ᠤᠯᠤᠰ ᠤᠨ ᠡᠷᠡᠭᠦᠯ ᠬᠠᠮᠠᠭᠠᠯᠠᠯ ᠡᠷᠡᠭᠦᠯ ᠡᠩᠬᠡ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ | ᠣᠶᠢᠷ᠎ᠠ ᠳᠤ ᠳᠠᠷᠤᠮᠠᠯᠯᠠᠨ ᠲᠠᠷᠬᠠᠭᠠᠭᠰᠠᠨ ︽ᠳᠠᠭᠤᠷᠢᠶᠠᠮᠠᠯ ᠨᠠᠶᠢᠷᠠᠯᠭ᠎ᠠ ᠲᠠᠢ ᠡᠮ ᠢ ᠬᠠᠩᠭᠠᠨ ᠪᠠᠲᠤᠯᠠᠬᠤ ᠵᠢᠴᠢ | ᠬᠡᠷᠡᠭᠯᠡᠬᠦ ᠲᠥᠷᠥ ᠶᠢᠨ ᠪᠣᠳᠣᠯᠭ᠎ᠠ ᠶᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠰᠠᠨᠠᠯ︾ ᠤᠨ ᠲᠤᠬᠠᠢ ᠲᠤᠰ | ᠰᠣᠨᠢᠨ ᠤ ᠰᠤᠷᠪᠤᠯᠵᠢᠯᠠᠭᠴᠢ ᠶᠢᠨ ᠬᠠᠮᠢᠶ᠎ᠠ ᠪᠦᠬᠦᠢ ᠠᠰᠠᠭᠤᠯᠲᠠ ᠶᠢ ᠬᠠᠷᠢᠭᠤᠯᠪᠠ᠃ | ᠠᠰᠠᠭᠤᠯᠲᠠ᠄ ︽ᠰᠠᠨᠠᠯ︾ ᠢ ᠲᠣᠭᠲᠠᠭᠠᠭᠰᠠᠨ ᠠᠬᠤᠢ ᠪᠠᠶᠢᠳᠠᠯ ᠨᠢ ᠶᠠᠭᠤ ᠪᠣᠢ︖ ᠶᠠᠮᠠᠷ ᠴᠢᠬᠤᠯᠠ ᠠᠴᠢ | ᠬᠤᠯᠪᠣᠭᠳᠠᠯ ᠲᠠᠢ ᠪᠣᠢ︖ | ᠬᠠᠷᠢᠭᠤᠯᠲᠠ᠄ ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠳᠠᠭᠤᠷᠢᠶᠠᠮᠠᠯ ᠨᠠᠶᠢᠷᠠᠯᠭ᠎ᠠ ᠲᠠᠢ ᠡᠮ ᠤᠨ | ᠠᠵᠢᠯ ᠲᠥᠷᠥᠯ ᠲᠦᠷᠭᠡᠨ ᠬᠥᠭᠵᠢᠵᠦ᠂ ᠠᠵᠤ ᠦᠢᠯᠡᠰ ᠤᠨ ᠬᠡᠪᠴᠢᠶ᠎ᠡ ᠨᠢ ᠲᠠᠰᠤᠷᠠᠯᠲᠠ ᠦᠭᠡᠢ ᠥᠷᠭᠡᠵᠢᠨ᠂ | ᠲᠤᠭ᠎ᠠ ᠬᠡᠮᠵᠢᠶ᠎ᠡ ᠲᠥᠷᠥᠯ ᠵᠦᠢᠯ ᠨᠢ ᠲᠠᠰᠤᠷᠠᠯᠲᠠ ᠦᠭᠡᠢ ᠣᠯᠠᠰᠢᠷᠠᠵᠤ᠂ 17 ᠲᠦᠮᠡ ᠣᠷᠴᠢᠮ ᠤᠨ ᠡᠮ ᠤᠨ | ᠵᠦᠢᠯᠡᠰ ᠤᠨ ᠴᠣᠬᠤᠯᠠᠪᠤᠷᠢ ᠪᠢᠴᠢᠭ ᠳᠣᠲᠣᠷ᠎ᠠ 95% ᠠᠴᠠ ᠳᠡᠭᠡᠭᠰᠢᠬᠢ ᠨᠢ ᠪᠦᠷ ᠳᠠᠭᠤᠷᠢᠶᠠᠮᠠᠯ ᠨᠠᠶᠢᠷᠠᠯᠭ᠎ᠠ ᠲᠠᠢ | ᠡᠮ ᠪᠠᠶᠢᠵᠤ᠂ ᠥᠷᠭᠡᠨ ᠣᠯᠠᠨ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠡᠩᠬᠡ ᠶᠢ ᠪᠠᠲᠤᠯᠠᠬᠤ ᠳᠤ | ᠴᠢᠬᠤᠯᠠ ᠶᠡᠭᠡ ᠬᠤᠪᠢ ᠨᠡᠮᠡᠷᠢ ᠦᠵᠡᠭᠦᠯᠵᠡᠢ᠃ ᠭᠡᠲᠡᠯ᠎ᠡ ᠡᠯ᠎ᠡ ᠵᠦᠢᠯ ᠤᠨ ᠰᠢᠯᠲᠠᠭᠠᠨ ᠠᠴᠠ ᠪᠣᠯᠵᠤ᠂ ᠮᠠᠨ ᠤ | ᠤᠯᠤᠰ ᠤᠨ ᠳᠠᠭᠤᠷᠢᠶᠠᠮᠠᠯ ᠨᠠᠶᠢᠷᠠᠯᠭ᠎ᠠ ᠲᠠᠢ ᠡᠮ ᠤᠨ ᠠᠵᠢᠯ ᠲᠥᠷᠥᠯ ᠲᠣᠮᠣ ᠪᠣᠯᠪᠠᠴᠤ ᠬᠦᠴᠦᠷᠬᠡᠭ ᠪᠤᠰᠤ᠂ | ᠡᠮ ᠤᠨ ᠵᠦᠢᠯᠡᠰ ᠤᠨ ᠶᠠᠰᠤ ᠴᠢᠨᠠᠷ ᠤᠨ ᠵᠥᠷᠢᠶ᠎ᠡ ᠬᠠᠷᠢᠴᠠᠩᠭᠤᠢ ᠶᠡᠭᠡ᠂ ᠴᠢᠨᠠᠷ ᠰᠠᠶᠢᠲᠠᠢ ᠡᠮ ᠤᠨ ᠵᠦᠢᠯᠡᠰ ᠤᠨ | ᠵᠠᠬ᠎ᠠ ᠳᠡᠯᠭᠡᠭᠦᠷ ᠨᠢ ᠭᠤᠣᠯᠳᠠᠭᠤ ᠤᠯᠤᠰ ᠤᠨ ᠭᠠᠳᠠᠭᠠᠳᠤ ᠶᠢᠨ ᠤᠤᠯ ᠤᠨ ᠨᠠᠶᠢᠷᠠᠯᠭ᠎ᠠ ᠲᠠᠢ ᠡᠮ ᠳᠤ ᠡᠵᠡᠯᠡᠭᠳᠡᠵᠦ᠂ | ᠴᠢᠨᠠᠷ ᠰᠠᠶᠢᠲᠠᠢ ᠳᠠᠭᠤᠷᠢᠶᠠᠮᠠᠯ ᠨᠠᠶᠢᠷᠠᠯᠭ᠎ᠠ ᠲᠠᠢ ᠡᠮ ᠳᠠᠬᠢ ᠥᠷᠭᠡᠨ ᠣᠯᠠᠨ ᠠᠷᠠᠳ ᠲᠦᠮᠡᠨ ᠤ ᠬᠡᠷᠡᠭᠴᠡᠭᠡ | ᠱᠠᠭᠠᠷᠳᠠᠯᠭ᠎ᠠ ᠨᠢ ᠣᠳᠣ ᠶᠢᠨ ᠬᠡᠷᠡᠭᠯᠡᠭᠳᠡᠵᠦ ᠪᠠᠶᠢᠭ᠎ᠠ ᠡᠮ ᠤᠨ ᠵᠦᠢᠯᠡᠰ ᠤᠨ ᠳᠠᠭᠠᠭᠠᠨ ᠬᠦᠴᠦᠷᠡᠬᠦ ᠴᠢᠨᠠᠷ ᠪᠠ | ᠳᠠᠭᠠᠭᠠᠨ ᠡᠭᠦᠷᠭᠡᠯᠡᠬᠦ ᠴᠢᠨᠠᠷ ᠲᠠᠢ ᠪᠠᠰᠠ ᠵᠣᠬᠢᠬᠤ ᠵᠥᠷᠢᠶ᠎ᠡ ᠣᠷᠣᠰᠢᠵᠤ ᠪᠠᠶᠢᠨ᠎ᠠ ᠭᠡᠳᠡᠭ ᠢ ᠦᠵᠡᠵᠦ ᠭᠠᠷᠬᠤ | ᠬᠡᠷᠡᠭᠲᠡᠢ᠃ | ᠳᠠᠭᠤᠷᠢᠶᠠᠮᠠᠯ ᠨᠠᠶᠢᠷᠠᠯᠭ᠎ᠠ ᠲᠠᠢ ᠡᠮ ᠨᠢ ᠳᠠᠭᠤᠷᠢᠶᠠᠭᠳᠠᠮᠠᠯ ᠨᠠᠶᠢᠷᠠᠯᠭ᠎ᠠ ᠲᠠᠢ ᠡᠮ ᠲᠠᠢ ᠢᠵᠢᠯᠢᠬᠡᠨ ᠢᠳᠡᠪᠬᠢ | ᠨᠠᠶᠢᠷᠠᠯᠭ᠎ᠠ᠂ ᠨᠠᠶᠢᠷᠠᠯᠭ᠎ᠠ ᠶᠢᠨ ᠬᠡᠯᠪᠡᠷᠢ᠂ ᠡᠮ ᠬᠠᠩᠭᠠᠬᠤ ᠠᠷᠭ᠎ᠠ ᠵᠠᠮ ᠪᠠ ᠡᠮᠨᠡᠨ ᠵᠠᠰᠠᠬᠤ ᠦᠢᠯᠡᠳᠦᠯ ᠲᠠᠢ | ᠣᠷᠣᠯᠠᠭᠴᠢ ᠡᠮ ᠪᠠᠶᠢᠵᠤ᠂ ᠡᠮᠴᠢᠯᠡᠭᠡ ᠶᠢᠨ ᠵᠠᠷᠤᠯᠭ᠎ᠠ ᠶᠢ ᠪᠠᠭᠤᠷᠠᠭᠤᠯᠬᠤ᠂ ᠡᠮ ᠤᠨ ᠵᠦᠢᠯᠡᠰ ᠤᠨ ᠳᠠᠭᠠᠭᠠᠨ | ᠬᠦᠴᠦᠷᠡᠬᠦ ᠴᠢᠨᠠᠷ ᠢ ᠨᠡᠮᠡᠭᠳᠡᠭᠦᠯᠬᠦ᠂ ᠡᠮᠴᠢᠯᠡᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ | ᠠᠵᠤ ᠠᠬᠤᠢ ᠪᠠ ᠨᠡᠶᠢᠭᠡᠮ ᠤᠨ ᠴᠢᠬᠤᠯᠠ ᠦᠷ᠎ᠡ ᠠᠰᠢᠭ ᠲᠠᠢ ᠪᠠᠶᠢᠳᠠᠭ᠃ ᠳᠡᠯᠡᠬᠡᠢ ᠳᠡᠭᠡᠷ᠎ᠡ ᠨᠡᠶᠢᠳᠡᠮ ᠳᠤ ᠪᠠᠨ | ᠰᠢᠨ᠎ᠡ ᠶᠢ ᠡᠭᠦᠳᠬᠦ ᠪᠠ ᠳᠠᠭᠤᠷᠢᠶᠠᠨ ᠦᠢᠯᠡᠳᠬᠦ ᠶᠢ ᠵᠣᠷᠢᠭᠵᠢᠭᠤᠯᠬᠤ ᠶᠢᠨ ᠵᠡᠷᠭᠡ ᠪᠠᠷ ᠴᠢᠬᠤᠯᠠᠴᠢᠯᠠᠬᠤ ᠲᠥᠷᠥ ᠶᠢᠨ | ᠪᠣᠳᠣᠯᠭ᠎ᠠ ᠶᠢᠨ ᠬᠠᠨᠳᠤᠯᠭ᠎ᠠ ᠠᠪᠬᠤ ᠶᠢᠨ ᠬᠠᠮᠲᠤ᠂ ᠳᠠᠭᠤᠷᠢᠶᠠᠮᠠᠯ ᠨᠠᠶᠢᠷᠠᠯᠭ᠎ᠠ ᠲᠠᠢ ᠡᠮ ᠢ ᠰᠤᠳᠤᠯᠤᠨ ᠠᠰᠢᠭᠯᠠᠵᠤ | ᠰᠢᠨ᠎ᠡ ᠶᠢ ᠡᠭᠦᠳᠬᠦ᠂ ᠬᠠᠩᠭᠠᠨ ᠪᠠᠲᠤᠯᠠᠬᠤ᠂ ᠡᠮᠴᠢᠯᠡᠭᠡ ᠳᠤ ᠬᠡᠷᠡᠭᠯᠡᠬᠦ ᠵᠡᠷᠭᠡ ᠶᠢ ᠠᠬᠢᠭᠤᠯᠬᠤ ᠵᠡᠷᠭᠡ ᠲᠠᠯ᠎ᠠ ᠪᠠᠷ | ᠢᠳᠡᠪᠬᠢᠲᠡᠢ ᠰᠦᠪᠡᠭᠴᠢᠯᠡᠯᠲᠡ ᠬᠢᠵᠦ ᠪᠠᠶᠢᠨ᠎ᠠ᠃ | ᠠᠰᠠᠭᠤᠯᠲᠠ᠄ ︽ᠰᠠᠨᠠᠯ︾ ᠳᠤ ᠳᠠᠭᠤᠷᠢᠶᠠᠮᠠᠯ ᠨᠠᠶᠢᠷᠠᠯᠭ᠎ᠠ ᠲᠠᠢ ᠡᠮ ᠢ ᠰᠤᠳᠤᠯᠤᠨ ᠠᠰᠢᠭᠯᠠᠬᠤ ᠶᠢ | ᠠᠬᠢᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖ | ᠬᠠᠷᠢᠭᠤᠯᠲᠠ᠄ ᠨᠢᠭᠡ ᠳᠤ᠂ ᠤᠯᠤᠰ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠮ ᠤᠨ ᠵᠦᠢᠯᠡᠰ ᠤᠨ | ᠬᠠᠩᠭᠠᠯᠭ᠎ᠠ ᠬᠡᠷᠡᠭᠴᠡᠭᠡᠨ ᠤ ᠪᠠᠶᠢᠳᠠᠯ ᠢ ᠴᠠᠭ ᠲᠤᠬᠠᠢ ᠳᠤ ᠨᠢ ᠡᠵᠡᠮᠰᠢᠬᠦ ᠪᠠ ᠨᠡᠶᠢᠲᠡᠯᠡᠵᠦ᠂ ᠳᠠᠭᠤᠷᠢᠶᠠᠨ | ᠦᠢᠯᠡᠳᠬᠦ ᠶᠢ ᠵᠣᠷᠢᠭᠵᠢᠭᠤᠯᠬᠤ ᠡᠮ ᠤᠨ ᠵᠦᠢᠯᠡᠰ ᠤᠨ ᠭᠠᠷᠴᠠᠭ ᠢ ᠲᠣᠭᠲᠠᠮᠠᠯ ᠬᠤᠭᠤᠴᠠᠭ᠎ᠠ ᠲᠠᠢ ᠪᠠᠷ | ᠲᠣᠭᠲᠠᠭᠠᠬᠤ ᠶᠢᠨ ᠬᠠᠮᠲᠤ᠂ ᠨᠡᠶᠢᠲᠡ ᠳᠤ ᠨᠡᠶᠢᠲᠡᠯᠡᠵᠦ᠂ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ | ᠠᠵᠤ ᠠᠬᠤᠶᠢᠯᠠᠯ ᠤᠳ ᠤᠨ ᠡᠮᠴᠢᠯᠡᠭᠡ ᠳᠤ ᠵᠠᠪᠠᠯ ᠱᠠᠭᠠᠷᠳᠠᠭᠳᠠᠬᠤ᠂ ᠡᠮᠨᠡᠯ ᠤᠨ ᠲᠤᠰᠠ ᠪᠠᠷ ᠣᠨᠣᠪᠴᠢᠲᠠᠢ᠂ | ᠬᠠᠩᠭᠠᠯᠭ᠎ᠠ ᠪᠠᠷ ᠳᠤᠲᠠᠮᠠᠭ ᠡᠮ ᠤᠨ ᠵᠦᠢᠯᠡᠰ ᠢ ᠳᠠᠭᠤᠷᠢᠶᠠᠨ ᠦᠢᠯᠡᠳᠬᠦ ᠶᠢ ᠵᠣᠷᠢᠭᠵᠢᠭᠤᠯᠤᠨ᠎ᠠ᠃ ᠬᠤᠶᠠᠷ ᠲᠤ᠂ | ᠡᠮ ᠤᠨ ᠵᠦᠢᠯᠡᠰ ᠢ ᠳᠠᠭᠤᠷᠢᠶᠠᠨ ᠦᠢᠯᠡᠳᠬᠦ ᠶᠢ ᠵᠣᠷᠢᠭᠵᠢᠭᠤᠯᠬᠤ ᠨᠡᠶᠢᠲᠡᠴᠢ ᠴᠢᠨᠠᠷᠲᠠᠢ ᠵᠠᠩᠭᠢᠯᠠᠭ᠎ᠠ ᠶᠢᠨ | ᠮᠡᠷᠭᠡᠵᠢᠯ ᠤᠨ ᠰᠤᠳᠤᠯᠤᠯᠲᠠ ᠶᠢ ᠤᠯᠤᠰ ᠤᠨ ᠬᠠᠮᠢᠶ᠎ᠠ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠳᠤ | ᠣᠷᠣᠭᠤᠯᠵᠤ᠂ ᠦᠢᠯᠡᠳᠪᠦᠷᠢᠯᠡᠬᠦ ᠰᠤᠷᠭᠠᠬᠤ ᠰᠤᠳᠤᠯᠬᠤ ᠡᠮᠴᠢᠯᠡᠭᠡᠨ ᠤ ᠬᠡᠷᠡᠭᠯᠡᠭᠡ ᠶᠢ ᠵᠣᠬᠢᠴᠠᠭᠤᠯᠤᠨ ᠰᠢᠨ᠎ᠡ ᠶᠢ | ᠡᠭᠦᠳᠬᠦ ᠲᠣᠭᠲᠠᠴᠠ ᠶᠢ ᠪᠦᠷᠢᠨᠰᠢᠭᠦᠯᠦᠨ᠎ᠡ᠃ ᠭᠤᠷᠪᠠ ᠳᠤ᠂ ᠡᠮ ᠤᠨ ᠵᠦᠢᠯᠡᠰ ᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠲᠡᠭᠦᠯᠳᠡᠷᠵᠢᠭᠦᠯᠵᠦ᠂ ᠮᠠᠨ ᠤ ᠤᠯᠤᠰ ᠤᠨ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠪᠠ ᠠᠵᠤ ᠦᠢᠯᠡᠰ ᠤᠨ ᠬᠥᠭᠵᠢᠯᠲᠡ ᠶᠢᠨ ᠱᠠᠲᠤ ᠲᠠᠢ | ᠵᠣᠬᠢᠴᠠᠯᠳᠤᠭᠰᠠᠨ ᠡᠮ ᠤᠨ ᠵᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠠᠮᠠᠭᠠᠯᠠᠯᠲᠠ ᠶᠢᠨ ᠳᠦᠷᠢᠮ ᠢ ᠰᠤᠳᠤᠯᠤᠨ ᠲᠡᠭᠦᠯᠳᠡᠷᠵᠢᠭᠦᠯᠦᠨ᠎ᠡ᠃ | ᠠᠰᠠᠭᠤᠯᠲᠠ᠄ ︽ᠰᠠᠨᠠᠯ︾ ᠳᠤ ᠳᠠᠭᠤᠷᠢᠶᠠᠮᠠᠯ ᠨᠠᠶᠢᠷᠠᠯᠭ᠎ᠠ ᠲᠠᠢ ᠡᠮ ᠤᠨ ᠶᠠᠰᠤ ᠴᠢᠨᠠᠷ ᠡᠮᠨᠡᠯ ᠤᠨ ᠲᠤᠰᠠ ᠶᠢ | ᠳᠡᠭᠡᠭᠰᠢᠯᠡᠭᠦᠯᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖ | ᠬᠠᠷᠢᠭᠤᠯᠲᠠ᠄ ᠳᠠᠭᠤᠷᠢᠶᠠᠮᠠᠯ ᠨᠠᠶᠢᠷᠠᠯᠭ᠎ᠠ ᠲᠠᠢ ᠡᠮ ᠤᠨ ᠶᠠᠰᠤ ᠴᠢᠨᠠᠷ ᠡᠮᠨᠡᠯ ᠤᠨ ᠲᠤᠰᠠ ᠶᠢ | ᠳᠡᠭᠡᠭᠰᠢᠯᠡᠭᠦᠯᠬᠦ ᠲᠠᠯ᠎ᠠ ᠪᠠᠷ᠂ ︽ᠰᠠᠨᠠᠯ︾ ᠳᠤ 5 ᠲᠠᠯ᠎ᠠ ᠶᠢᠨ ᠠᠷᠭ᠎ᠠ ᠬᠡᠮᠵᠢᠶ᠎ᠡ ᠠᠪᠤᠪᠠ᠄ ᠨᠢᠭᠡ ᠳᠤ᠂ ᠳᠠᠭᠤᠷᠢᠶᠠᠮᠠᠯ | ᠨᠠᠶᠢᠷᠠᠯᠭ᠎ᠠ ᠲᠠᠢ ᠡᠮ ᠤᠨ ᠶᠠᠰᠤ ᠴᠢᠨᠠᠷ ᠪᠠ ᠡᠮᠨᠡᠯ ᠤᠨ ᠲᠤᠰᠠ ᠶᠢᠨ ᠨᠢᠭᠡᠳᠦᠯᠲᠡᠢ ᠴᠢᠨᠠᠷ ᠢ ᠦᠨᠡᠯᠡᠬᠦ ᠠᠵᠢᠯ ᠢ | ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠳᠠᠭᠤᠷᠢᠶᠠᠮᠠᠯ ᠨᠠᠶᠢᠷᠠᠯᠭ᠎ᠠ ᠲᠠᠢ | ᠡᠮ ᠤᠨ ᠶᠠᠰᠤ ᠴᠢᠨᠠᠷ ᠪᠠ ᠡᠮᠨᠡᠯ ᠤᠨ ᠲᠤᠰᠠ ᠶᠢᠨ ᠨᠢᠭᠡᠳᠦᠯᠲᠡᠢ ᠴᠢᠨᠠᠷ ᠤᠨ ᠦᠨᠡᠯᠡᠯᠲᠡ ᠶᠢ ᠥᠷᠨᠢᠭᠦᠯᠬᠦ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠤᠨ᠎ᠠ᠃ ᠬᠤᠶᠠᠷ ᠲᠤ᠂ | ᠡᠮ ᠳᠤ ᠬᠡᠷᠡᠭᠯᠡᠬᠦ ᠲᠦᠭᠦᠬᠡᠢ ᠮᠠᠲ᠋ᠧᠷᠢᠶᠠᠯ ᠬᠢᠭᠡᠳ ᠲᠤᠰᠠᠯᠠᠬᠤ ᠮᠠᠲ᠋ᠧᠷᠢᠶᠠᠯ ᠪᠠ ᠪᠣᠭᠤᠳᠠᠯᠯᠠᠬᠤ ᠮᠠᠲ᠋ᠧᠷᠢᠶᠠᠯ ᠤᠨ | ᠶᠠᠰᠤ ᠴᠢᠨᠠᠷ ᠤᠨ ᠪᠠᠷᠢᠮᠵᠢᠶᠠᠨ ᠤ ᠳᠦᠷᠢᠮ ᠳᠤ ᠵᠠᠰᠠᠪᠤᠷᠢ ᠣᠷᠣᠭᠤᠯᠬᠤ᠂ ᠡᠮ ᠳᠤ ᠬᠡᠷᠡᠭᠯᠡᠬᠦ ᠲᠦᠭᠦᠬᠡᠢ ᠮᠠᠲ᠋ᠧᠷᠢᠶᠠᠯ | ᠬᠢᠭᠡᠳ ᠲᠤᠰᠠᠯᠠᠬᠤ ᠮᠠᠲ᠋ᠧᠷᠢᠶᠠᠯ ᠪᠠ ᠪᠣᠭᠤᠳᠠᠯᠯᠠᠬᠤ ᠮᠠᠲ᠋ᠧᠷᠢᠶᠠᠯ ᠢ ᠰᠤᠳᠤᠯᠤᠨ ᠬᠥᠭᠵᠢᠭᠦᠯᠬᠦ ᠪᠠᠨ ᠴᠢᠩᠭᠠᠳᠬᠠᠬᠤ᠂ | ᠭᠠᠳᠠᠭᠠᠳᠤ ᠶᠢᠨ ᠲᠡᠷᠢᠭᠦᠨ ᠤ ᠮᠡᠷᠭᠡᠵᠢᠯ ᠢ ᠢᠳᠡᠪᠬᠢᠲᠡᠢ ᠪᠠᠷ ᠣᠷᠣᠭᠤᠯᠬᠤ ᠵᠡᠷᠭᠡ ᠶᠢ ᠥᠷᠨᠢᠭᠦᠯᠵᠦ᠂ ᠮᠡᠷᠭᠡᠵᠢᠯ ᠤᠨ | ᠳᠡᠰ ᠳᠡᠪᠰᠢᠯᠲᠡ ᠶᠢ ᠠᠬᠢᠭᠤᠯᠤᠨ᠂ ᠴᠡᠪᠡᠷᠰᠢᠭᠦᠯᠬᠦ᠂ ᠶᠠᠰᠤ ᠴᠢᠨᠠᠷ ᠢ ᠡᠵᠡᠮᠳᠡᠬᠦ ᠵᠡᠷᠭᠡ ᠵᠠᠩᠭᠢᠯᠠᠭ᠎ᠠ ᠶᠢᠨ | ᠮᠡᠷᠭᠡᠵᠢᠯ ᠳᠠᠬᠢ ᠰᠢᠪᠲᠤᠯᠤᠯᠲᠠ ᠶᠢ ᠠᠬᠢᠭᠤᠯᠤᠨ᠎ᠠ᠃ ᠭᠤᠷᠪᠠ ᠳᠤ᠂ ᠵᠠᠩᠭᠢᠯᠠᠭ᠎ᠠ ᠶᠢᠨ ᠲᠣᠨᠣᠭᠯᠠᠯ ᠢ ᠰᠤᠳᠤᠯᠤᠨ | ᠦᠢᠯᠡᠳᠬᠦ ᠴᠢᠳᠠᠪᠤᠷᠢ ᠪᠠ ᠲᠣᠨᠣᠭᠯᠠᠯ ᠤᠨ ᠰᠢᠨᠵᠢ ᠴᠢᠳᠠᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ | ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠤᠷᠠᠯᠠᠯ ᠤᠨ ᠦᠢᠯᠡᠳᠪᠦᠷᠢᠯᠡᠯ ᠤᠨ ᠬᠠᠮᠢᠶᠠᠷᠤᠯᠲᠠ ᠶᠢ ᠰᠢᠯᠢᠳᠡᠭᠵᠢᠭᠦᠯᠦᠨ | ᠰᠠᠶᠢᠵᠢᠷᠠᠭᠤᠯᠤᠨ᠎ᠠ᠃ ᠳᠥᠷᠪᠡ ᠳᠤ᠂ ᠡᠮ ᠤᠨ ᠵᠦᠢᠯᠡᠰ ᠤᠨ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠪᠠᠨ | ᠴᠢᠩᠳᠠᠯᠠᠵᠤ᠂ ᠡᠮ ᠤᠨ ᠵᠦᠢᠯᠡᠰ ᠤᠳ ᠢ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠳᠠᠭᠤᠷᠢᠶᠠᠮᠠᠯ ᠨᠠᠶᠢᠷᠠᠯᠭ᠎ᠠ ᠲᠠᠢ ᠡᠮ ᠢ ᠳᠠᠩᠰᠠᠯᠠᠭᠤᠯᠬᠤ ᠪᠠᠷ ᠭᠤᠶᠤᠴᠢᠯᠠᠬᠤ ᠮᠡᠷᠭᠡᠵᠢᠯ ᠤᠨ | ᠪᠠᠷᠢᠮᠵᠢᠶ᠎ᠠ ᠪᠠ ᠵᠦᠭᠯᠡᠭᠦᠷ ᠤᠨ ᠰᠢᠰᠲ᠋ᠧᠮᠴᠢ ᠶᠢ ᠲᠡᠭᠦᠯᠳᠡᠷᠵᠢᠭᠦᠯᠵᠦ᠂ ᠳᠠᠭᠤᠷᠢᠶᠠᠮᠠᠯ ᠨᠠᠶᠢᠷᠠᠯᠭ᠎ᠠ ᠲᠠᠢ ᠡᠮ ᠤᠨ ᠶᠠᠰᠤ | ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠪᠠ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠦᠷ᠎ᠡ ᠠᠰᠢᠭ ᠢ ᠨᠢ | ᠳᠡᠭᠡᠭᠰᠢᠯᠡᠭᠦᠯᠦᠨ᠎ᠡ᠃ ᠲᠠᠪᠤ ᠳᠤ᠂ ᠳᠠᠭᠤᠷᠢᠶᠠᠮᠠᠯ ᠨᠠᠶᠢᠷᠠᠯᠭ᠎ᠠ ᠲᠠᠢ ᠡᠮ ᠤᠨ ᠪᠦᠬᠦ ᠶᠠᠪᠤᠴᠠ ᠶᠢ ᠬᠠᠮᠤᠷᠤᠭᠰᠠᠨ ᠶᠠᠰᠤ | ᠴᠢᠨᠠᠷ ᠤᠨ ᠬᠠᠮᠢᠶᠠᠷᠤᠯᠲᠠ ᠪᠠ ᠶᠠᠰᠤ ᠴᠢᠨᠠᠷ ᠢ ᠮᠦᠷᠳᠡᠬᠦ ᠳᠦᠷᠢᠮ ᠢ ᠲᠦᠷᠭᠡᠳᠬᠡᠨ ᠠᠬᠢᠭᠤᠯᠤᠨ᠎ᠠ᠃ | ᠠᠰᠠᠭᠤᠯᠲᠠ᠄ ︽ᠰᠠᠨᠠᠯ︾ ᠳᠤ ᠲᠥᠬᠦᠷᠵᠢᠭᠰᠡᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖ | ᠬᠠᠷᠢᠭᠤᠯᠲᠠ᠄ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠲᠠᠯ᠎ᠠ ᠪᠠᠷ᠂ ︽ᠰᠠᠨᠠᠯ︾ ᠳᠤ | ᠭᠤᠣᠯᠳᠠᠭᠤ ᠳᠣᠣᠷᠠᠬᠢ ᠬᠡᠳᠦᠨ ᠲᠠᠯ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠠᠢ᠄ ᠨᠢᠭᠡ ᠳᠤ᠂ ᠡᠮ ᠤᠨ ᠵᠦᠢᠯᠡᠰ ᠤᠨ | ᠨᠡᠶᠢᠳᠡᠮ ᠬᠡᠷᠡᠭᠯᠡᠭᠳᠡᠬᠦ ᠨᠡᠷ᠎ᠡ ᠪᠠᠷ ᠬᠤᠳᠠᠯᠳᠤᠨ ᠠᠪᠬᠤ ᠭᠠᠷᠴᠠᠭ ᠢ ᠨᠠᠶᠢᠷᠠᠭᠤᠯᠤᠨ ᠵᠣᠬᠢᠶᠠᠵᠤ᠂ ᠨᠥᠬᠦᠴᠡᠯ ᠳᠤ | ᠨᠡᠶᠢᠴᠡᠭᠰᠡᠨ ᠳᠠᠭᠤᠷᠢᠶᠠᠮᠠᠯ ᠨᠠᠶᠢᠷᠠᠯᠭ᠎ᠠ ᠲᠠᠢ ᠡᠮ ᠢ ᠴᠠᠭ ᠲᠤᠬᠠᠢ ᠳᠤ ᠨᠢ ᠬᠤᠳᠠᠯᠳᠤᠨ ᠠᠪᠬᠤ ᠭᠠᠷᠴᠠᠭ ᠤᠨ | ᠬᠡᠪᠴᠢᠶᠡᠨ ᠳᠤ ᠣᠷᠣᠭᠤᠯᠬᠤ ᠶᠢᠨ ᠬᠠᠮᠲᠤ᠂ ᠬᠤᠳᠠᠯᠳᠤᠨ ᠠᠪᠬᠤ ᠳᠡᠰ ᠳᠠᠷᠠᠭᠠᠯᠠᠯ ᠢ ᠴᠠᠭ ᠲᠤᠬᠠᠢ ᠳᠤ ᠨᠢ | ᠶᠠᠪᠤᠭᠳᠠᠭᠤᠯᠤᠨ᠎ᠠ᠃ ᠬᠤᠶᠠᠷ ᠲᠤ᠂ ᠶᠠᠰᠤ ᠴᠢᠨᠠᠷ ᠪᠠ ᠡᠮᠨᠡᠯ ᠤᠨ ᠲᠤᠰᠠ ᠪᠠᠷ ᠨᠢᠭᠡᠳᠦᠯᠲᠡᠢ ᠳᠠᠭᠤᠷᠢᠶᠠᠮᠠᠯ | ᠨᠠᠶᠢᠷᠠᠯᠭ᠎ᠠ ᠲᠠᠢ ᠡᠮ ᠢ ᠤᠤᠯ ᠤᠨ ᠨᠠᠶᠢᠷᠠᠯᠭ᠎ᠠ ᠲᠠᠢ ᠡᠮ ᠯᠤᠭ᠎ᠠ ᠬᠠᠷᠢᠯᠴᠠᠨ ᠣᠷᠣᠯᠠᠭᠤᠯᠵᠤ ᠪᠣᠯᠬᠤ ᠡᠮ ᠤᠨ | ᠵᠦᠢᠯᠡᠰ ᠤᠨ ᠭᠠᠷᠴᠠᠭ ᠲᠤ ᠣᠷᠣᠭᠤᠯᠵᠤ᠂ ᠲᠡᠭᠦᠨ ᠢ ᠲᠣᠳᠣᠷᠬᠠᠶᠢᠯᠠᠯᠲᠠ᠂ ᠱᠣᠰᠢᠭ᠎ᠠ ᠳᠤ ᠨᠢ ᠲᠣᠳᠣᠷᠬᠠᠶᠢᠯᠠᠵᠤ᠂ | ᠡᠮᠨᠡᠯᠭᠡ ᠶᠢᠨ ᠠᠵᠢᠯᠲᠠᠨ ᠪᠠ ᠡᠪᠡᠳᠴᠢᠲᠡᠨ ᠤ ᠰᠣᠩᠭᠤᠨ ᠬᠡᠷᠡᠭᠯᠡᠬᠦ ᠳᠤ ᠳᠥᠭᠦᠮ ᠦᠵᠡᠭᠦᠯᠦᠨ᠎ᠡ᠃ ᠭᠤᠷᠪᠠ ᠳᠤ᠂ | ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠲᠤ ᠣᠯᠭᠤᠬᠤ ᠪᠠᠷᠢᠮᠵᠢᠶ᠎ᠠ ᠶᠢ ᠲᠦᠷᠭᠡᠳᠬᠡᠨ ᠲᠣᠭᠲᠠᠭᠠᠵᠤ᠂ | ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠢ ᠬᠥᠳᠡᠯᠦᠩᠭᠦᠢ ᠪᠠᠷ ᠲᠣᠬᠢᠷᠠᠭᠤᠯᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠰᠢᠰᠲ᠋ᠧᠮ ᠢ | ᠴᠠᠭ ᠲᠤᠬᠠᠢ ᠳᠤ ᠨᠢ ᠰᠢᠨᠡᠴᠢᠯᠡᠵᠦ᠂ ᠤᠤᠯ ᠤᠨ ᠨᠠᠶᠢᠷᠠᠯᠭ᠎ᠠ ᠲᠠᠢ ᠡᠮ ᠤᠨ ᠵᠦᠢᠯᠡᠰ ᠤᠨ ᠶᠠᠰᠤ ᠴᠢᠨᠠᠷ ᠪᠠ | ᠡᠮᠨᠡᠯ ᠤᠨ ᠲᠤᠰᠠ ᠲᠠᠢ ᠨᠢᠭᠡᠳᠦᠯᠲᠡᠢ ᠳᠠᠭᠤᠷᠢᠶᠠᠮᠠᠯ ᠨᠠᠶᠢᠷᠠᠯᠭ᠎ᠠ ᠲᠠᠢ ᠡᠮ ᠢ ᠤᠤᠯ ᠤᠨ ᠨᠠᠶᠢᠷᠠᠯᠭ᠎ᠠ ᠪᠦᠬᠦᠢ ᠡᠮ ᠲᠠᠢ | ᠠᠳᠠᠯᠢ ᠪᠠᠷᠢᠮᠵᠢᠶ᠎ᠠ ᠪᠠᠷ ᠲᠣᠭᠠᠴᠠᠭ᠎ᠠ ᠬᠢᠨ᠎ᠡ᠃ ᠳᠥᠷᠪᠡ ᠳᠤ᠂ ᠡᠮ ᠤᠨ ᠵᠦᠢᠯᠡᠰ ᠤᠨ ᠲᠤᠰᠬᠠᠢ ᠠᠰᠢᠭ ᠲᠤ | ᠠᠯᠪᠠᠳᠠᠨ ᠵᠥᠪᠰᠢᠶᠡᠷᠡᠭᠦᠯᠬᠦ ᠠᠷᠭ᠎ᠠ ᠵᠠᠮ ᠬᠡᠷᠡᠭᠵᠢᠭᠦᠯᠬᠦ ᠶᠢ ᠲᠣᠳᠣᠷᠬᠠᠶᠢᠯᠠᠵᠤ᠂ ᠡᠮ ᠤᠨ ᠵᠦᠢᠯᠡᠰ ᠤᠨ ᠲᠤᠰᠬᠠᠢ | ᠠᠰᠢᠭ ᠤᠨ ᠠᠯᠪᠠᠳᠠᠨ ᠵᠥᠪᠰᠢᠶᠡᠷᠡᠭᠦᠯᠬᠦ ᠶᠢ ᠬᠠᠤᠯᠢ ᠶᠣᠰᠣᠭᠠᠷ ᠲᠥᠷᠥᠯ ᠬᠤᠪᠢᠶᠠᠨ ᠬᠡᠷᠡᠭᠵᠢᠭᠦᠯᠦᠨ᠂ ᠲᠤᠰᠬᠠᠢ | ᠠᠰᠢᠭ ᠤᠨ ᠡᠷᠬᠡᠲᠦ ᠬᠥᠮᠥᠨ ᠰᠠᠶᠢᠨ ᠳᠤᠷ᠎ᠠ ᠠᠴᠠ ᠪᠠᠨ ᠵᠥᠪᠰᠢᠶᠡᠷᠡᠬᠦ ᠶᠢ ᠵᠣᠷᠢᠭᠵᠢᠭᠤᠯᠵᠤ᠂ ᠨᠢᠭᠡᠴᠢ ᠪᠤᠶᠤ | ᠬᠤᠪᠢ ᠬᠥᠮᠥᠨ ᠬᠠᠤᠯᠢ ᠶᠣᠰᠣᠭᠠᠷ ᠠᠯᠪᠠᠳᠠᠨ ᠵᠥᠪᠰᠢᠶᠡᠷᠡᠭᠦᠯᠬᠦ ᠭᠤᠶᠤᠴᠢᠯᠠᠯᠲᠠ ᠳᠤᠷᠠᠳᠬᠤ ᠶᠢ ᠵᠥᠪᠰᠢᠶᠡᠷᠡᠨ᠂ | ᠴᠢᠬᠤᠯᠠᠲᠠᠢ ᠦᠶ᠎ᠡ ᠳᠤ ᠤᠯᠤᠰ ᠠᠴᠠ ᠠᠯᠪᠠᠳᠠᠨ ᠵᠥᠪᠰᠢᠶᠡᠷᠡᠭᠦᠯᠬᠦ ᠶᠢ ᠬᠡᠷᠡᠭᠵᠢᠭᠦᠯᠦᠨ᠎ᠡ᠃ ᠲᠠᠪᠤ ᠳᠤ᠂ ᠭᠠᠶᠢᠯᠢ | ᠲᠠᠲᠠᠪᠤᠷᠢ ᠶᠢᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ | ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠳᠠᠭᠤᠷᠢᠶᠠᠮᠠᠯ ᠨᠠᠶᠢᠷᠠᠯᠭ᠎ᠠ ᠲᠠᠢ ᠡᠮ ᠤᠨ ᠬᠡᠯᠪᠡᠷᠢ ᠶᠢ | ᠬᠤᠪᠢᠷᠠᠭᠤᠯᠤᠨ ᠳᠡᠰ ᠳᠡᠪᠰᠢᠭᠦᠯᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠡᠶᠢᠲᠡᠯᠡᠬᠦ ᠶᠢ | ᠵᠣᠷᠢᠭᠵᠢᠭᠤᠯᠵᠤ᠂ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠳᠠᠭᠤᠷᠢᠶᠠᠮᠠᠯ ᠨᠠᠶᠢᠷᠠᠯᠭ᠎ᠠ ᠲᠠᠢ | ᠡᠮ ᠤᠨ ᠠᠵᠤ ᠠᠬᠤᠶᠢᠯᠠᠯ ᠤᠨ ᠤᠷᠠᠯᠠᠯ ᠢᠶᠠᠨ ᠥᠭᠡᠷᠡᠴᠢᠯᠡᠨ ᠰᠠᠶᠢᠵᠢᠷᠠᠭᠤᠯᠬᠤ ᠶᠢ ᠨᠢ ᠳᠡᠮᠵᠢᠨ᠎ᠡ᠃ ᠵᠢᠷᠭᠤᠭ᠎ᠠ ᠳᠤ᠂ | ᠬᠠᠮᠢᠶ᠎ᠠ ᠪᠦᠬᠦᠢ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠤᠯᠤᠰ ᠯᠤᠭ᠎ᠠ ᠶᠢᠨ ᠰᠣᠯᠢᠯᠴᠠᠭ᠎ᠠ ᠪᠠᠨ | ᠴᠢᠩᠭᠠᠳᠬᠠᠵᠤ᠂ ᠡᠮ ᠤᠨ ᠵᠦᠢᠯᠡᠰ ᠢ ᠰᠤᠳᠤᠯᠤᠨ ᠬᠥᠭᠵᠢᠭᠦᠯᠬᠦ᠂ ᠳᠠᠩᠰᠠᠯᠠᠭᠤᠯᠬᠤ᠂ ᠵᠠᠬ᠎ᠠ ᠳᠡᠯᠭᠡᠭᠦᠷ ᠲᠤ | ᠭᠠᠷᠭᠠᠨ ᠪᠣᠷᠣᠯᠠᠭᠤᠯᠬᠤ ᠶᠢᠨ ᠳᠡᠯᠡᠬᠡᠶᠢᠴᠢᠯᠡᠬᠦ ᠠᠯᠬᠤᠴᠠ ᠪᠠᠨ ᠲᠦᠷᠭᠡᠳᠬᠡᠵᠦ᠂ ᠠᠵᠤ ᠠᠬᠤᠶᠢᠯᠠᠯ ᠤᠳ ᠤᠨ | ᠳᠡᠯᠡᠬᠡᠢ ᠶᠢᠨ ᠴᠢᠨᠠᠷᠲᠠᠢ ᠦᠢᠯᠡᠳᠪᠦᠷᠢᠯᠡᠬᠦ ᠴᠢᠳᠠᠪᠤᠷᠢ ᠶᠢᠨ ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠵᠦ᠂ ᠬᠢᠯᠢ | ᠠᠯᠤᠰᠯᠠᠭᠰᠠᠨ ᠰᠤᠳᠤᠯᠤᠨ ᠨᠡᠭᠡᠭᠡᠬᠦ ᠬᠠᠮᠲᠤᠷᠠᠯᠴᠠᠭᠠᠨ ᠤ ᠲᠠᠪᠴᠠᠩ ᠪᠠᠶᠢᠭᠤᠯᠵᠤ᠂ ᠳᠠᠭᠤᠷᠢᠶᠠᠮᠠᠯ ᠨᠠᠶᠢᠷᠠᠯᠭ᠎ᠠ ᠲᠠᠢ | ᠡᠮ ᠤᠨ ᠠᠵᠤ ᠦᠢᠯᠡᠰ ᠤᠨ ᠳᠡᠯᠡᠬᠡᠶᠢᠴᠢᠯᠡᠬᠦ ᠶᠢ ᠠᠬᠢᠭᠤᠯᠤᠨ᠎ᠠ᠃ | | |