5 ᠳ᠋ᠤᠭᠠᠷ ᠰᠠᠷ᠎ᠠ ᠶᠢᠨ 22 ᠤᠨ ᠡᠳᠤᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠤᠯ ᠲᠤᠭᠤᠶᠢᠯᠠᠩ ᠶᠡᠷᠦᠩᠬᠡᠢ ᠱᠦᠵᠢ ᠰᠢ ᠶᠢᠨ ᠫᠢᠩ ᠤᠨ ᠠᠷᠪᠠ | ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠶᠢᠨ ᠲᠠᠪᠤᠳᠤᠭᠠᠷ | ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠲᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠪᠠ ᠮᠠᠷᠺᠰ ᠤᠨ ᠮᠡᠨᠳᠦᠯᠡᠭᠰᠡᠨ | 200 ᠵᠢᠯ ᠤᠨ ᠤᠢ ᠶᠢ ᠲᠤᠷᠠᠰᠬᠠᠬᠤ ᠶᠡᠭᠡ ᠬᠤᠷᠠᠯ ᠲᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠤᠷᠢᠭ | ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠬᠤ ᠪᠠ ︽ᠡᠪ ᠬᠠᠮᠳᠤ ᠨᠠᠮ ᠤᠨ ᠲᠤᠩᠬᠠᠭ︾ ᠵᠢᠴᠢ ᠲᠡᠭᠦᠨ ᠤ | ᠴᠠᠭ ᠦᠶ᠎ᠠ ᠶᠢᠨ ᠠᠴᠢ ᠬᠤᠯᠪᠤᠬᠳᠠᠯ ᠢ ᠬᠦᠨᠵᠡᠭᠡᠢ ᠰᠤᠷᠤᠯᠴᠠᠨ ᠤᠶᠢᠯᠠᠭᠠᠬᠤ ᠲᠤᠭᠤᠷᠢᠨ ᠳᠤ ᠬᠠᠮᠳᠤ ᠶᠢᠨ | ᠰᠤᠷᠤᠯᠴᠠᠯᠭ᠎ᠠ ᠬᠢᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ | ᠴᠢᠬᠤᠯᠠᠴᠢᠯᠠᠭᠰᠠᠨ ᠨᠢ᠂ ᠮᠠᠷᠺᠰ ᠤᠨ ᠦᠵᠡᠯ ᠤᠨ ᠦᠨᠡᠨ ᠶᠤᠰᠤᠨ ᠤ ᠬᠦᠴᠦᠨ ᠢ ᠬᠦᠨᠵᠡᠭᠡᠢ ᠤᠶᠢᠯᠠᠭᠠᠨ | ᠡᠵᠡᠮᠰᠢᠵᠤ᠂ ᠮᠠᠷᠺᠰ ᠤᠨ ᠦᠵᠡᠯ ᠤᠨ ᠲᠤᠬᠠᠢ ᠢᠳᠡᠭᠡᠯ ᠪᠢᠰᠢᠷᠡᠯ ᠢᠶᠠᠨ ᠪᠠᠳᠤᠳᠬᠠᠵᠤ᠂ ᠮᠠᠷᠺᠰ ᠤᠨ ᠦᠵᠡᠯ ᠤᠨ | ᠦᠨᠳᠦᠰᠦᠨ ᠤᠭ ᠶᠤᠰᠤ ᠪᠠᠷ ᠪᠤᠳᠠᠳᠠᠢ ᠠᠰᠠᠭᠤᠳᠠᠯ ᠢ ᠰᠢᠢᠳᠪᠦᠷᠢᠯᠡᠭᠦ ᠴᠢᠳᠠᠪᠤᠷᠢ ᠪᠤᠯᠤᠨ ᠲᠦᠪᠰᠢᠨ ᠢᠶᠠᠨ | ᠲᠡᠭᠡᠭᠰᠢᠯᠡᠭᠦᠯᠭᠦ ᠬᠡᠷᠡᠭᠳᠡᠢ ᠭᠡᠵᠡᠢ᠃ | ᠬᠤᠷᠠᠯ ᠠᠴᠠ ᠡᠮᠦᠨ᠎ᠠ᠂ ᠤᠨᠤᠯ ᠰᠤᠷᠤᠯᠴᠠᠬᠤ ᠭᠤᠤᠯ ᠲᠤᠭᠤᠶᠢᠯᠠᠩ ᠤᠨ ᠪᠦᠷᠢᠯᠳᠦᠭᠦᠨ ᠨᠠᠷ | ᠦᠪᠡᠷᠰᠡᠳ ᠢᠶᠠᠨ ᠨᠠᠷᠢᠨ ᠬᠢᠨᠠᠮᠠᠭᠠᠢ ᠰᠤᠷᠤᠯᠴᠠᠪᠠ᠃ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠲᠡᠭᠡᠷ᠎ᠠ᠂ | ᠤᠯᠠᠨ ᠢᠶᠠᠷ ᠢᠶᠠᠨ ᠦᠵᠡᠯ ᠰᠠᠨᠠᠭ᠎ᠠ ᠪᠠ ᠠᠵᠢᠯ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠤᠯᠤᠯᠳᠠ | ᠲᠦᠷᠦᠭᠳᠡᠯ ᠢᠶᠠᠨ ᠬᠤᠪᠢᠶᠠᠯᠴᠠᠨ ᠰᠠᠨᠠᠯ ᠪᠤᠳᠤᠯ ᠢᠶᠠᠨ ᠰᠤᠯᠢᠯᠴᠠᠵᠠᠢ᠃ | ᠯᠢ ᠵᠢᠢ ᠾᠧᠩ ᠵᠢᠭᠠᠵᠤ ᠭᠠᠷᠭᠠᠭᠰᠠᠨ ᠨᠢ᠂ ︽ᠡᠪ ᠬᠠᠮᠳᠤ ᠨᠠᠮ ᠤᠨ ᠲᠤᠩᠬᠠᠭ︾ ᠪᠤᠯ ᠰᠢᠨᠵᠢᠯᠡᠭᠦ | ᠤᠬᠠᠭᠠᠨᠴᠢ ᠨᠡᠶᠢᠭᠡᠮ ᠵᠢᠷᠤᠮ ᠤᠨ ᠤᠭ ᠶᠤᠰᠤ ᠶᠢ ᠠᠩᠬ᠎ᠠ ᠤᠳᠠᠭ᠎ᠠ ᠪᠦᠬᠦ ᠲᠠᠯ᠎ᠠ ᠪᠠᠷ ᠲᠤᠳᠤᠷᠬᠠᠶᠢᠯᠠᠨ | ᠦᠭᠦᠯᠡᠭᠰᠡᠨ ᠠᠭᠤᠤ ᠶᠡᠭᠡ ᠪᠦᠳᠦᠭᠡᠯ ᠪᠤᠯᠤᠨ᠎ᠠ᠃ ᠲᠡᠯᠡᠬᠡᠢ ᠶᠢᠨ ᠨᠡᠶᠢᠭᠡᠮ ᠵᠢᠷᠤᠮ ᠢᠯᠠᠩᠭᠤᠶ᠎ᠠ ᠲᠤᠮᠳᠠᠳᠤ ᠤᠯᠤᠰ | ᠤᠨ ᠤᠨᠴᠠᠯᠢᠭ ᠲᠠᠢ ᠨᠡᠶᠢᠭᠡᠮ ᠵᠢᠷᠤᠮ ᠤᠨ ᠬᠦᠭᠵᠢᠯᠳᠡ ᠨᠢ ︽ᠡᠪ ᠬᠠᠮᠳᠤ ᠨᠠᠮ ᠤᠨ ᠲᠤᠩᠬᠠᠭ︾ ᠤᠨ ᠦᠨᠡᠨ | ᠶᠤᠰᠤᠨ ᠤ ᠬᠦᠴᠦᠨ ᠦᠨᠢ ᠮᠦᠩᠭᠡ ᠤᠷᠤᠰᠢᠵᠤ᠂ ᠲᠡᠯᠡᠬᠡᠢ ᠶᠢᠨ ᠲᠡᠤᠭᠡᠨ ᠶᠠᠪᠤᠴᠠ ᠶᠢ ᠨᠢᠬᠡᠨᠳᠡ ᠬᠦᠨᠵᠡᠭᠡᠢ | ᠨᠦᠯᠦᠭᠡᠯᠡᠭᠰᠡᠨ ᠪᠦᠭᠡᠳ ᠦᠷᠭᠦᠯᠵᠢᠯᠡᠨ ᠬᠦᠨᠵᠡᠭᠡᠢ ᠨᠦᠯᠦᠭᠡᠯᠡᠨ᠎ᠠ ᠬᠡᠳᠡᠭ ᠢ ᠬᠦᠢᠴᠡᠳ ᠬᠡᠷᠡᠴᠢᠯᠡᠪᠡ᠃ ᠪᠢᠳᠡ | ᠤᠬᠠᠮᠰᠠᠷ ᠠᠴᠠ ᠪᠠᠨ ᠮᠠᠷᠺᠰ ᠤᠨ ᠦᠵᠡᠯ ᠢ ᠶᠢᠷᠳᠢᠨᠴᠤ ᠶᠢ ᠲᠠᠨᠢᠬᠤ᠂ ᠵᠢᠮ᠎ᠠ ᠶᠤᠰᠤ ᠶᠢ ᠡᠵᠡᠮᠰᠢᠭᠦ᠂ ᠦᠨᠡᠨ | ᠶᠤᠰᠤ ᠶᠢ ᠬᠦᠭᠡᠭᠡᠴᠡᠯᠳᠦᠭᠦ᠂ ᠶᠢᠷᠳᠢᠨᠴᠤ ᠶᠢ ᠦᠭᠡᠷᠡᠴᠢᠯᠡᠭᠦ ᠬᠦᠴᠦᠷᠭᠡᠭ ᠶᠡᠭᠡ ᠦᠵᠡᠯ ᠰᠠᠨᠠᠭᠠᠨ ᠤ ᠵᠡᠪᠰᠡᠭ ᠢᠶᠠᠨ | ᠪᠤᠯᠭᠠᠵᠤ᠂ ᠴᠦᠭᠦᠷᠡᠰᠢ ᠦᠭᠡᠢ ᠪᠠᠷ ᠡᠭᠦᠨ ᠢ ᠬᠡᠷᠡᠭᠯᠡᠨ ᠴᠠᠭ ᠦᠶ᠎ᠠ ᠶᠢ ᠠᠵᠢᠬᠯᠠᠵᠤ᠂ ᠴᠠᠭ ᠦᠶ᠎ᠠ ᠶᠢ | ᠲᠠᠶᠢᠯᠪᠤᠷᠢᠯᠠᠨ᠂ ᠴᠠᠭ ᠦᠶ᠎ᠠ ᠶᠢ ᠬᠦᠳᠦᠯᠦᠨ ᠲᠠᠭᠠᠭᠤᠯᠵᠤ᠂ ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢᠶᠠᠨ | ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠭᠦ ᠰᠢᠨ᠎ᠠ | ᠬᠠᠭᠤᠳᠠᠰᠦ ᠶᠢ ᠰᠠᠶᠢᠳᠤᠷ ᠪᠢᠴᠢᠭᠯᠡᠭᠦ ᠬᠡᠷᠡᠭᠳᠡᠢ ᠭᠡᠪᠡ᠃ | ᠯᠢ ᠵᠢᠢ ᠾᠧᠩ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ | ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯ ᠮᠠᠷᠺᠰ ᠤᠨ ᠦᠵᠡᠯ ᠤᠨ ᠲᠤᠮᠳᠠᠳᠤ | ᠤᠯᠤᠰᠴᠢᠯᠠᠬᠰᠠᠨ ᠬᠠᠮᠤᠭ ᠤᠨ ᠰᠢᠨ᠎ᠠ ᠦᠷ᠎ᠠ ᠪᠦᠳᠦᠭᠡᠯ ᠮᠦᠨ᠂ ᠤᠳᠤ ᠦᠶ᠎ᠠ ᠶᠢᠨ ᠲᠤᠮᠳᠠᠳᠤ ᠤᠯᠤᠰ ᠤᠨ ᠮᠠᠷᠺᠰ | ᠤᠨ ᠦᠵᠡᠯ᠂ 21 ᠳ᠋ᠤᠭᠡᠷ ᠵᠠᠭᠤᠨ ᠤ ᠮᠠᠷᠺᠰ ᠤᠨ ᠦᠵᠡᠯ ᠮᠦᠨ᠃ ᠰᠤᠷᠤᠯᠴᠠᠨ ᠮᠡᠳᠡᠭᠦ ᠨᠡᠪᠳᠡᠷᠡᠳᠡᠯ᠎ᠠ ᠤᠶᠢᠯᠠᠭᠠᠬᠤ | ᠪᠤᠳᠠᠳᠠᠶᠢᠵᠢᠭᠤᠯᠬᠤ ᠲᠡᠭᠡᠷ᠎ᠠ ᠬᠦᠴᠦ ᠤᠷᠤᠭᠤᠯᠬᠤ ᠶᠢ ᠪᠠᠷᠢᠮᠳᠠᠯᠠᠨ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠶᠤᠨ ᠤᠬᠠᠭᠠᠨ ᠰᠡᠳᠬᠢᠯ | ᠵᠢᠷᠦᠬᠡᠨ ᠳᠡᠭᠡᠨ ᠬᠠᠳᠠᠩᠰᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠳᠡᠢ᠃ ᠠᠵᠤ ᠠᠬᠤᠢ ᠨᠡᠶᠢᠭᠡᠮ | ᠤᠨ ᠦᠷᠭᠦᠯᠵᠢᠯᠡᠨ ᠡᠷᠡᠭᠦᠯ ᠢᠶᠠᠷ ᠬᠦᠭᠵᠢᠭᠦ ᠶᠢ ᠬᠦᠴᠦᠯᠡᠨ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠠᠵᠢᠯ ᠤᠨ ᠬᠦᠨᠵᠡᠭᠡᠶᠢᠷᠡᠨ ᠬᠦᠭᠵᠢᠭᠦ ᠶᠢ ᠯᠠᠪᠳᠠᠭᠤᠨ ᠪᠠᠳᠤᠳᠠᠢ ᠠᠬᠢᠭᠤᠯᠵᠤ᠂ ᠤᠳᠤ ᠦᠶ᠎ᠠ ᠶᠢᠨ ᠲᠤᠮᠳᠠᠳᠤ ᠤᠯᠤᠰ | ᠤᠨ ᠮᠠᠷᠺᠰ ᠤᠨ ᠦᠵᠡᠯ ᠤᠨ ᠬᠡᠷᠡᠯ ᠭᠢᠯᠪᠠᠭᠠᠲᠤ ᠵᠢᠯᠤᠭᠤᠳᠤᠯᠭ᠎ᠠ ᠳᠣᠣᠷ᠎ᠠ ᠦᠪᠡᠷᠳᠡᠭᠡᠨ ᠵᠠᠰᠠᠬᠤ ᠤᠷᠤᠨ ᠤ ᠡᠯ᠎ᠠ | ᠵᠦᠢᠯ ᠤᠨ ᠠᠵᠢᠯ ᠦᠢᠯᠡᠰ ᠤᠨ ᠬᠦᠭᠵᠢᠯᠳᠡ ᠶᠢ ᠨᠡᠩ ᠰᠠᠶᠢᠳᠤᠷ ᠠᠬᠢᠭᠤᠯᠬᠤ ᠬᠡᠷᠡᠭᠳᠡᠢ᠃ ᠮᠠᠷᠺᠰ ᠤᠨ ᠦᠵᠡᠯ ᠤᠨ | ᠦᠨᠳᠦᠰᠦᠨ ᠤᠨᠤᠯ ᠤᠨ ᠲᠤᠬᠠᠢ ᠰᠤᠷᠤᠯᠴᠠᠯᠭ᠎ᠠ ᠰᠤᠳᠤᠯᠭᠠᠨ ᠢᠶᠠᠨ ᠴᠢᠩᠭᠠᠳᠬᠠᠵᠤ᠂ ᠰᠤᠩᠭᠤᠳᠠᠬ ᠪᠦᠳᠦᠭᠡᠯ ᠢ | ᠬᠢᠨᠠᠮᠠᠭᠠᠢ ᠰᠤᠳᠤᠯᠤᠨ ᠤᠩᠰᠢᠵᠤ᠂ ᠰᠤᠳᠤᠯᠭᠠᠨ ᠤᠬᠠᠭᠤᠯᠭ᠎ᠠ ᠲᠠᠶᠢᠯᠪᠤᠷᠢᠯᠠᠯ ᠤᠨ ᠠᠵᠢᠯ ᠢ ᠰᠠᠶᠢᠳᠤᠷ ᠬᠢᠵᠤ᠂ | ᠤᠨᠤᠯ ᠤᠨ ᠰᠢᠨ᠎ᠠ ᠡᠭᠦᠳᠦᠯᠳᠡ ᠶᠢ ᠢᠳᠡᠪᠬᠢᠳᠡᠢ ᠠᠬᠢᠭᠤᠯᠤᠨ᠂ ᠮᠠᠷᠺᠰ ᠤᠨ ᠦᠵᠡᠯ ᠤᠨ ᠰᠤᠩᠭᠤᠳᠠᠬ ᠵᠤᠬᠢᠶᠠᠯ ᠪᠠ | ᠮᠠᠷᠺᠰ ᠤᠨ ᠦᠵᠡᠯ ᠤᠨ ᠦᠨᠳᠦᠰᠦᠨ ᠤᠨᠤᠯ ᠢ ᠲᠠᠬᠢᠨᠳᠠ ᠰᠤᠷᠤᠯᠴᠠᠬᠤ ᠬᠠᠯᠠᠭᠤᠨ ᠦᠷᠨᠢᠯᠳᠡ ᠶᠢ ᠭᠠᠷᠭᠠᠬᠤ | ᠬᠡᠷᠡᠭᠳᠡᠢ ᠭᠡᠵᠡᠢ᠃ |