ᠥᠪᠥᠷ ᠮᠣᠩᠭᠤᠯ ᠥᠪᠡᠷᠲᠡᠭᠡᠨ ᠵᠠᠰᠠᠬᠤ ᠣᠷᠣᠨ ᠤ ᠱᠠᠲᠤ ᠵᠢᠴᠢ ᠲᠡᠭᠦᠨ ᠠᠴᠠ ᠳᠣᠷᠣᠭᠰᠢᠬᠢ ᠠᠵᠤ ᠦᠢᠯᠡᠳᠪᠦᠷᠢ  ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠲᠤᠰᠬᠠᠶ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2018/5/24
     ᠦᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠠᠴᠠ ᠲᠤᠰᠬᠠᠭᠰᠠᠨ ᠰᠠᠨᠠᠯ ᠢᠶᠠᠷ ᠴᠡᠭᠴᠡᠯᠡᠨ ᠥᠭᠡᠷᠡᠴᠢᠯᠡᠬᠦ ᠶᠢ ᠨᠠᠶᠢᠳᠠᠪᠤᠷᠢᠵᠢᠭᠤᠯᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ  ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ 12 ᠪᠠᠶᠢᠴᠠᠭᠠᠬᠤ ᠳᠤᠭᠤᠶᠢᠯᠠᠩ ᠪᠠᠶᠢᠭᠤᠯᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠢ  ᠬᠠᠮᠠᠭᠠᠯᠠᠬᠤ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠵᠢᠴᠢ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠳᠤ ᠲᠤᠰᠬᠠᠢ ᠪᠠᠶᠢᠴᠠᠭᠠᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠱᠠᠲᠤ ᠵᠢᠴᠢ ᠲᠡᠭᠦᠨ ᠠᠴᠠ ᠳᠣᠷᠣᠭᠰᠢᠬᠢ ᠪᠤᠢ ᠪᠦᠬᠦᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠳ ᠢ ᠨᠢᠭᠡᠳ ᠨᠢᠭᠡ ᠪᠠᠷ  ᠪᠠᠶᠢᠳᠠᠯ ᠢ ᠨᠢ‌ᠣᠶᠢᠯᠠᠭᠠᠵᠤ ᠵᠢᠭᠰᠠᠭᠠᠨ ᠪᠠᠶᠢᠴᠠᠭᠠᠪᠠ᠃      ᠲᠤᠰᠬᠠᠶ ᠬᠠᠤᠯᠢ ᠶᠢᠨ ᠬᠡᠷᠡᠭᠵᠢᠭᠦᠯᠦᠯᠲᠡ ᠶᠢ ᠪᠠᠶᠢᠴᠠᠭᠠᠬᠤ ᠠᠵᠢᠯ ᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠎ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ︽ᠥᠪᠡᠷᠲᠡᠭᠡᠨ ᠵᠠᠰᠠᠬᠤ ᠣᠷᠣᠨ ᠤ ᠱᠠᠲᠤ ᠵᠢᠴᠢ ᠲᠡᠭᠦᠨ ᠠᠴᠠ ᠳᠣᠷᠣᠭᠰᠢᠬᠢ ᠠᠵᠤ ᠦᠢᠯᠡᠳᠪᠦᠷᠢ  ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠲᠤᠰᠬᠠᠶ ᠪᠠᠶᠢᠴᠠᠭᠠᠯᠲᠠ ᠶᠢᠨ ᠲᠥᠰᠦᠯ︾᠎ ᠢ ᠳᠠᠷᠤᠮᠠᠯᠯᠠᠨ ᠲᠠᠷᠬᠠᠭᠠᠭᠰᠠᠨ ᠪᠦᠭᠡᠳ ᠪᠠᠶᠢᠴᠠᠭᠠᠯᠲᠠ ᠬᠢᠬᠦ ᠠᠵᠢᠯᠲᠠᠳ ᠢ ᠲᠥᠪᠯᠡᠷᠡᠭᠦᠯᠦᠨ ᠪᠣᠯᠪᠠᠰᠤᠷᠠᠭᠤᠯᠵᠠᠢ᠃ 5 ᠳ᠋ᠤᠭᠠᠷ ᠰᠠᠷ᠎ᠠ ᠶᠢᠨ 11᠎ ᠤ ᠡᠳᠦᠷ ᠠᠴᠠ 20᠎ ᠤ ᠡᠳᠦᠷ ᠪᠣᠯᠲᠠᠯ᠎ᠠ᠂ ᠲᠤᠬᠠᠶ ᠵᠨ ᠭᠠᠵᠠᠷ ᠲᠤᠨᠢ ᠰᠤᠭᠤᠴᠢᠨ ᠪᠠᠶᠢᠴᠠᠭᠠᠬᠤ᠂ ᠥᠪᠡᠷᠲᠡᠭᠡᠨ ᠵᠠᠰᠠᠬᠤ ᠣᠷᠣᠨ ᠤ ᠱᠠᠲᠤ ᠵᠢᠴᠢ ᠲᠡᠭᠦᠨ ᠠᠴᠠ ᠳᠣᠷᠣᠭᠰᠢᠬᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠰᠢᠶᠳᠪᠦᠷᠢᠯᠡᠬᠦ ᠦᠢᠯᠡᠳᠪᠦᠷᠢ ᠶᠢᠨ ᠪᠦᠳᠤᠭᠡᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ᠂ ᠰᠢᠭᠠᠷᠤ ᠰᠢᠢᠳᠪᠦᠷᠢᠯᠡᠬᠦ ᠲᠠᠯᠠᠪᠤᠷ ᠤᠨ ᠪᠦᠳᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠵᠢᠴᠢ ᠠᠶᠤᠯᠲᠠᠶ ᠬᠠᠶᠠᠭᠳᠠᠮᠠᠯ ᠪᠤᠳᠠᠰ ᠢ ᠬᠠᠳᠠᠭᠠᠯᠠᠵᠤ ᠰᠢᠢᠳᠪᠦᠷᠢᠯᠡᠭᠰᠡᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠠᠵᠤ ᠦᠢᠯᠡᠳᠪᠦᠷᠢ ᠶᠢᠨ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ᠂ ᠬᠠᠲᠠᠭᠤ ᠠᠶᠤᠯᠲᠠᠶ ᠬᠠᠶᠠᠭᠳᠠᠮᠠᠯ ᠪᠤᠳᠠᠰ ᠢ ᠬᠠᠳᠠᠭᠠᠯᠠᠵᠤ ᠰᠢᠶᠳᠪᠦᠷᠢᠯᠡᠭᠰᠡᠨ ᠪᠠᠶᠢᠳᠠᠯ ᠵᠢᠴᠢ ᠬᠦᠷᠢᠶᠡᠯᠡᠩ ᠲᠣᠭᠤᠷᠢᠭ ᠤᠨ ᠳᠣᠲᠣᠷᠠᠬᠢ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠲᠤᠯ ᠢ ᠰᠡᠷᠭᠡᠶᠢᠯᠡᠨ ᠵᠠᠰᠠᠭᠰᠠᠨ ᠪᠠᠶᠢᠳᠠᠯ ᠢ ᠪᠦᠬᠦ ᠲᠠᠯ᠎ᠠ ᠪᠠᠷ ᠡᠵᠡᠮᠳᠡᠨ᠂ ᠠᠰᠠᠭᠤᠳᠠᠯ ᠢ ᠴᠠᠭ ᠲᠤᠬᠠᠶ ᠳᠤᠨᠢ ᠣᠯᠵᠤ ᠮᠡᠳᠡᠨ ᠣᠷᠴᠢᠨ ᠲᠣᠭᠤᠷᠢᠨ ᠤ ᠲᠠᠯᠳᠠ ᠭᠡᠮ ᠢ ᠠᠷᠢᠯᠭᠠᠵᠤ᠂ ᠲᠤᠰᠬᠠᠶ ᠪᠠᠶᠢᠴᠠᠭᠠᠯᠲᠠ ᠶᠢᠨ ᠠᠵᠢᠯ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号