᠤ ᠴᠢᠭᠯᠡᠭᠦᠯᠵᠦ᠂ ︽ᠡᠪᠡᠳᠴᠢᠨ ᠳᠤ ᠨᠢ ᠲᠠᠭᠠᠷᠠᠭᠤᠯᠤᠨ ᠡᠮ ᠥᠭᠴᠦ︾᠂ ᠲᠣᠰᠬᠤᠨ᠂ ᠡᠷᠦᠬᠡ᠂ ᠬᠦᠮᠦᠨ ᠳᠤᠨᠢ ᠲᠣᠬᠢᠷᠠᠭᠤᠯᠤᠨ ᠲᠤᠶᠢᠯ ᠤᠨ ᠤᠨᠤᠪᠴᠢᠳᠠᠢ ᠪᠠᠷ ᠠᠷᠭ᠎ᠠ ᠪᠣᠳᠤᠯᠭ᠎ᠠ ᠠᠪᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号