2018 ᠣᠨ ᠤ 3 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠤᠣᠯᠳᠠᠯᠭ᠎ᠠ ᠲᠠᠢ | ᠠᠮᠢ ᠠᠬᠤᠢ ᠶᠢᠨ ᠴᠢᠳᠠᠮᠵᠢ ᠶᠢᠨ ᠣᠷᠣᠨ ᠳᠤ ᠠᠵᠤ ᠦᠢᠯᠡᠰ ᠢ ᠵᠥᠪᠰᠢᠶᠡᠷᠡᠨ ᠣᠷᠣᠭᠤᠯᠬᠤ ᠲᠠᠯ᠎ᠠ ᠪᠠᠷ ᠬᠢ | ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ︵ᠲᠤᠷᠰᠢᠨ ᠬᠡᠷᠡᠭᠵᠢᠭᠦᠯᠬᠦ︶︾ ︵ᠥᠪᠥᠷ ᠵᠠᠰᠠᠭ | ᠲᠠᠷᠬᠠᠭᠠᠭᠰᠠᠨ ﹇2018﹈ 11 ᠳ᠋ᠦ᠋ᠭᠡᠷ ᠲᠣᠭᠠᠲᠤ︶ ᠶᠢ ᠳᠠᠷᠤᠮᠠᠯᠯᠠᠨ ᠲᠠᠷᠬᠠᠭᠠᠪᠠ᠃ ᠣᠶᠢᠷ᠎ᠠ ᠳᠤ᠂ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ︽ᠬᠤᠷᠢᠭ᠎ᠠ ᠴᠠᠭᠠᠵᠠ | ᠲᠠᠢ ᠵᠦᠢᠯᠡᠰ ᠤᠨ ᠨᠠᠷᠢᠨ ᠬᠠᠭᠤᠳᠠᠰᠤ ︵ᠲᠤᠷᠰᠢᠨ ᠬᠡᠷᠡᠭᠵᠢᠭᠦᠯᠬᠦ︶︾ ᠶᠢᠨ ᠲᠤᠬᠠᠢ ᠲᠠᠶᠢᠯᠤᠮᠵᠢ ᠬᠢᠭᠰᠡᠨ | ᠪᠠᠶᠢᠨ᠎ᠠ᠃ | ᠨᠢᠭᠡ᠂ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠭᠰᠠᠨ ᠠᠬᠤᠢ | ᠪᠠᠶᠢᠳᠠᠯ ᠨᠢ ᠶᠠᠮᠠᠷ ᠪᠣᠢ︖ | ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠳᠤ ᠠᠵᠤ ᠦᠢᠯᠡᠰ ᠢ ᠵᠥᠪᠰᠢᠶᠡᠷᠡᠨ | ᠣᠷᠣᠭᠤᠯᠬᠤ ᠲᠠᠯ᠎ᠠ ᠪᠠᠷ ᠬᠢ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠬᠡᠷᠡᠭᠵᠢᠭᠦᠯᠬᠦ ᠪᠣᠯ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ᠠᠴᠠ ᠲᠣᠭᠲᠠᠭᠠᠭᠰᠠᠨ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠡᠭᠦᠷᠭᠡ᠂ | ᠤᠯᠤᠰ ᠤᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠬᠥᠲᠥᠯᠪᠦᠷᠢ︾ ᠳᠤ | ᠲᠣᠳᠣᠷᠬᠠᠶᠢᠯᠠᠭᠰᠠᠨ ᠭᠤᠣᠯ ᠴᠣᠭᠴᠠᠲᠤ ᠴᠢᠳᠠᠮᠵᠢ ᠶᠢᠨ ᠣᠷᠣᠨ ᠤ ᠪᠠᠶᠢᠭᠤᠯᠤᠯᠲᠠ ᠶᠢᠨ ᠴᠢᠬᠤᠯᠠ ᠠᠷᠭ᠎ᠠ ᠬᠡᠮᠵᠢᠶ᠎ᠡ | ᠪᠣᠯᠣᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ | ᠪᠦᠲᠦᠭᠡᠨ ᠪᠠᠶᠢᠭᠤᠯᠤᠨ᠎ᠠ ᠭᠡᠵᠦ ᠳᠤᠷᠠᠳᠴᠤ᠂ ᠭᠤᠣᠯ ᠴᠣᠭᠴᠠᠲᠤ ᠴᠢᠳᠠᠮᠵᠢ ᠶᠢᠨ ᠣᠷᠣᠨ ᠤ ᠲᠥᠬᠦᠷᠵᠢᠭᠰᠡᠨ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠶᠢ ᠱᠠᠭᠠᠷᠳᠠᠵᠠᠢ᠃ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ | ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠤ ᠠᠮᠢ ᠠᠬᠤᠢ ᠶᠢᠨ ᠪᠦᠲᠦᠭᠡᠭᠳᠡᠬᠦᠨ ᠤ | ᠬᠠᠩᠭᠠᠯᠭ᠎ᠠ ᠶᠢᠨ ᠴᠢᠳᠠᠪᠤᠷᠢ ᠶᠢ ᠴᠢᠩᠭᠠᠷᠠᠭᠤᠯᠤᠨ᠂ ᠠᠮᠢ ᠠᠬᠤᠢ ᠶᠢᠨ ᠦᠢᠯᠡᠴᠢᠯᠡᠭᠡ ᠶᠢᠨ ᠴᠢᠳᠠᠮᠵᠢ ᠶᠢ | ᠳᠡᠭᠡᠭᠰᠢᠯᠡᠭᠦᠯᠵᠦ᠂ ᠠᠵᠤ ᠦᠢᠯᠡᠰ ᠤᠨ ᠬᠥᠭᠵᠢᠯᠲᠡ ᠶᠢ ᠪᠦᠲᠦᠮᠵᠢᠲᠡᠢ ᠪᠠᠷ ᠬᠥᠲᠥᠯᠥᠨ ᠵᠢᠯᠣᠭᠤᠳᠬᠤ ᠪᠠ | ᠬᠢᠵᠠᠭᠠᠷᠯᠠᠬᠤ ᠶᠢᠨ ᠲᠤᠰᠠᠳᠠ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ︽ᠤᠯᠤᠰ ᠤᠨ | ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠳᠤ ᠠᠵᠤ ᠦᠢᠯᠡᠰ ᠢ ᠵᠥᠪᠰᠢᠶᠡᠷᠡᠨ ᠣᠷᠣᠭᠤᠯᠬᠤ | ᠲᠠᠯ᠎ᠠ ᠪᠠᠷ ᠬᠢ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢᠨ ᠳᠦᠷᠢᠮ ᠢ ᠪᠠᠶᠢᠭᠤᠯᠬᠤ ᠲᠤᠬᠠᠢ | ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠲᠥᠯᠥᠪᠵᠢᠭᠦᠯᠭᠡ ﹇2015﹈ 1760 ᠳ᠋ᠤᠭᠠᠷ ᠲᠣᠭᠠᠲᠤ︶ | ᠪᠠ ︽︿ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠳᠤ ᠠᠵᠤ ᠦᠢᠯᠡᠰ ᠢ ᠵᠥᠪᠰᠢᠶᠡᠷᠡᠨ | ᠣᠷᠣᠭᠤᠯᠬᠤ ᠲᠠᠯ᠎ᠠ ᠪᠠᠷ ᠬᠢ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ | ᠵᠣᠬᠢᠶᠠᠬᠤ ᠶᠢᠨ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠬᠥᠭᠵᠢᠭᠦᠯᠦᠯᠲᠡ | ᠥᠭᠡᠷᠡᠴᠢᠯᠡᠯᠲᠡ ᠲᠥᠯᠥᠪᠵᠢᠭᠦᠯᠭᠡ ﹇2016﹈ 2205 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ | ᠬᠠᠭᠤᠳᠠᠰᠤ ᠶᠢ ᠲᠣᠭᠲᠠᠭᠠᠨ ᠨᠡᠶᠢᠲᠡᠯᠡᠭᠰᠡᠨ ᠪᠠᠶᠢᠨ᠎ᠠ᠃ | ᠬᠤᠶᠠᠷ᠂ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢᠨ ᠬᠡᠷᠡᠭᠯᠡᠭᠳᠡᠬᠦ ᠬᠡᠪᠴᠢᠶ᠎ᠡ ᠨᠢ ᠶᠠᠭᠤ | ᠪᠣᠢ︖ | ᠤᠯᠤᠰ ᠤᠨ ᠮᠡᠷᠭᠡᠵᠢᠯ ᠤᠨ ᠵᠢᠷᠤᠮᠵᠢᠯ ᠢ ᠨᠢᠭᠡᠳᠦᠭᠦᠯᠬᠦ ᠱᠠᠭᠠᠷᠳᠠᠯᠭ᠎ᠠ ᠶᠢ ᠦᠨᠳᠦᠰᠦᠯᠡᠵᠦ᠂ ᠬᠤᠷᠢᠭ᠎ᠠ | ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠢ ᠬᠤᠰᠢᠭᠤ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ | ᠬᠤᠪᠢᠶᠠᠷᠢᠯᠠᠯ ᠢᠶᠠᠷ ᠨᠢᠭᠡᠴᠢ ᠪᠣᠯᠭᠠᠨ ᠨᠠᠶᠢᠷᠠᠭᠤᠯᠤᠨ ᠵᠣᠬᠢᠶᠠᠵᠤ᠂ ᠮᠠᠨ ᠤ ᠣᠷᠣᠨ ᠤ ᠤᠯᠤᠰ ᠤᠨ ᠭᠤᠣᠯᠳᠠᠯᠭ᠎ᠠ ᠲᠠᠢ | ᠠᠮᠢ ᠠᠬᠤᠢ ᠶᠢᠨ ᠴᠢᠳᠠᠮᠵᠢ ᠶᠢᠨ ᠣᠷᠣᠨ ᠤ 43 ᠬᠤᠰᠢᠭᠤ ᠰᠢᠶᠠᠨ ︵ᠬᠤᠲᠠ︶ ᠤ ᠵᠠᠰᠠᠭ ᠵᠠᠬᠢᠷᠭᠠᠨ ᠤ ᠣᠷᠣᠨ ᠤ | ᠪᠦᠬᠦ ᠬᠡᠪᠴᠢᠶᠡᠨ ᠳᠤ ᠬᠡᠷᠡᠭᠯᠡᠭᠳᠡᠪᠡᠴᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠳᠡᠯᠡᠬᠡᠢ ᠶᠢᠨ ᠰᠣᠶᠣᠯ | ᠪᠠᠶᠢᠭᠠᠯᠢ ᠶᠢᠨ ᠥᠪ ᠬᠥᠷᠥᠩᠭᠡ᠂ ᠦᠵᠡᠮᠵᠢᠲᠦ ᠨᠡᠷᠡᠲᠦ ᠣᠷᠣᠨ᠂ ᠰᠢᠭᠤᠶᠢᠲᠤ ᠴᠡᠴᠡᠷᠯᠢᠭ᠂ ᠭᠠᠵᠠᠷ ᠰᠢᠨᠵᠢᠯᠡᠭᠡᠨ ᠤ | ᠴᠡᠴᠡᠷᠯᠢᠭ᠂ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠵᠡᠷᠭᠡ ᠤᠯᠤᠰ ᠲᠤ ᠲᠣᠳᠣᠷᠬᠠᠢ | ᠬᠠᠤᠯᠢ ᠴᠠᠭᠠᠵᠠ ᠬᠠᠤᠯᠢ ᠲᠣᠭᠲᠠᠭᠠᠯ ᠲᠠᠢ ᠠᠯᠪᠠᠳᠠᠯᠭ᠎ᠠ ᠶᠢᠨ ᠴᠢᠨᠠᠷᠲᠠᠢ ᠪᠠᠷ ᠬᠠᠮᠠᠭᠠᠯᠠᠵᠤ ᠪᠠᠶᠢᠭ᠎ᠠ ᠣᠷᠣᠨ | ᠪᠦᠰᠡ ᠶᠢ ᠪᠠᠭᠲᠠᠭᠠᠬᠤ ᠦᠭᠡᠢ᠃ | ᠭᠤᠷᠪᠠ᠂ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤᠨ ᠤ ᠦᠨᠳᠦᠰᠦᠨ ᠵᠠᠷᠴᠢᠮ ᠨᠢ ᠶᠠᠭᠤ | ᠪᠣᠢ︖ | ᠶᠡᠷᠦᠩᠬᠡᠢ ᠪᠣᠳᠣᠯᠬᠢᠯᠠᠯ ᠨᠢ ᠳᠠᠷᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ | ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠢ ᠪᠣᠯᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠪᠠᠶᠢᠭᠠᠯᠢ ᠶᠢᠨ ᠵᠢᠮ᠎ᠡ ᠶᠣᠰᠣ ᠪᠠ ᠬᠥᠭᠵᠢᠯᠲᠡ ᠶᠢᠨ ᠵᠢᠮ᠎ᠡ ᠶᠣᠰᠣ ᠶᠢ ᠬᠦᠨᠳᠦᠳᠬᠡᠨ᠂ ᠮᠠᠨ ᠤ ᠣᠷᠣᠨ ᠤ ᠨᠤᠲᠤᠭ | ᠳᠡᠪᠢᠰᠬᠡᠷ ᠤᠨ ᠣᠷᠣᠨ ᠵᠠᠢ ᠶᠢᠨ ᠪᠠᠶᠢᠭᠠᠯᠢ ᠶᠢᠨ ᠲᠥᠯᠥᠪ ᠪᠠᠶᠢᠳᠠᠯ ᠳᠤ ᠰᠠᠭᠤᠷᠢᠯᠠᠵᠤ᠂ ᠭᠤᠣᠯ ᠴᠣᠭᠴᠠᠲᠤ | ᠴᠢᠳᠠᠮᠵᠢ ᠶᠢᠨ ᠣᠷᠣᠨ ᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠂ ᠬᠥᠮᠥᠨ ᠬᠢᠭᠡᠳ ᠪᠠᠶᠢᠭᠠᠯᠢ ᠶᠢᠨ | ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠣᠷᠣᠨ ᠵᠠᠢ ᠶᠢᠨ ᠪᠠᠶᠢᠷᠢᠯᠠᠭᠤᠯᠤᠯᠲᠠ᠂ ᠠᠵᠤ ᠦᠢᠯᠡᠰ ᠤᠨ ᠪᠦᠲᠦᠴᠡ | ᠪᠠ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ ᠠᠬᠢᠭᠤᠯᠤᠨ᠎ᠠ᠃ ᠡᠭᠦᠨ ᠳᠤ ᠳᠣᠣᠷᠠᠬᠢ ᠳᠥᠷᠪᠡᠨ | ᠲᠠᠯ᠎ᠠ ᠶᠢᠨ ᠵᠠᠷᠴᠢᠮ ᠢ ᠴᠢᠬᠤᠯᠠᠴᠢᠯᠠᠨ ᠡᠵᠡᠮᠳᠡᠬᠦ ᠬᠡᠷᠡᠭᠲᠡᠢ᠄ | ᠨᠢᠭᠡ ᠳᠤ᠂ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠎ᠠ᠃ ᠮᠠᠨ ᠤ ᠣᠷᠣᠨ ᠤ ᠤᠯᠤᠰ ᠤᠨ | ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠳᠤ ᠣᠷᠣᠭᠰᠠᠨ 43 ᠬᠤᠰᠢᠭᠤ ᠰᠢᠶᠠᠨ ︵ᠬᠤᠲᠠ︶ | ᠨᠢ ᠪᠦᠷ ᠠᠮᠢ ᠠᠬᠤᠢ ᠶᠢᠨ ᠰᠢᠰᠲ᠋ᠧᠮ ᠢᠶᠠᠷ ᠬᠡᠪᠡᠷᠡᠭ ᠪᠤᠶᠤ ᠠᠮᠢ ᠠᠬᠤᠢ ᠶᠢᠨ ᠴᠢᠳᠠᠮᠵᠢ ᠪᠠᠷ ᠴᠢᠬᠤᠯᠠ ᠪᠦᠬᠦᠢ | ᠣᠷᠣᠨ ᠪᠦᠰᠡ ᠪᠣᠯᠬᠤᠷ᠂ ᠠᠵᠤ ᠦᠢᠯᠡᠳᠪᠦᠷᠢᠵᠢᠭᠰᠡᠨ ᠬᠤᠲᠠ ᠪᠠᠯᠭᠠᠰᠤᠴᠢᠯᠠᠭᠰᠠᠨ ᠶᠡᠭᠡ ᠬᠡᠪᠴᠢᠶᠡᠲᠡᠢ᠂ | ᠬᠦᠴᠦᠯᠡᠴᠡ ᠪᠠᠷ ᠴᠢᠩᠭ᠎ᠠ ᠨᠡᠭᠡᠭᠡᠨ ᠬᠥᠭᠵᠢᠭᠦᠯᠦᠯᠲᠡ ᠬᠢᠬᠦ ᠶᠢ ᠬᠢᠵᠠᠭᠠᠷᠯᠠᠨ᠎ᠠ᠃ ᠪᠢᠳᠡ ᠠᠮᠢ ᠠᠬᠤᠢ ᠶᠢ | ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠤᠯᠤᠰ ᠤᠨ ᠭᠤᠣᠯᠳᠠᠯᠭ᠎ᠠ | ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠨᠢ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ | ᠥᠭᠵᠢᠭᠦᠯᠦᠨ ᠰᠡᠷᠭᠦᠭᠡᠬᠦ᠂ ᠠᠮᠢ ᠠᠬᠤᠢ ᠶᠢᠨ ᠪᠦᠲᠦᠭᠡᠭᠳᠡᠬᠦᠨ ᠢ ᠬᠠᠩᠭᠠᠬᠤ ᠪᠠᠷ ᠲᠡᠷᠢᠭᠦᠨ ᠴᠢᠬᠤᠯᠠ ᠡᠭᠦᠷᠭᠡ | ᠪᠣᠯᠭᠠᠬᠤ ᠶᠢ ᠲᠣᠪᠣᠶᠢᠯᠭᠠᠵᠤ᠂ ᠠᠮᠢ ᠠᠬᠤᠢ ᠶᠢᠨ ᠠᠮᠤᠷ ᠲᠦᠪᠰᠢᠨ ᠢ ᠴᠢᠩᠭ᠎ᠠ ᠬᠠᠮᠠᠭᠠᠯᠠᠭᠰᠠᠨ ᠤᠷᠢᠳᠠᠯ ᠳᠣᠣᠷ᠎ᠠ᠂ | ᠭᠤᠣᠯ ᠴᠣᠭᠴᠠᠲᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠥᠯᠥ ᠨᠥᠯᠥᠭᠡᠯᠡᠬᠦ ᠲᠣᠬᠢᠷᠠᠮᠵᠢᠲᠠᠢ ᠠᠵᠤ ᠦᠢᠯᠡᠰ ᠢ | ᠡᠷᠴᠢᠮᠲᠡᠢ ᠪᠦᠲᠦᠮᠵᠢᠲᠡᠢ ᠡᠮᠬᠢ ᠵᠢᠷᠤᠮ ᠲᠠᠢ ᠪᠠᠷ ᠬᠥᠭᠵᠢᠭᠦᠯᠦᠨ᠎ᠡ᠃ | ᠬᠤᠶᠠᠷ ᠲᠤ᠂ ᠡᠷᠡᠰ ᠴᠢᠩᠭ᠎ᠠ ᠪᠠᠷ ᠬᠢᠵᠠᠭᠠᠷᠯᠠᠬᠤ ᠶᠢ ᠴᠢᠩᠭᠠᠷᠠᠭᠤᠯᠤᠨ᠎ᠠ᠃ ᠲᠥᠪ ᠬᠤᠷᠢᠶ᠎ᠠ ᠪᠠ | ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠴᠡᠭᠴᠡᠯᠡᠨ ᠵᠠᠰᠠᠬᠤ | ᠱᠠᠭᠠᠷᠳᠠᠯᠭ᠎ᠠ ᠶᠢ ᠦᠨᠳᠦᠰᠦᠯᠡᠵᠦ᠂ ᠪᠦᠬᠦ ᠣᠷᠣᠨ ᠤ ᠡᠬᠢ ᠪᠠᠶᠠᠯᠢᠭ ᠤᠨ ᠣᠷᠴᠢᠨ ᠲᠣᠭᠤᠷᠢᠨ ᠤ ᠳᠠᠭᠠᠭᠠᠬᠤ | ᠴᠢᠳᠠᠪᠤᠷᠢ ᠶᠢ ᠲᠤᠷᠰᠢᠵᠤ ᠰᠢᠯᠭᠠᠨ ᠦᠨᠡᠯᠡᠬᠦ ᠠᠵᠢᠯ ᠤᠨ ᠪᠠᠶᠢᠳᠠᠯ ᠲᠠᠢ ᠤᠶᠠᠯᠳᠤᠭᠤᠯᠤᠨ᠂ ᠮᠠᠨ ᠤ ᠣᠷᠣᠨ ᠤ | ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠳᠠᠬᠢ ᠡᠯ᠎ᠡ ᠲᠥᠷᠥᠯ ᠤᠨ ᠨᠡᠭᠡᠭᠡᠨ ᠬᠥᠭᠵᠢᠭᠦᠯᠬᠦ | ᠠᠵᠢᠯᠯᠠᠭ᠎ᠠ ᠶᠢ ᠴᠢᠩᠭ᠎ᠠ ᠬᠠᠮᠢᠶᠠᠷᠤᠨ᠎ᠠ᠃ ᠶᠡᠷᠦᠩᠬᠡᠢ ᠳᠤ ᠨᠢ ᠠᠪᠴᠤ ᠦᠵᠡᠪᠡᠯ᠂ ᠬᠤᠷᠢᠭ᠎ᠠ ᠴᠠᠭᠠᠵᠠ ᠲᠠᠢ | ᠵᠦᠢᠯᠡᠰ ᠤᠨ ᠨᠠᠷᠢᠨ ᠬᠠᠭᠤᠳᠠᠰᠤ ᠨᠢ ᠭᠤᠣᠯᠳᠠᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠤ ᠣᠳᠣ ᠶᠢᠨ | ᠪᠠᠶᠢᠭ᠎ᠠ ᠪᠠ ᠲᠥᠯᠥᠪᠵᠢᠭᠦᠯᠦᠭᠰᠡᠨ ᠠᠵᠤ ᠦᠢᠯᠡᠰ ᠲᠤ ᠪᠦᠷ ᠴᠢᠩᠭ᠎ᠠ ᠬᠠᠮᠢᠶᠠᠷᠤᠨ ᠡᠵᠡᠮᠳᠡᠬᠦ ᠱᠠᠭᠠᠷᠳᠠᠯᠭ᠎ᠠ | ᠳᠤᠷᠠᠳᠴᠤ᠂ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠬᠠᠮᠢᠶᠠᠷᠤᠨ ᠡᠵᠡᠮᠳᠡᠬᠦ | ᠬᠢᠵᠠᠭᠠᠷᠯᠠᠯ ᠠᠴᠠ ᠴᠤ ᠴᠢᠩᠭ᠎ᠠ ᠪᠠᠶᠢᠯᠭᠠᠪᠠ᠃ | ᠭᠤᠷᠪᠠ ᠳᠤ᠂ ᠵᠥᠷᠢᠶᠡᠲᠡᠢ ᠪᠠᠷ ᠬᠠᠮᠢᠶᠠᠷᠤᠨ ᠡᠵᠡᠮᠳᠡᠬᠦ ᠶᠢ ᠲᠣᠪᠣᠶᠢᠯᠭᠠᠨ᠎ᠠ᠃ ᠮᠠᠨ ᠤ ᠣᠷᠣᠨ ᠤ ᠤᠰᠤᠨ | ᠰᠤᠷᠪᠤᠯᠵᠢ ᠶᠢ ᠬᠠᠳᠠᠭᠠᠯᠠᠬᠤ᠂ ᠤᠰᠤ ᠰᠢᠷᠣᠢ ᠶᠢ ᠪᠠᠲᠤᠯᠠᠬᠤ ᠪᠠ ᠰᠠᠯᠬᠢ ᠶᠢ ᠰᠡᠷᠭᠡᠶᠢᠯᠡᠵᠦ ᠡᠯᠡᠰᠦ ᠶᠢ | ᠲᠣᠭᠲᠠᠪᠤᠷᠢᠵᠢᠭᠤᠯᠬᠤ ᠵᠡᠷᠭᠡ ᠠᠳᠠᠯᠢ ᠪᠤᠰᠤ ᠲᠥᠷᠥᠯ ᠬᠡᠯᠪᠡᠷᠢ ᠶᠢᠨ ᠭᠤᠣᠯᠳᠠᠯᠭ᠎ᠠ ᠲᠠᠢ ᠠᠮᠢ ᠠᠬᠤᠢ ᠶᠢᠨ | ᠴᠢᠳᠠᠮᠵᠢ ᠶᠢᠨ ᠣᠷᠣᠨ ᠤ ᠣᠨᠴᠠᠯᠢᠭ ᠬᠢᠭᠡᠳ ᠬᠠᠮᠠᠭᠠᠯᠠᠯᠲᠠ ᠶᠢᠨ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠵᠤ᠂ ᠡᠯ᠎ᠡ | ᠬᠤᠰᠢᠭᠤ ᠰᠢᠶᠠᠨ ︵ᠬᠤᠲᠠ︶ ᠤ ᠡᠬᠢ ᠪᠠᠶᠠᠯᠢᠭ ᠤᠨ ᠣᠷᠴᠢᠨ ᠲᠣᠭᠤᠷᠢᠨ ᠤ ᠳᠠᠭᠠᠭᠠᠬᠤ ᠴᠢᠳᠠᠪᠤᠷᠢ ᠶᠢ ᠲᠤᠷᠰᠢᠵᠤ | ᠰᠢᠯᠭᠠᠨ ᠦᠨᠡᠯᠡᠭᠰᠡᠨ ᠪᠠᠶᠢᠳᠠᠯ ᠪᠠ ᠡᠬᠢ ᠪᠠᠶᠠᠯᠢᠭ ᠤᠨ ᠴᠢᠬᠤᠯᠠ ᠬᠦᠴᠦᠨ ᠵᠦᠢᠯ ᠤᠨ ᠤᠭ ᠰᠤᠷᠪᠤᠯᠵᠢ ᠬᠢᠭᠡᠳ | ᠠᠵᠤ ᠦᠢᠯᠡᠰ ᠤᠨ ᠬᠠᠷᠢᠴᠠᠩᠭᠤᠢ ᠳᠠᠪᠠᠭᠤᠯᠢᠭ ᠵᠡᠷᠭᠡ ᠬᠦᠴᠦᠨ ᠵᠦᠢᠯ ᠢ ᠦᠨᠳᠦᠰᠦᠯᠡᠵᠦ᠂ ᠠᠳᠠᠯᠢ ᠪᠤᠰᠤ ᠣᠷᠣᠨ | ᠪᠦᠰᠡ ᠳᠤ ᠬᠥᠭᠵᠢᠭᠦᠯᠬᠦ ᠳᠤ ᠲᠣᠬᠢᠷᠠᠮᠵᠢᠲᠠᠢ ᠠᠵᠤ ᠦᠢᠯᠡᠰ ᠤᠨ ᠲᠥᠷᠥᠯ ᠬᠡᠯᠪᠡᠷᠢ ᠪᠠ ᠠᠳᠠᠯᠢ ᠪᠤᠰᠤ ᠠᠵᠤ | ᠦᠢᠯᠡᠰ ᠲᠤ ᠲᠣᠬᠢᠲᠠᠢ ᠬᠡᠷᠡᠭᠯᠡᠭᠳᠡᠬᠦ ᠣᠷᠣᠨ ᠪᠦᠰᠡ ᠶᠢᠨ ᠬᠡᠪᠴᠢᠶ᠎ᠡ ᠶᠢ ᠢᠯᠭᠠᠭ᠎ᠠ ᠲᠠᠢ ᠪᠠᠷ ᠲᠣᠳᠣᠷᠬᠠᠶᠢᠯᠠᠵᠤ᠂ | ᠲᠥᠷᠥᠯ ᠬᠤᠪᠢᠶᠠᠨ ᠵᠢᠯᠣᠭᠤᠳᠬᠤ ᠪᠠ ᠨᠠᠷᠢᠯᠢᠭᠵᠢᠭᠤᠯᠤᠨ ᠬᠠᠮᠢᠶᠠᠷᠴᠤ ᠡᠵᠡᠮᠳᠡᠬᠦᠶᠢᠴᠡ ᠬᠤᠷᠢᠭ᠎ᠠ ᠴᠠᠭᠠᠵᠠ ᠲᠠᠢ | ᠵᠦᠢᠯᠡᠰ ᠤᠨ ᠨᠠᠷᠢᠨ ᠬᠠᠭᠤᠳᠠᠰᠤ ᠶᠢ ᠪᠦᠷᠢᠯᠳᠦᠭᠦᠯᠵᠦ᠂ ︽ᠨᠢᠭᠡ ᠯᠡ ᠠᠳᠠᠯᠢ︾ ᠪᠣᠯᠭᠠᠬᠤ ᠠᠴᠠ ᠵᠠᠶᠢᠯᠠᠰᠬᠢᠨ᠎ᠡ᠃ | ᠳᠥᠷᠪᠡ ᠳᠤ᠂ ᠵᠣᠯᠭᠠᠯᠳᠤᠭᠤᠯᠤᠨ ᠵᠣᠬᠢᠴᠠᠭᠤᠯᠬᠤ ᠶᠢ ᠴᠢᠬᠤᠯᠠᠴᠢᠯᠠᠨ᠎ᠠ᠃ ᠠᠳᠠᠯᠢ ᠨᠢᠭᠡᠨ ᠭᠤᠣᠯᠳᠠᠯᠭ᠎ᠠ | ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠪᠦᠰᠡ ᠶᠢᠨ ᠳᠣᠲᠣᠷᠠᠬᠢ ᠬᠤᠰᠢᠭᠤ ᠰᠢᠶᠠᠨ ︵ᠬᠤᠲᠠ︶ ᠤ | ᠬᠤᠭᠤᠷᠣᠨᠳᠤ᠂ ᠡᠬᠢ ᠪᠠᠶᠠᠯᠢᠭ ᠤᠨ ᠴᠢᠬᠤᠯᠠ ᠬᠦᠴᠦᠨ ᠵᠦᠢᠯ ᠤᠨ ᠤᠭ ᠰᠤᠷᠪᠤᠯᠵᠢ ᠶᠢᠨ ᠨᠥᠬᠦᠴᠡᠯ ᠢᠶᠠᠷ | ᠣᠶᠢᠷᠠᠯᠴᠠᠭ᠎ᠠ ᠣᠷᠣᠨ ᠪᠦᠰᠡ ᠶᠢᠨ ᠬᠤᠭᠤᠷᠣᠨᠳᠤᠬᠢ ᠨᠢᠭᠡᠳᠦᠯᠲᠡᠢ ᠲᠥᠯᠥᠪᠵᠢᠭᠦᠯᠦᠨ ᠵᠣᠯᠭᠠᠯᠳᠤᠭᠤᠯᠬᠤ ᠪᠠᠨ | ᠴᠢᠩᠭᠠᠳᠬᠠᠨ᠎ᠠ᠃ ᠶᠡᠷᠦᠩᠬᠡᠢ ᠳᠤ ᠨᠢ ᠡᠵᠡᠮᠳᠡᠬᠦ ᠵᠦᠢᠯ ᠭᠡᠪᠡᠯ᠂ ᠠᠳᠠᠯᠢ ᠨᠢᠭᠡᠨ ᠠᠮᠢ ᠠᠬᠤᠢ ᠶᠢᠨ ᠴᠢᠳᠠᠮᠵᠢ ᠶᠢᠨ | ᠣᠷᠣᠨ ᠪᠦᠰᠡ ᠶᠢᠨ ᠬᠤᠰᠢᠭᠤ ᠰᠢᠶᠠᠨ ︵ᠬᠤᠲᠠ︶ ᠳᠤ ᠠᠳᠠᠯᠢᠬᠠᠨ ᠠᠵᠤ ᠦᠢᠯᠡᠰ ᠢ ᠵᠥᠪᠰᠢᠶᠡᠷᠡᠨ ᠣᠷᠣᠭᠤᠯᠬᠤ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢᠨ | ᠵᠣᠬᠢᠴᠠᠯᠳᠤ ᠴᠢᠨᠠᠷ ᠪᠠ ᠨᠢᠭᠡᠳᠦᠯᠲᠦ ᠴᠢᠨᠠᠷ ᠢ ᠪᠠᠲᠤᠯᠠᠵᠤ᠂ ᠬᠠᠷᠢᠯᠴᠠᠨ ᠵᠥᠷᠢᠴᠡᠯ ᠮᠥᠷᠭᠦᠯᠳᠦᠭᠡᠨ ᠡᠭᠦᠰᠬᠦ ᠠᠴᠠ | ᠵᠠᠶᠢᠯᠠᠰᠬᠢᠨ᠎ᠡ᠃ | ᠳᠥᠷᠪᠡ᠂ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢᠨ ᠭᠤᠣᠯ ᠠᠭᠤᠯᠭ᠎ᠠ ᠨᠢ ᠶᠠᠭᠤ | ᠪᠣᠢ︖ | ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠢ ᠬᠤᠰᠢᠭᠤ ᠰᠢᠶᠠᠨ ᠤ ᠱᠠᠲᠤᠨ ᠤ ᠵᠠᠰᠠᠭ | ᠵᠠᠬᠢᠷᠭᠠᠨ ᠤ ᠣᠷᠣᠨ ᠬᠤᠪᠢᠶᠠᠷᠢᠯᠠᠯ ᠢᠶᠠᠷ ᠨᠢᠭᠡᠴᠢ ᠪᠣᠯᠭᠠᠨ ᠨᠠᠶᠢᠷᠠᠭᠤᠯᠤᠨ ᠵᠣᠬᠢᠶᠠᠵᠤ᠂ ᠤᠯᠤᠰ ᠤᠨ ᠭᠤᠣᠯᠳᠠᠭ᠎ᠠ | ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠤ 43 ᠬᠤᠰᠢᠭᠤ ᠰᠢᠶᠠᠨ ᠳᠤ ᠬᠠᠮᠤᠷᠤᠭᠤᠯᠤᠨ᠎ᠠ᠃ ᠡᠯ᠎ᠡ ᠬᠤᠰᠢᠭᠤ | ᠰᠢᠶᠠᠨ ︵ᠬᠤᠲᠠ︶ ᠤ ᠪᠠᠶᠢᠭ᠎ᠠ ᠠᠮᠢ ᠠᠬᠤᠢ ᠶᠢᠨ ᠴᠢᠳᠠᠮᠵᠢ ᠶᠢᠨ ᠣᠷᠣᠨ ᠪᠦᠰᠡ ᠶᠢᠨ ᠬᠥᠭᠵᠢᠯᠲᠡ ᠶᠢᠨ ᠬᠠᠨᠳᠤᠰᠢ | ᠪᠠ ᠬᠠᠮᠢᠶᠠᠷᠤᠯᠲᠠ ᠶᠢᠨ ᠵᠠᠷᠴᠢᠮ ᠢ ᠦᠨᠳᠦᠰᠦᠯᠡᠵᠦ᠂ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠭᠠᠳᠤ ᠳᠠᠬᠢ | ᠦᠷᠭᠦᠯᠵᠢᠯᠡᠨ ᠬᠥᠭᠵᠢᠭᠦᠯᠬᠦ ᠳᠤ ᠲᠣᠬᠢᠷᠠᠬᠤ ᠦᠭᠡᠢ ᠠᠵᠤ ᠦᠢᠯᠡᠰ ᠢ ᠬᠢᠵᠠᠭᠠᠷᠯᠠᠬᠤ ᠲᠥᠷᠥᠯ ᠪᠤᠶᠤ ᠴᠠᠭᠠᠵᠠᠯᠠᠬᠤ | ᠲᠥᠷᠥᠯ ᠳᠤ ᠰᠠᠯᠭᠠᠨ ᠬᠤᠪᠢᠶᠠᠷᠢᠯᠠᠵᠤ᠂ ᠠᠳᠠᠯᠢ ᠪᠤᠰᠤ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠬᠠᠷᠠᠭᠠᠯᠵᠠᠭᠤᠯᠤᠨ | ᠳᠤᠷᠠᠳᠤᠨ᠎ᠠ᠃ | ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠨᠢ ᠤᠯᠤᠰ ᠠᠷᠠᠳ ᠤᠨ ᠠᠵᠤ ᠠᠬᠤᠢ ᠶᠢᠨ | 254 ᠲᠥᠷᠥᠯ ᠤᠨ ᠪᠣᠳᠠᠲᠤ ᠠᠵᠤ ᠦᠢᠯᠡᠰ ᠲᠠᠢ ᠬᠤᠯᠪᠣᠭᠳᠠᠵᠤ᠂ ᠪᠠᠷᠤᠭ ᠪᠦᠬᠦ ᠤᠯᠤᠰ ᠠᠷᠠᠳ ᠤᠨ ᠠᠵᠤ | ᠠᠬᠤᠢ ᠶᠢᠨ ᠠᠵᠤ ᠦᠢᠯᠡᠰ ᠤᠨ ᠲᠥᠷᠥᠯ ᠬᠡᠯᠪᠡᠷᠢ ᠶᠢᠨ 18% ᠶᠢ ᠡᠵᠡᠯᠡᠵᠦ᠂ ᠲᠡᠭᠦᠨ ᠤ ᠳᠣᠲᠣᠷ᠎ᠠ᠂ | ᠬᠢᠵᠠᠭᠠᠷᠯᠠᠬᠤ ᠲᠥᠷᠥᠯ ᠨᠢ ᠪᠠᠷᠤᠭ 70% ᠶᠢ ᠡᠵᠡᠯᠡᠨ᠂ ᠴᠠᠭᠠᠵᠠᠯᠠᠬᠤ ᠲᠥᠷᠥᠯ ᠨᠢ ᠪᠠᠷᠤᠭ 30 % ᠶᠢ | ᠡᠵᠡᠯᠡᠵᠡᠢ᠃ | ︵ᠨᠢᠭᠡ︶ ᠬᠢᠵᠠᠭᠠᠷᠯᠠᠬᠤ ᠲᠥᠷᠥᠯ ᠳᠤ ᠵᠢᠭᠰᠠᠭᠠᠨ ᠣᠷᠣᠭᠤᠯᠤᠭᠰᠠᠨ ᠠᠵᠤ ᠦᠢᠯᠡᠰ᠄ ᠨᠢᠭᠡ ᠳᠤ᠂ | ᠤᠯᠤᠰ ᠤᠨ ︽ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠵᠢᠯᠣᠭᠤᠳᠬᠤ ᠭᠠᠷᠴᠠᠭ︾ ᠲᠤ | ᠲᠣᠭᠲᠠᠭᠠᠭᠰᠠᠨ ᠬᠢᠵᠠᠭᠠᠷᠯᠠᠬᠤ ᠲᠥᠷᠥᠯ ᠤᠨ ᠠᠵᠤ ᠦᠢᠯᠡᠰ︔ ᠬᠤᠶᠠᠷ ᠲᠤ᠂ ᠤᠯᠤᠰ ᠤᠨ ᠠᠵᠤ ᠦᠢᠯᠡᠰ ᠤᠨ | ᠲᠥᠷᠥ ᠶᠢᠨ ᠪᠣᠳᠣᠯᠭ᠎ᠠ ᠶᠢᠨ ᠵᠥᠪᠰᠢᠶᠡᠷᠡᠬᠦ ᠲᠥᠷᠥᠯ᠂ ᠵᠣᠷᠢᠭᠵᠢᠭᠤᠯᠬᠤ ᠲᠥᠷᠥᠯ ᠤᠨ ᠠᠵᠤ ᠦᠢᠯᠡᠰ ᠲᠤ | ᠬᠠᠷᠢᠶᠠᠯᠠᠭᠳᠠᠬᠤ ᠪᠣᠯᠪᠠᠴᠤ᠂ ᠬᠤᠰᠢᠭᠤ ᠰᠢᠶᠠᠨ ︵ᠬᠤᠲᠠ︶ ᠤ ᠪᠠᠶᠢᠭ᠎ᠠ ᠠᠮᠢ ᠠᠬᠤᠢ ᠶᠢᠨ ᠴᠢᠳᠠᠮᠵᠢ ᠶᠢᠨ ᠣᠷᠣᠨ | ᠪᠦᠰᠡ ᠶᠢᠨ ᠬᠥᠭᠵᠢᠯᠲᠡ ᠶᠢᠨ ᠬᠠᠨᠳᠤᠰᠢ ᠪᠠ ᠨᠡᠭᠡᠭᠡᠨ ᠬᠥᠭᠵᠢᠭᠦᠯᠵᠦ ᠬᠠᠮᠢᠶᠠᠷᠬᠤ ᠵᠠᠷᠴᠢᠮ ᠲᠠᠢ ᠨᠡᠶᠢᠴᠡᠬᠦ ᠦᠭᠡᠢ | ᠠᠵᠤ ᠦᠢᠯᠡᠰ᠃ | ︵ᠬᠤᠶᠠᠷ︶ ᠴᠠᠭᠠᠵᠠᠯᠠᠬᠤ ᠲᠥᠷᠥᠯ ᠳᠤ ᠵᠢᠭᠰᠠᠭᠠᠨ ᠣᠷᠣᠭᠤᠯᠤᠭᠰᠠᠨ ᠠᠵᠤ ᠦᠢᠯᠡᠰ᠄ ᠨᠢᠭᠡ ᠳᠤ᠂ | ᠤᠯᠤᠰ ᠤᠨ ︽ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠵᠢᠯᠣᠭᠤᠳᠬᠤ ᠭᠠᠷᠴᠠᠭ︾ ᠲᠤ | ᠲᠣᠭᠲᠠᠭᠠᠭᠰᠠᠨ ᠰᠢᠯᠢᠭᠳᠡᠬᠦ ᠲᠥᠷᠥᠯ ᠤᠨ ᠠᠵᠤ ᠦᠢᠯᠡᠰ︔ ᠬᠤᠶᠠᠷ ᠲᠤ᠂ ᠤᠯᠤᠰ ᠤᠨ ᠠᠵᠤ ᠦᠢᠯᠡᠰ ᠤᠨ | ᠲᠥᠷᠥ ᠶᠢᠨ ᠪᠣᠳᠣᠯᠭ᠎ᠠ ᠶᠢᠨ ᠬᠢᠵᠠᠭᠠᠷᠯᠠᠬᠤ ᠲᠥᠷᠥᠯ᠂ ᠵᠥᠪᠰᠢᠶᠡᠷᠡᠬᠦ ᠲᠥᠷᠥᠯ᠂ ᠵᠣᠷᠢᠭᠵᠢᠭᠤᠯᠬᠤ ᠲᠥᠷᠥᠯ ᠤᠨ | ᠠᠵᠤ ᠦᠢᠯᠡᠰ ᠲᠤ ᠬᠠᠷᠢᠶᠠᠯᠠᠭᠳᠠᠬᠤ ᠪᠣᠯᠪᠠᠴᠤ᠂ ᠬᠤᠰᠢᠭᠤ ᠰᠢᠶᠠᠨ ︵ᠬᠤᠲᠠ︶ ᠨᠢ ᠲᠣᠬᠢᠷᠠᠯᠴᠠᠭᠰᠠᠨ ᠡᠬᠢ | ᠪᠠᠶᠠᠯᠢᠭ ᠤᠨ ᠤᠭ ᠰᠤᠷᠪᠤᠯᠵᠢ ᠶᠢᠨ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠤᠶᠤ ᠪᠠᠶᠢᠭ᠎ᠠ ᠠᠮᠢ ᠠᠬᠤᠢ ᠶᠢᠨ | ᠴᠢᠳᠠᠮᠵᠢ ᠶᠢᠨ ᠣᠷᠣᠨ ᠪᠦᠰᠡ ᠶᠢᠨ ᠨᠡᠭᠡᠭᠡᠨ ᠬᠥᠭᠵᠢᠭᠦᠯᠵᠦ ᠬᠠᠮᠢᠶᠠᠷᠬᠤ ᠵᠠᠷᠴᠢᠮ ᠲᠠᠢ ᠨᠡᠶᠢᠴᠡᠬᠦ ᠦᠭᠡᠢ ᠠᠵᠤ | ᠦᠢᠯᠡᠰ᠃ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠳᠤ ᠥᠯᠥ ᠬᠤᠯᠪᠣᠭᠳᠠᠬᠤ ᠤᠯᠤᠰ ᠠᠴᠠ | ᠲᠥᠯᠥᠪᠵᠢᠭᠦᠯᠦᠨ ᠪᠠᠶᠢᠷᠢᠰᠢᠭᠤᠯᠤᠭᠰᠠᠨ ᠴᠥᠮ᠎ᠡ ᠶᠢᠨ ᠴᠠᠬᠢᠯᠭᠠᠨ᠂ ᠰᠠᠨᠰᠠᠷ ᠤᠨ ᠲᠡᠭᠡᠭᠡᠪᠦᠷᠢ ᠵᠡᠷᠭᠡ ᠠᠵᠤ | ᠦᠢᠯᠡᠰ᠃ | ᠲᠠᠪᠤ᠂ ᠬᠡᠰᠡᠭᠯᠡᠯ ᠬᠡᠯᠪᠡᠷᠢ ᠲᠠᠢ ᠪᠠᠷ ᠨᠡᠭᠡᠭᠡᠨ ᠬᠥᠭᠵᠢᠭᠦᠯᠬᠦ ᠬᠤᠲᠠ ᠬᠥᠳᠡᠭᠡ ᠳᠤ ᠬᠤᠷᠢᠭ᠎ᠠ ᠴᠠᠭᠠᠵᠠ ᠲᠠᠢ | ᠵᠦᠢᠯᠡᠰ ᠤᠨ ᠨᠠᠷᠢᠨ ᠬᠠᠭᠤᠳᠠᠰᠤ ᠨᠢ ᠶᠠᠮᠠᠷ ᠲᠥᠷᠥ ᠶᠢᠨ ᠪᠣᠳᠣᠯᠭ᠎ᠠ ᠠᠪᠤᠭᠰᠠᠨ ᠪᠣᠢ︖ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠴᠣᠭᠴᠠᠲᠤ ᠴᠢᠳᠠᠮᠵᠢ ᠶᠢᠨ ᠣᠷᠣᠨ ᠤ | ᠲᠥᠯᠥᠪᠵᠢᠭᠦᠯᠭᠡ︾ ᠵᠡᠷᠭᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠡᠰᠡᠭ ᠬᠡᠰᠡᠭ ᠢᠶᠠᠷ ᠨᠡᠭᠡᠭᠡᠨ ᠬᠥᠭᠵᠢᠭᠦᠯᠬᠦ᠂ | ᠨᠡᠶᠢᠳᠡᠮ ᠳᠤ ᠨᠢ ᠬᠠᠮᠠᠭᠠᠯᠠᠬᠤ ᠵᠠᠷᠴᠢᠮ ᠢ ᠪᠠᠷᠢᠮᠲᠠᠯᠠᠬᠤ ᠪᠠ ᠲᠡᠭᠦᠯᠳᠡᠷᠵᠢᠭᠦᠯᠵᠦ᠂ ᠠᠮᠢ ᠠᠬᠤᠢ ᠶᠢᠨ ᠴᠢᠳᠠᠮᠵᠢ ᠶᠢ | ᠪᠠᠲᠤᠯᠠᠭᠰᠠᠨ ᠤᠷᠢᠳᠠᠯ ᠳᠣᠣᠷ᠎ᠠ᠂ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠤ | ᠬᠡᠰᠡᠭᠯᠡᠯ ᠬᠡᠯᠪᠡᠷᠢ ᠲᠠᠢ ᠪᠠᠷ ᠨᠡᠭᠡᠭᠡᠨ ᠬᠥᠭᠵᠢᠭᠦᠯᠬᠦ ᠬᠤᠲᠠ ᠬᠥᠳᠡᠭᠡ ᠶᠢ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠬᠦ | ᠣᠷᠣᠨ ᠪᠦᠰᠡ ᠲᠠᠢ ᠬᠠᠷᠭᠤᠭᠤᠯᠵᠤ ᠪᠠᠶᠢᠭᠠᠳ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠦᠷᠲᠡᠭᠡᠨ᠎ᠡ᠃ | ᠬᠤᠶᠢᠰᠢᠳᠠ᠂ ᠵᠢᠱᠢᠶᠡᠯᠡᠪᠡᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠴᠣᠭᠴᠠᠲᠤ | ᠴᠢᠳᠠᠮᠵᠢ ᠶᠢᠨ ᠣᠷᠣᠨ ᠤ ᠲᠥᠯᠥᠪᠵᠢᠭᠦᠯᠭᠡ︾ ᠳᠤ ᠲᠣᠬᠢᠷᠠᠭᠤᠯᠤᠯᠲᠠ ᠬᠢᠵᠦ ᠵᠠᠰᠠᠪᠤᠷᠢ ᠣᠷᠣᠭᠤᠯᠪᠠᠯ᠂ ᠬᠤᠷᠢᠭ᠎ᠠ | ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠴᠣᠭᠴᠠᠲᠤ ᠴᠢᠳᠠᠮᠵᠢ ᠶᠢᠨ ᠣᠷᠣᠨ ᠤ ᠲᠥᠯᠥᠪᠵᠢᠭᠦᠯᠭᠡ︾ | ᠲᠠᠢ ᠰᠢᠭᠤᠳ ᠵᠣᠯᠭᠠᠯᠳᠤᠭᠤᠯᠤᠨ᠎ᠠ᠃ | ᠵᠢᠷᠭᠤᠭ᠎ᠠ᠂ ᠬᠠᠤᠯᠢ ᠶᠣᠰᠣᠭᠠᠷ ᠣᠯᠣᠭᠰᠠᠨ ᠠᠭᠤᠷᠬᠠᠢ ᠬᠠᠶᠢᠬᠤ ᠡᠷᠬᠡ ᠲᠠᠢ ᠲᠥᠷᠥᠯ ᠵᠦᠢᠯ ᠳᠤ ᠠᠭᠤᠷᠬᠠᠢ | ᠮᠠᠯᠲᠠᠬᠤ ᠡᠷᠬᠡ ᠶᠢ ᠭᠤᠶᠤᠴᠢᠯᠠᠨ ᠭᠦᠢᠴᠡᠳᠬᠡᠬᠦ ᠲᠠᠯ᠎ᠠ ᠳᠤ ᠠᠪᠤᠭᠰᠠᠨ ᠬᠤᠷᠢᠭ᠎ᠠ ᠴᠠᠭᠠᠵᠠ ᠲᠠᠢ ᠵᠦᠢᠯᠡᠰ ᠤᠨ | ᠨᠠᠷᠢᠨ ᠬᠠᠭᠤᠳᠠᠰᠤ ᠶᠢᠨ ᠲᠥᠷᠥ ᠶᠢᠨ ᠪᠣᠳᠣᠯᠭ᠎ᠠ ᠨᠢ ᠶᠠᠭᠤ ᠪᠣᠢ︖ | ᠬᠠᠤᠯᠢ ᠶᠣᠰᠣᠭᠠᠷ ᠵᠠᠰᠠᠭ ᠶᠠᠪᠤᠭᠤᠯᠬᠤ ᠵᠠᠷᠴᠢᠮ ᠶᠣᠰᠣᠭᠠᠷ᠂ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ | ᠬᠠᠭᠤᠳᠠᠰᠤ ᠶᠢ ᠳᠠᠷᠤᠮᠠᠯᠯᠠᠨ ᠲᠠᠷᠬᠠᠭᠠᠬᠤ ᠠᠴᠠ ᠡᠮᠦᠨ᠎ᠡ ᠨᠢᠭᠡᠨᠲᠡ ᠬᠠᠤᠯᠢ ᠶᠣᠰᠣᠭᠠᠷ ᠠᠭᠤᠷᠬᠠᠢ ᠬᠠᠶᠢᠬᠤ ᠡᠷᠬᠡ | ᠣᠯᠣᠭᠰᠠᠨ ᠲᠥᠷᠥᠯ ᠵᠦᠢᠯ ᠤᠳ ᠤᠨ ᠤᠷᠠᠯᠠᠯ ᠤᠨ ᠮᠡᠷᠭᠡᠵᠢᠯ᠂ ᠪᠡᠯᠡᠳᠬᠡᠮᠵᠢ ᠶᠢᠨ ᠨᠥᠬᠦᠴᠡᠯ᠂ ᠠᠷᠢᠭᠤᠳᠬᠠᠭᠰᠠᠨ | ᠦᠢᠯᠡᠳᠪᠦᠷᠢᠯᠡᠯ ᠨᠢ ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ ᠲᠦᠪᠰᠢᠨ ᠳᠤ ᠬᠦᠷᠦᠭᠰᠡᠨ ᠤᠷᠢᠳᠠᠯ | ᠳᠣᠣᠷ᠎ᠠ᠂ ᠠᠵᠢᠯ ᠲᠥᠷᠥᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠦᠨᠡᠯᠡᠨ ᠵᠢᠱᠢᠯᠲᠡ ᠨᠤᠲᠠᠯᠠᠯᠲᠠ ᠶᠢ | ᠵᠣᠬᠢᠶᠠᠨ ᠪᠠᠶᠢᠭᠤᠯᠬᠤ ᠪᠠᠷ ᠳᠠᠮᠵᠢᠨ ᠪᠠᠲᠤᠯᠠᠭᠰᠠᠨ ᠤ ᠳᠠᠷᠠᠭ᠎ᠠ᠂ ᠲᠡᠭᠦᠨ ᠤ ᠬᠠᠤᠯᠢ ᠶᠣᠰᠣᠭᠠᠷ ᠠᠭᠤᠷᠬᠠᠢ ᠮᠠᠯᠲᠠᠬᠤ | ᠡᠷᠬᠡ ᠭᠤᠶᠤᠴᠢᠯᠠᠨ ᠭᠦᠢᠴᠡᠳᠬᠡᠬᠦ ᠶᠢ ᠨᠢ ᠵᠥᠪᠰᠢᠶᠡᠷᠡᠨ᠎ᠡ᠃ | ᠳᠣᠯᠤᠭ᠎ᠠ᠂ ᠶᠠᠭ ᠰᠠᠶᠢᠬᠠᠨ ᠬᠠᠤᠯᠢ ᠶᠣᠰᠣᠭᠠᠷ ᠣᠯᠣᠭᠰᠠᠨ ᠬᠠᠮᠢᠶ᠎ᠠ ᠪᠦᠬᠦᠢ ᠭᠠᠷᠳᠠᠮ ᠢᠶᠠᠨ ᠭᠦᠢᠴᠡᠳᠬᠡᠵᠦ | ᠪᠠᠶᠢᠭ᠎ᠠ ᠦᠢᠯᠡᠳᠬᠡᠯ ᠤᠨ ᠦᠢᠯᠡᠰ ᠤᠨ ᠲᠥᠷᠥᠯ ᠵᠦᠢᠯ ᠳᠤ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ | ᠬᠠᠭᠤᠳᠠᠰᠤ ᠨᠢ ᠶᠠᠮᠠᠷ ᠲᠥᠷᠥ ᠶᠢᠨ ᠪᠣᠳᠣᠯᠭ᠎ᠠ ᠠᠪᠤᠭᠰᠠᠨ ᠪᠣᠢ︖ | ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠳᠠᠷᠤᠮᠠᠯᠯᠠᠨ ᠲᠠᠷᠬᠠᠭᠠᠬᠤ ᠠᠴᠠ ᠡᠮᠦᠨ᠎ᠡ | ᠨᠢᠭᠡᠨᠲᠡ ᠬᠠᠤᠯᠢ ᠶᠣᠰᠣᠭᠠᠷ ᠪᠦᠷᠢᠳᠬᠡᠨ ᠳᠠᠩᠰᠠᠯᠠᠭᠤᠯᠤᠭᠰᠠᠨ ︵ᠬᠠᠷᠭᠤᠭᠤᠯᠤᠨ ᠵᠥᠪᠰᠢᠶᠡᠷᠡᠭᠦᠯᠦᠭᠰᠡᠨ︶ ᠪᠢᠴᠢᠭ | ᠮᠠᠲ᠋ᠧᠷᠢᠶᠠᠯ ︵ᠬᠦᠰᠦᠨᠦᠭ︶᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠬᠦ ᠴᠣᠬᠤᠯᠠᠪᠤᠷᠢ ᠵᠡᠷᠭᠡ | ᠭᠠᠭᠴᠠ ᠲᠥᠷᠥᠯ ᠪᠤᠶᠤ ᠣᠯᠠᠨ ᠲᠥᠷᠥᠯ ᠤᠨ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠣᠯᠣᠭᠰᠠᠨ ᠢᠶᠠᠷ ᠪᠠᠷᠠᠬᠤ | ᠦᠭᠡᠢ᠂ ᠪᠢᠴᠢᠭ ᠮᠠᠲ᠋ᠧᠷᠢᠶᠠᠯ ︵ᠬᠦᠰᠦᠨᠦᠭ︶ ᠨᠢ ᠪᠦᠷ ᠬᠦᠴᠦᠨ ᠪᠦᠬᠦᠢ ᠬᠤᠭᠤᠴᠠᠭᠠᠨ ᠳᠠᠬᠢ ᠦᠢᠯᠡᠳᠬᠡᠯ ᠤᠨ | ᠦᠢᠯᠡᠰ ᠤᠨ ᠲᠥᠷᠥᠯ ᠵᠦᠢᠯ ᠪᠠᠶᠢᠪᠠᠯ᠂ ᠤᠰᠤ ᠬᠡᠷᠡᠭᠯᠡᠬᠦ᠂ ᠭᠠᠵᠠᠷ ᠰᠢᠷᠣᠢ ᠬᠡᠷᠡᠭᠯᠡᠬᠦ᠂ ᠲᠥᠯᠥᠪᠵᠢᠭᠦᠯᠬᠦ᠂ | ᠪᠦᠷᠢᠳᠬᠡᠨ ᠳᠠᠩᠰᠠᠯᠠᠭᠤᠯᠬᠤ᠂ ᠬᠠᠷᠭᠤᠭᠤᠯᠤᠨ ᠵᠥᠪᠰᠢᠶᠡᠷᠡᠭᠦᠯᠬᠦ ᠵᠡᠷᠭᠡ ᠬᠠᠮᠢᠶ᠎ᠠ ᠪᠦᠬᠦᠢ ᠭᠠᠷᠳᠠᠮ ᠢᠶᠠᠨ ᠬᠠᠤᠯᠢ | ᠶᠣᠰᠣᠭᠠᠷ ᠦᠷᠭᠦᠯᠵᠢᠯᠡᠨ ᠭᠦᠢᠴᠡᠳᠬᠡᠬᠦ ᠶᠢ ᠨᠢ ᠵᠥᠪᠰᠢᠶᠡᠷᠡᠨ᠎ᠡ᠃ | ᠨᠠᠢᠮᠠ᠂ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠨᠢ ᠪᠤᠰᠤᠳ ᠠᠳᠠᠯᠢ ᠲᠥᠷᠥᠯ ᠤᠨ | ᠠᠵᠤ ᠦᠢᠯᠡᠰ ᠤᠨ ᠲᠥᠷᠥ ᠶᠢᠨ ᠪᠣᠳᠣᠯᠭ᠎ᠠ ᠲᠠᠢ ᠶᠠᠮᠠᠷ ᠬᠠᠷᠢᠴᠠᠭ᠎ᠠ ᠲᠠᠢ ᠪᠣᠢ︖ | ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠤ ᠠᠵᠤ ᠦᠢᠯᠡᠰ ᠤᠨ ᠲᠥᠷᠥ ᠶᠢᠨ | ᠪᠣᠳᠣᠯᠭ᠎ᠠ ᠨᠤᠭᠤᠳ ᠤᠨ ᠵᠣᠬᠢᠴᠠᠯᠳᠤᠨ ᠨᠢᠭᠡᠳᠬᠦ ᠶᠢ ᠪᠠᠲᠤᠯᠠᠬᠤ ᠶᠢᠨ ᠲᠥᠯᠥᠭᠡ᠂ ᠬᠤᠷᠢᠭ᠎ᠠ ᠴᠠᠭᠠᠵᠠ ᠲᠠᠢ | ᠵᠦᠢᠯᠡᠰ ᠤᠨ ᠨᠠᠷᠢᠨ ᠬᠠᠭᠤᠳᠠᠰᠤ ᠶᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠤᠯᠤᠰ ᠤᠨ ᠭᠤᠣᠯᠳᠠᠯᠭ᠎ᠠ ᠲᠠᠢ | ᠠᠮᠢ ᠠᠬᠤᠢ ᠶᠢᠨ ᠴᠢᠳᠠᠮᠵᠢ ᠶᠢᠨ ᠣᠷᠣᠨ ᠤ ᠠᠵᠤ ᠦᠢᠯᠡᠰ ᠢ ᠵᠥᠪᠰᠢᠶᠡᠷᠡᠨ ᠣᠷᠣᠭᠤᠯᠬᠤ ᠠᠵᠢᠯ ᠶᠠᠪᠤᠳᠠᠯ ᠳᠤ | ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶ᠎ᠠ ᠪᠦᠬᠦᠢ ᠲᠣᠭᠲᠠᠭᠠᠯ ᠢ ᠬᠡᠷᠡᠭᠯᠡᠬᠦ ᠳᠤ | ᠲᠣᠬᠢᠷᠠᠨ᠎ᠠ︔ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠭᠤᠣᠯ ᠭᠠᠷᠤᠯᠲᠠ ᠶᠢᠨ ᠣᠷᠣᠨ ᠳᠤ ᠠᠵᠤ | ᠦᠢᠯᠡᠰ ᠢ ᠵᠥᠪᠰᠢᠶᠡᠷᠡᠨ ᠣᠷᠣᠭᠤᠯᠬᠤ ᠠᠵᠢᠯ ᠶᠠᠪᠤᠳᠠᠯ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠡᠭᠡᠭᠡᠨ ᠬᠥᠭᠵᠢᠭᠦᠯᠬᠦ ᠶᠢ ᠬᠢᠵᠠᠭᠠᠷᠯᠠᠬᠤ ᠣᠷᠣᠨ ᠪᠦᠰᠡ ᠶᠢᠨ ᠬᠢᠵᠠᠭᠠᠷᠯᠠᠬᠤ ᠲᠥᠷᠥᠯ ᠪᠠ ᠴᠠᠭᠠᠵᠠᠯᠠᠬᠤ | ᠲᠥᠷᠥᠯ ᠤᠨ ᠠᠵᠤ ᠦᠢᠯᠡᠰ ᠢ ᠵᠢᠯᠣᠭᠤᠳᠬᠤ ᠭᠠᠷᠴᠠᠭ ︵2016 ᠣᠨ ᠤ ᠬᠡᠪᠯᠡᠯ︶︾ ︵ᠥᠪᠥᠷ ᠵᠠᠰᠠᠭ ᠠᠯᠪᠠᠨ | ᠲᠠᠷᠬᠠᠭᠠᠭᠰᠠᠨ ﹇2016﹈ 127 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠢ ᠦᠷᠭᠦᠯᠵᠢᠯᠡᠨ | ᠬᠡᠷᠡᠭᠵᠢᠭᠦᠯᠦᠨ᠎ᠡ᠃ | |