| | 22 ᠤᠨ ᠡᠳᠦᠷ ᠤᠨ ᠦᠳᠡ ᠶᠢᠨ ᠡᠮᠦᠨ᠎ᠡ᠂ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠢ | ᠰᠡᠭᠦᠳᠡᠷᠯᠡᠨ ᠲᠡᠮᠳᠡᠭᠯᠡᠬᠦ ᠲᠤᠮᠤ ᠬᠡᠯᠪᠡᠷᠢ ᠶᠢᠨ ᠰᠢᠷᠢᠰ ᠭᠤᠣᠯ ᠰᠡᠳᠦᠪᠲᠦ ᠪᠠᠷᠢᠮᠲᠠᠲᠤ ᠺᠢᠨᠤ᠋ ︽ᠪᠣᠳᠠᠰ ᠤᠨ ᠪᠤᠰᠤ | ᠰᠣᠶᠣᠯ ᠤᠨ ᠥᠪ ᠳᠤᠮᠳᠠᠳᠤ ᠤᠯᠤᠰ ᠤᠨ ᠠᠶᠠᠯᠠᠯ · ᠥᠪᠥᠷ ᠮᠣᠩᠭᠤᠯ ᠳᠠᠬᠢ ᠠᠶᠠᠯᠠᠯ︾ ᠬᠥᠬᠡᠬᠤᠲᠠ ᠳᠤ | ᠵᠢᠩᠬᠢᠨᠢ ᠪᠠᠷ ᠡᠬᠢᠯᠡᠪᠡ᠃ ᠰᠡᠭᠦᠳᠡᠷᠯᠡᠨ ᠦᠢᠯᠡᠳᠬᠦ ᠳᠤᠭᠤᠶᠢᠯᠠᠩ ᠲᠤᠰᠬᠠᠶ ᠮᠡᠷᠭᠡᠵᠢᠯᠲᠡᠨ ᠤ ᠨᠤᠲᠠᠯᠠᠯᠲᠠ ᠪᠠ ᠨᠠᠷᠢᠨ | ᠬᠢᠨᠠᠮᠠᠭᠠᠢ ᠰᠤᠩᠭᠤᠯᠲᠠ ᠪᠠᠷ ᠳᠠᠮᠵᠢᠭᠤᠯᠤᠨ᠂ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ | ᠵᠦᠢᠯᠡᠰ 10 ᠢ ᠰᠤᠩᠭᠤᠨ ᠰᠡᠭᠦᠳᠡᠷᠯᠡᠵᠦ᠂ ᠮᠣᠷᠢᠨ ᠨᠢᠷᠤᠭᠤᠨ ᠳᠡᠭᠡᠷᠡᠬᠢ ᠦᠨᠳᠦᠰᠦᠲᠡᠨ ᠤ ᠲᠡᠦᠬᠡ ᠰᠣᠶᠣᠯ ᠤᠨ | ᠬᠥᠭᠵᠢᠯᠲᠡ ᠶᠢᠨ ᠦᠨᠳᠦᠰᠦ ᠰᠤᠳᠠᠰᠤ ᠶᠢ ᠣᠯᠠᠨ ᠬᠠᠷᠠᠭᠠᠰᠤ ᠠᠴᠠ ᠵᠢᠷᠤᠭᠯᠠᠵᠤ᠂ ᠥᠪᠥᠷ ᠮᠣᠩᠭᠤᠯ ᠤᠨ ᠲᠡᠦᠬᠡ | ᠰᠣᠶᠣᠯ ᠬᠢᠭᠡᠳ ᠤᠳᠤ ᠦᠶ᠎ᠡ ᠶᠢᠨ ᠪᠣᠯᠪᠠᠰᠤᠨ ᠤ ᠠᠭᠤᠰᠤᠯᠴᠠᠯ ᠢ ᠢᠯᠡᠷᠡᠭᠦᠯᠬᠦ ᠪᠤᠯᠤᠨ᠎ᠠ᠃ | ᠡᠬᠢᠯᠡᠬᠦ ᠶᠤᠰᠤᠯᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ᠂ | ᠰᠢᠨᠬᠤᠸᠠ ᠰᠦᠯᠵᠢᠶ᠎ᠡ᠂ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠲᠥᠪ᠂ | ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠭᠤᠣᠯᠯᠠᠨ ᠡᠷᠭᠢᠯᠡᠵᠦ᠂ ᠳᠤᠮᠳᠠᠳᠤ ᠤᠯᠤᠰ ᠤᠨ ᠪᠣᠳᠠᠰ ᠤᠨ | ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ ᠵᠢᠯᠤᠭᠤᠳᠴᠦ᠂ ︽ᠪᠣᠳᠠᠰ ᠤᠨ ᠪᠤᠰᠤ ᠰᠣᠶᠣᠯ ᠤᠨ ᠥᠪ᠂ | ᠳᠤᠮᠳᠠᠳᠤ ᠤᠯᠤᠰ ᠤᠨ ᠠᠶᠠᠯᠠᠯ︾ ᠪᠤᠯᠤᠩ ᠤᠨ ᠳᠤᠭᠤᠶᠢᠯᠠᠩ ᠪᠠ ᠰᠢᠨᠬᠤᠸᠠ ᠰᠦᠯᠵᠢᠶᠡᠨ ᠤ ᠥᠪᠥᠷ | ᠮᠣᠩᠭᠤᠯ ᠳᠠᠬᠢ ᠬᠤᠪᠢᠶᠠᠷᠢ ᠺᠣᠮᠫᠠᠨᠢ ᠬᠠᠮᠲᠤᠷᠠᠵᠤ ᠳᠠᠭᠠᠭᠠᠴᠢᠯᠠᠨ ᠡᠷᠬᠢᠯᠡᠪᠡ᠃ | ︽ᠪᠣᠳᠠᠰ ᠤᠨ ᠪᠤᠰᠤ ᠰᠣᠶᠣᠯ ᠤᠨ ᠥᠪ᠂ ᠳᠤᠮᠳᠠᠳᠤ ᠤᠯᠤᠰ ᠤᠨ ᠠᠶᠠᠯᠠᠯ︾ ᠨᠢ ᠲᠥᠪ ᠤᠨ ᠳᠡᠰ ᠤᠨ | ᠵᠠᠭᠤᠴᠢᠯᠠᠭᠤᠷ ᠤᠨ ᠴᠤᠷ ᠤᠨ ᠭᠠᠭᠴᠠ ᠲᠤᠰᠬᠠᠢ ᠪᠣᠳᠠᠰ ᠤᠨ ᠪᠤᠰᠤ ᠰᠣᠶᠣᠯ ᠤᠨ ᠦᠪ ᠲᠤ ᠪᠠᠶᠢᠭᠤᠯᠵᠤ | ᠦᠭᠭᠦᠭᠰᠡᠨ ᠲᠣᠭᠲᠠᠮᠠᠯ ᠬᠡᠪ ᠤᠨ ᠪᠠᠶᠢᠳᠠᠯ ᠲᠠᠢ ᠲᠧᠯᠸᠢᠰ ᠤᠨ ᠫᠷᠤᠭ᠍ᠷᠠᠮ ᠮᠦᠨ᠂ ᠲᠤᠰᠬᠠᠢ ᠲᠧᠯᠸᠢᠰ ᠤᠨ | ᠳᠦᠷᠰᠦ ᠶᠢᠨ ᠠᠷᠭ᠎ᠠ ᠪᠠᠷ ᠪᠣᠳᠠᠰ ᠤᠨ ᠪᠤᠰᠤ ᠰᠣᠶᠣᠯ ᠤᠨ ᠦᠪ ᠢ ᠰᠡᠭᠦᠳᠡᠷᠯᠡᠨ ᠵᠢᠷᠤᠭᠯᠠᠵᠤ᠂ ᠦᠵᠡᠭᠳᠡᠯ ᠤᠨ | ᠬᠡᠯᠡ ᠪᠠ ᠣᠨᠣᠪᠴᠢᠲᠠᠶ ᠦᠰᠦᠭ ᠪᠢᠴᠢᠭ ᠤᠨ ᠲᠠᠶᠢᠯᠪᠤᠷᠢ᠂ ᠠᠳᠠᠯᠢ ᠬᠤᠭᠤᠴᠠᠭᠠᠨ ᠤ ᠰᠤᠷᠪᠤᠯᠵᠢᠯᠠᠭ᠎ᠠ ᠬᠢᠵᠦ᠂ | ᠪᠦᠬᠦ ᠤᠯᠤᠰ ᠤᠨ ︽ᠪᠣᠳᠠᠰ ᠤᠨ ᠪᠤᠰᠤ ᠰᠣᠶᠣᠯ ᠤᠨ ᠥᠪ︾ ᠤᠨ ᠲᠦᠷᠦᠯ ᠵᠦᠢᠯ ᠢ ᠨᠡᠯᠢᠶᠡᠳ ᠪᠦᠷᠢᠨ ᠪᠦᠲᠦᠨ | ᠡᠮᠬᠢᠯᠡᠬᠦ ᠶᠠᠪᠤᠳᠠᠯ ᠪᠤᠯᠤᠨ᠎ᠠ᠃ | ᠥᠪᠥᠷ ᠮᠣᠩᠭᠤᠯ ᠡᠯᠪᠡᠭ ᠪᠠᠶᠠᠯᠢᠭ ᠮᠥᠷᠲᠡᠭᠡᠨ ᠭᠦᠨ ᠵᠤᠵᠠᠭᠠᠨ ᠪᠣᠳᠠᠰ ᠤᠨ ᠪᠤᠰᠤ ᠰᠣᠶᠣᠯ ᠤᠨ ᠥᠪ ᠲᠠᠢ | ᠶᠤᠮ᠂ ᠲᠠᠰᠤᠷᠠᠯᠳᠠ ᠦᠭᠡᠢ ᠠᠭᠤᠳᠠᠯᠬᠤ᠂ ᠤᠯᠠᠮᠵᠢᠯᠠᠬᠤ᠂ ᠬᠠᠮᠠᠭᠠᠯᠠᠬᠤ ᠳᠤᠮᠳᠠ ᠠᠯᠤᠰ ᠬᠡᠳᠦ ᠶᠢᠨ ᠨᠡᠶᠢᠭᠡᠮ ᠤᠨ | ᠦᠷᠲᠡᠭ ᠢ ᠢᠯᠡᠷᠡᠭᠦᠯᠪᠡ᠃ ᠡᠭᠦᠨ ᠤ ᠲᠤᠯᠠ᠂ ︽ᠪᠣᠳᠠᠰ ᠤᠨ ᠪᠤᠰᠤ ᠰᠣᠶᠣᠯ ᠤᠨ ᠥᠪ᠂ ᠳᠤᠮᠳᠠᠳᠤ ᠤᠯᠤᠰ ᠤᠨ | ᠠᠶᠠᠯᠠᠯ︾ ᠪᠤᠯᠤᠩ 2018 ᠣᠨ ᠤ ᠪᠦᠬᠦ ᠤᠯᠤᠰ ᠤᠨ ᠰᠢᠷᠢᠰ ᠰᠡᠭᠦᠳᠡᠷᠯᠡᠬᠦ ᠠᠩᠬᠠᠨ ᠤ ᠦᠷᠲᠡᠭᠡ ᠪᠠᠨ ᠦᠪᠦᠷ | ᠮᠤᠩᠭᠤᠯ ᠢ ᠰᠤᠩᠭᠤᠵᠤ᠂ ᠠᠳᠡ ᠠᠴᠠ ᠳᠤᠮᠳᠠᠳᠤ ᠤᠯᠤᠰ ᠤᠨ ᠰᠢᠷᠢᠰ ᠴᠢᠨᠠᠷ ᠪᠦᠬᠦᠢ ᠪᠦᠬᠦ ᠦᠵᠡᠮᠵᠢ ᠶᠢᠨ | ᠬᠡᠯᠪᠡᠷᠢ ᠶᠢᠨ ᠪᠣᠳᠠᠰ ᠤᠨ ᠪᠤᠰᠤ ᠰᠣᠶᠣᠯ ᠤᠨ ᠦᠪ ᠢ ᠡᠮᠬᠢᠯᠡᠨ ᠰᠡᠭᠦᠳᠡᠷᠯᠡᠬᠦ ᠢᠨᠵᠧᠨᠧᠷᠢᠩ ᠢᠶᠠᠨ ᠡᠬᠢᠯᠡᠭᠦᠯᠵᠡᠢ᠃ | ᠣᠶᠢᠯᠠᠭᠠᠭᠰᠠᠨ ᠢᠶᠠᠷ᠂ ︽ᠪᠣᠳᠠᠰ ᠤᠨ ᠪᠤᠰᠤ ᠰᠣᠶᠣᠯ ᠤᠨ ᠥᠪ᠂ ᠳᠤᠮᠳᠠᠳᠤ ᠤᠯᠤᠰ ᠤᠨ ᠠᠶᠠᠯᠠᠯ︾ ᠨᠢ | 2016 ᠣᠨ ᠳᠤ ᠡᠬᠢᠯᠡᠵᠦ᠂ ᠲᠥᠪ ᠤᠨ ᠲᠧᠯᠸᠢᠰ ᠬᠤᠷᠢᠶᠠᠨ ᠤ ᠠᠩᠬᠠᠳᠤᠭᠴᠢ ᠬᠡᠪ ᠤᠨ ᠲᠤᠭᠲᠠᠮᠠᠯ | ᠨᠡᠪᠲᠡᠷᠡᠭᠦᠯᠦᠭᠰᠡᠨ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠰᠡᠭᠦᠳᠡᠷᠯᠡᠨ ᠵᠢᠷᠤᠭᠯᠠᠬᠤ ᠪᠤᠯᠤᠩ | ᠪᠤᠯᠤᠭᠰᠠᠨ ᠶᠤᠮ᠂ ᠪᠠᠷᠢᠮᠲᠠᠲᠤ ᠺᠢᠨᠤ᠋ ᠶᠢᠨ ᠠᠷᠭ᠎ᠠ ᠬᠡᠯᠪᠡᠷᠢ ᠪᠠᠷ ᠪᠣᠳᠠᠰ ᠤᠨ ᠪᠤᠰᠤ ᠰᠣᠶᠣᠯ ᠤᠨ ᠦᠪ ᠢ ᠪᠤᠰᠤᠳᠴᠢ᠂ | ᠦᠨᠡᠨ᠂ ᠰᠢᠰᠲ᠋ᠧᠮ ᠲᠠᠢ ᠪᠠ ᠪᠦᠬᠦ ᠲᠠᠯ᠎ᠠ ᠪᠠᠷ ᠲᠡᠮᠳᠡᠭᠯᠡᠵᠦ᠂ ᠬᠠᠮ ᠵᠠᠭᠤᠴᠢᠯᠠᠭᠤᠷ ᠢ ᠠᠰᠢᠭᠯᠠᠨ ᠪᠣᠳᠠᠰ ᠤᠨ | ᠪᠤᠰᠤ ᠰᠣᠶᠣᠯ ᠤᠨ ᠦᠪ ᠢ ᠨᠡᠩ ᠥᠷᠭᠡᠨ ᠤᠯᠠᠨ ᠲᠣᠭᠠᠨ ᠤ ᠬᠦᠮᠦᠰ ᠲᠤ ᠮᠡᠳᠡᠭᠦᠯᠬᠦ ᠪᠤᠯᠵᠠᠢ᠃ ᠤᠯᠠᠮᠵᠢᠯᠠᠬᠤ ᠪᠠᠷ | ᠳᠠᠮᠵᠢᠭᠤᠯᠤᠨ ᠵᠠᠯᠭᠠᠮᠵᠢᠯᠠᠬᠤ ᠶᠢ ᠠᠬᠢᠭᠤᠯᠵᠤ᠂ ᠥᠭᠡᠷ᠎ᠡ ᠨᠢᠭᠡᠨ ᠢᠯᠡᠷᠡᠭᠦᠯᠦᠯᠲᠡ ᠶᠢᠨ ᠠᠷᠭ᠎ᠠ ᠪᠠᠷ ᠪᠣᠳᠠᠰ ᠤᠨ | ᠪᠤᠰᠤ ᠰᠣᠶᠣᠯ ᠤᠨ ᠥᠪ ᠤᠨ ᠵᠢᠩᠬᠢᠨᠢ ᠠᠭᠤᠯᠤᠭᠳᠠᠬᠤᠨ ᠢ ᠠᠭᠤᠳᠠᠯᠵᠤ᠂ ᠨᠡᠩ ᠤᠯᠠᠨ ᠬᠦᠮᠦᠰ ᠲᠤ ᠪᠤᠳᠠᠰ ᠤᠨ | ᠪᠤᠰᠤ ᠰᠤᠶᠤᠯ ᠤᠨ ᠦᠪ ᠢ ᠤᠶᠢᠯᠠᠭᠠᠭᠤᠯᠵᠤ᠂ ᠲᠠᠨᠢᠭᠤᠯᠵᠤ᠂ ᠰᠡᠳᠬᠢᠯ ᠲᠠᠯᠪᠢᠭᠤᠯᠬᠤ ᠪᠤᠯᠵᠠᠢ᠃ | ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠬᠤ᠂ | ᠤᠯᠠᠮᠵᠢᠯᠠᠬᠤ ᠵᠡᠷᠭᠡ ᠲᠠᠯ᠎ᠠ ᠪᠠᠷ ᠬᠠᠮᠠᠭᠠᠯᠠᠬᠤ ᠲᠤᠭᠲᠠᠭᠠᠯ ᠨᠡᠶᠢᠲᠡᠯᠡᠬᠦ᠂ ︽ᠬᠤᠤᠰ ᠵᠠᠭᠤᠨ ᠤ ᠬᠠᠮᠠᠭᠠᠯᠠᠯᠲᠠ︾ ᠶᠢᠨ | ᠢᠨᠵᠧᠨᠧᠷᠢᠩ ᠢ ᠦᠷᠨᠢᠭᠦᠯᠬᠦ᠂ ︽ᠮᠢᠩᠭᠠᠨ ᠰᠤᠷᠭᠠᠭᠤᠯᠢ ᠲᠦᠮᠡᠨ ᠡᠷᠦᠬᠡ︾ ᠶᠢᠨ ᠲᠥᠯᠥᠪᠯᠡᠭᠡ ᠶᠢ ᠬᠡᠷᠡᠭᠵᠢᠭᠦᠯᠬᠦ᠂ | ︽ᠪᠦᠬᠦ ᠤᠯᠤᠰ ᠤᠨ ᠪᠤᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠬᠥᠮᠦᠰ ᠤᠨ ᠰᠤᠳᠤᠯᠤᠨ | ᠰᠤᠷᠤᠯᠴᠠᠬᠤ ᠰᠤᠳᠤᠯᠤᠨ ᠨᠢᠭᠲᠠᠯᠠᠬᠤ ᠪᠤᠯᠪᠠᠰᠤᠷᠠᠭᠤᠯᠤᠯ ᠤᠨ ᠲᠥᠯᠥᠪᠯᠡᠭᠡ︾ ᠶᠢ ᠨᠠᠶᠢᠳᠠᠪᠤᠷᠢᠵᠢᠭᠤᠯᠬᠤ ᠵᠡᠷᠭᠡ | ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠡᠷᠴᠢᠮ ᠢ | ᠴᠢᠩᠭᠠᠷᠠᠭᠤᠯᠵᠤ᠂ ᠮᠡᠳᠡᠭᠳᠡᠮ᠎ᠡ ᠦᠷ᠎ᠡ ᠪᠦᠲᠦᠮᠵᠢ ᠤᠯᠵᠠᠢ᠃ |