ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ ᠳᠠᠬᠢ | ᠲᠥᠪ ᠰᠠᠯᠪᠤᠷᠢ ᠪᠠᠩᠬᠢ ᠣᠷᠴᠢᠮᠬᠠᠨ ︽ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ ᠡᠳ᠋ ᠤᠨ | ᠵᠠᠰᠠᠭ ᠠᠴᠠ ᠳᠡᠮ ᠬᠦᠦ ᠮᠥᠩᠭᠦ ᠥᠭᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠡᠳ᠋ ᠤᠨ | ᠵᠠᠰᠠᠭ ᠤᠨ ᠶᠠᠮᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠳᠤᠮᠳᠠᠳᠤ | ᠤᠯᠤᠰ ᠤᠨ ᠠᠷᠠᠳ ᠤᠨ ᠪᠠᠩᠬᠢ ᠶᠢᠨ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ | ᠤᠯᠠᠮᠵᠢᠯᠠᠨ ᠲᠠᠷᠬᠠᠭᠠᠵᠤ᠂ ᠵᠢᠭᠡᠯᠡᠭᠴᠢᠳ ᠤᠨ ᠬᠡᠪᠴᠢᠶ᠎ᠡ ᠶᠢ ᠥᠷᠭᠡᠳᠬᠡᠬᠦ᠂ ᠵᠢᠭᠡᠯᠡᠯᠭᠡ ᠭᠤᠶᠤᠴᠢᠯᠠᠬᠤ ᠨᠥᠬᠦᠴᠡᠯ ᠢ | ᠰᠤᠯᠠᠷᠠᠭᠤᠯᠬᠤ᠂ ᠳᠠᠭᠠᠭᠠᠯᠲᠠ ᠬᠢᠬᠦ ᠪᠠ ᠳᠡᠮ ᠬᠦᠦ ᠮᠥᠩᠭᠦ ᠥᠭᠬᠦ ᠱᠠᠭᠠᠷᠳᠠᠯᠭ᠎ᠠ ᠶᠢ ᠠᠭᠤᠵᠢᠭᠤ ᠲᠠᠯᠪᠢᠬᠤ | ᠲᠠᠯ᠎ᠠ ᠪᠠᠷ ᠬᠢ ᠲᠦᠷᠤ ᠶᠢᠨ ᠪᠤᠳᠤᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠬᠤ ᠶᠢ | ᠲᠣᠳᠣᠷᠬᠠᠶᠢᠯᠠᠪᠠ᠃ | ︽ᠮᠡᠳᠡᠭᠳᠡᠯ︾ ᠳᠤ ᠲᠣᠳᠣᠷᠬᠠᠶᠢᠯᠠᠭᠰᠠᠨ ᠨᠢ᠂ ᠵᠢᠭᠡᠯᠡᠭᠴᠢᠳ ᠤᠨ ᠬᠡᠪᠴᠢᠶ᠎ᠡ ᠶᠢ ᠥᠷᠭᠡᠳᠬᠡᠬᠦ ᠲᠠᠯ᠎ᠠ ᠪᠠᠷ᠂ | ᠤᠤᠯ ᠤᠨ ᠲᠣᠭᠲᠠᠭᠠᠭᠰᠠᠨ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠭᠴᠢᠳ ︵ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ᠂ ᠴᠡᠷᠢᠭ ᠠᠴᠠ | ᠬᠠᠯᠠᠭᠳᠠᠭᠰᠠᠳ ᠪᠠᠭᠤᠭᠰᠠᠳ᠂ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠳ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ᠂ ᠦᠶᠯᠡᠳᠪᠦᠷᠢᠯᠡᠯ ᠤᠨ ᠦᠯᠡᠭᠦᠤ ᠴᠢᠳᠠᠪᠤᠷᠢ ᠶᠢ ᠦᠭᠡᠶᠢᠰᠬᠡᠭᠰᠡᠨ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠪᠠ ᠠᠵᠢᠯ ᠠᠯᠳᠠᠭᠰᠠᠳ᠂ ᠨᠤᠲᠤᠭ ᠲᠠᠭᠠᠨ ᠪᠤᠴᠠᠵᠤ ᠦᠢᠯᠡᠰ ᠴᠣᠭᠴᠠᠯᠠᠬᠤ | ᠬᠦᠴᠦ ᠶᠠᠪᠤᠭᠴᠢ ᠮᠠᠯᠴᠢᠨ ᠲᠠᠷᠢᠶᠠᠴᠢᠳ᠂ ᠰᠦᠯᠵᠢᠶᠡᠨ ᠤ ᠬᠤᠳᠠᠯᠳᠤᠭᠠᠴᠢᠳ᠂ ᠳᠠᠩᠰᠠ ᠪᠠ ᠺᠠᠷᠲ ᠲᠠᠢ ᠶᠠᠳᠠᠭᠤ | ᠬᠦᠴᠢᠷᠳᠡᠯᠲᠡᠶ ᠬᠥᠮᠦᠨ ᠠᠮᠠ︶ ᠠᠴᠠ ᠭᠠᠳᠠᠨ᠎ᠠ᠂ ᠬᠥᠳᠡᠭᠡ ᠲᠣᠰᠬᠤᠨ ᠤ ᠪᠡᠶ᠎ᠡ ᠪᠠᠨ ᠳᠠᠭᠠᠭᠠᠵᠤ ᠠᠳᠠᠯ ᠦᠢᠯᠡᠰ | ᠴᠣᠭᠴᠠᠯᠠᠬᠤ ᠲᠠᠷᠢᠶᠠᠴᠢᠳ ᠢ ᠳᠡᠮᠵᠢᠯᠭᠡ ᠶᠢᠨ ᠬᠡᠪᠴᠢᠶᠡᠨ ᠳᠡᠭᠡᠨ ᠣᠷᠤᠭᠤᠯᠪᠠ᠃ ᠵᠢᠵᠢᠭ ᠪᠢᠴᠢᠯ ᠠᠵᠤ | ᠠᠬᠤᠶᠢᠯᠠᠯ ᠤᠨ ᠵᠢᠭᠡᠯᠡᠭᠴᠢᠳ ᠤᠨ ᠬᠡᠪᠴᠢᠶ᠎ᠡ ᠶᠢ ᠳᠣᠣᠷᠠᠬᠢ ᠮᠡᠲᠦ ᠲᠣᠬᠢᠷᠠᠭᠤᠯᠵᠠᠢ᠄ ᠲᠤᠰ ᠵᠢᠯ ᠰᠢᠨ᠎ᠡ ᠪᠠᠷ ᠡᠯᠰᠡᠨ | ᠬᠡᠷᠡᠭᠯᠡᠭᠰᠡᠨ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠠᠵᠤ ᠠᠬᠤᠶᠢᠯᠠᠯ ᠤᠨ ᠳᠠᠭᠠᠭᠯᠲᠠᠲᠤ ᠵᠢᠭᠡᠯᠡᠯᠭᠡ | ᠭᠤᠶᠤᠴᠢᠯᠠᠬᠤ ᠨᠥᠬᠦᠴᠡᠯ ᠳᠤ ᠨᠡᠶᠢᠴᠡᠭᠰᠡᠨ ᠠᠵᠢᠯᠳᠠᠨ ᠠᠵᠢᠯᠴᠢᠨ ᠤ ᠲᠤᠭ᠎ᠠ ᠨᠢ ᠠᠵᠤ ᠠᠬᠤᠶᠢᠯᠠᠯ ᠤᠨ | ᠣᠳᠣ ᠪᠠᠷ ᠢᠶᠠᠨ ᠠᠵᠢᠯ ᠤᠨ ᠪᠠᠶᠢᠷᠢ ᠳᠤ ᠪᠠᠶᠢᠭ᠎ᠠ ᠠᠵᠢᠯᠳᠠᠨ ᠠᠵᠢᠯᠴᠢᠨ ᠤ ᠬᠥᠮᠦᠨ ᠤ ᠲᠤᠭ᠎ᠠ ᠶᠢᠨ 25% ︵ | 100 ᠬᠥᠮᠦᠨ ᠠᠴᠠ ᠬᠡᠲᠦᠷᠡᠭᠰᠡᠨ ᠠᠵᠤ ᠠᠬᠤᠶᠢᠯᠠᠯ 15% ᠬᠦᠷᠦᠭᠦᠯᠦᠨ᠎ᠡ︶ ᠳᠤ ᠬᠦᠷᠦᠭᠰᠡᠨ ᠪᠦᠭᠡᠳ ᠲᠡᠳᠡ | ᠨᠠᠷ ᠲᠠᠢ ᠨᠢᠭᠡ ᠵᠢᠯ ᠠᠴᠠ ᠳᠡᠭᠡᠭᠰᠢᠬᠢ ᠬᠥᠳᠡᠯᠮᠦᠷᠢ ᠶᠢᠨ ᠭᠡᠷ᠎ᠡ ᠲᠣᠭᠲᠠᠭᠰᠠᠨ ᠵᠢᠵᠢᠭ ᠪᠢᠴᠢᠯ ᠠᠵᠤ ᠠᠬᠤᠶᠢᠯᠠᠯ | ᠪᠠᠶᠢᠬᠤ ᠬᠡᠷᠡᠭᠲᠡᠢ ᠭᠡᠵᠡᠢ᠃ ᠵᠢᠭᠡᠯᠡᠯᠭᠡ ᠭᠤᠶᠤᠴᠢᠯᠠᠬᠤ ᠨᠥᠬᠦᠴᠡᠯ ᠢ ᠰᠤᠯᠠᠷᠠᠭᠤᠯᠬᠤ ᠲᠠᠯ᠎ᠠ ᠪᠠᠷ᠂ ᠬᠤᠪᠢ ᠬᠥᠮᠦᠨ ᠤ | ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠭᠴᠢ ᠶᠢᠨ ᠵᠢᠭᠡᠯᠡᠯᠭᠡ ᠶᠢ ᠲᠡᠮᠳᠡᠭᠯᠡᠬᠦ | ᠱᠠᠭᠠᠷᠳᠠᠯᠭ᠎ᠠ ᠶᠢ ᠳᠣᠣᠷᠠᠬᠢ ᠮᠡᠲᠦ ᠲᠣᠬᠢᠷᠠᠭᠤᠯᠵᠠᠢ᠄ ᠰᠤᠷᠤᠯᠭ᠎ᠠ ᠲᠡᠳᠬᠦᠬᠦ ᠵᠢᠭᠡᠯᠡᠯᠭᠡ᠂ ᠶᠠᠳᠠᠭᠤ ᠶᠢ ᠲᠡᠳᠬᠦᠬᠦ | ᠵᠢᠭᠡᠯᠡᠯᠭᠡ᠂ ᠣᠷᠣᠨ ᠰᠠᠭᠤᠴᠠ ᠶᠢᠨ ᠵᠢᠭᠡᠯᠡᠯᠭᠡ᠂ ᠮᠠᠰᠢᠨ ᠲᠡᠷᠭᠡ ᠬᠤᠳᠠᠯᠳᠤᠨ ᠠᠪᠬᠤ ᠵᠢᠭᠡᠯᠡᠯᠭᠡ᠂ 5 ᠲᠦᠮᠡᠨ | ᠲᠥᠭᠦᠷᠢᠭ ᠠᠴᠠ ᠳᠣᠭᠤᠭᠰᠢᠬᠢ ᠪᠠᠭ᠎ᠠ ᠲᠣᠭᠠᠨ ᠤ ᠬᠡᠷᠡᠭᠯᠡᠭᠡᠨ ᠤ ᠵᠢᠭᠡᠯᠡᠯᠭᠡ ︵ᠢᠲᠡᠭᠡᠮᠵᠢ ᠶᠢᠨ ᠺᠠᠷᠲ ᠤᠨ ᠬᠡᠷᠡᠭᠯᠡᠭᠡ | ᠪᠠᠭᠲᠠᠨ᠎ᠠ︶ ᠶᠢ ᠭᠠᠷᠭᠠᠪᠠᠯ᠂ ᠭᠤᠶᠤᠴᠢᠯᠠᠭᠴᠢ ᠨᠢ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ | ᠭᠤᠶᠤᠴᠢᠯᠠᠬᠤ ᠳᠠᠭᠠᠨ᠂ ᠲᠤᠰ ᠬᠥᠮᠦᠨ ᠵᠢᠴᠢ ᠲᠡᠭᠦᠨ ᠤ ᠬᠠᠨᠢ ᠨᠦᠬᠦᠷ ᠨᠢ ᠪᠤᠰᠤᠳ ᠵᠢᠭᠡᠯᠡᠯᠭᠡ ᠦᠭᠡᠢ ᠪᠠᠶᠢᠬᠤ | ᠬᠡᠷᠡᠭᠲᠡᠢ ᠭᠡᠵᠡᠢ᠃ ᠳᠠᠭᠠᠭᠠᠯᠲᠠ ᠬᠢᠬᠦ ᠪᠠ ᠳᠡᠮ ᠬᠦᠦ ᠮᠥᠩᠭᠦ ᠥᠭᠬᠦ ᠱᠠᠭᠠᠷᠳᠠᠯᠭ᠎ᠠ ᠶᠢ ᠠᠭᠤᠵᠢᠭᠤ ᠲᠠᠯᠪᠢᠬᠤ | ᠲᠠᠯ᠎ᠠ ᠪᠠᠷ᠂ ᠨᠢᠭᠡᠨᠲᠡ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠳᠡᠮ ᠬᠦᠦ ᠮᠦᠩᠭᠦ ᠥᠭᠬᠦ ᠳᠡᠮᠵᠢᠯᠭᠡ ᠶᠢ | ᠬᠦᠷᠲᠡᠵᠦ ᠪᠠᠶᠢᠭ᠎ᠠ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ | ᠵᠢᠭᠡᠯᠡᠯᠭᠡ ᠳᠤ᠂ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠳᠠᠭᠠᠭᠠᠯᠲᠠ ᠶᠢᠨ ᠰᠠᠭᠤᠷᠢ ᠮᠥᠩᠭᠦ ᠪᠠᠷ | ᠨᠢ ᠳᠠᠮᠵᠢᠭᠤᠯᠤᠨ ᠳᠠᠭᠠᠭᠠᠯᠲᠠ ᠬᠠᠩᠭᠠᠬᠤ ᠬᠡᠯᠪᠡᠷᠢ ᠶᠢᠨ ᠳᠡᠮᠵᠢᠯᠭᠡ ᠦᠵᠡᠭᠦᠯᠬᠦ ᠪᠣᠯᠭᠠᠨ᠎ᠠ ᠭᠡᠵᠡᠢ᠃ ᠵᠢᠬᠡᠯᠡᠯᠬᠡ ᠪᠠᠨ | ᠪᠤᠴᠠᠭᠠᠬᠤ ᠳᠤ ᠪᠠᠨ ᠢᠳᠡᠪᠬᠢᠲᠡᠶ᠂ ᠠᠵᠢᠯ ᠣᠯᠭᠤᠬᠤ ᠶᠢ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠠᠳᠠᠯ ᠦᠶᠯᠡᠰ | ᠴᠣᠭᠴᠠᠯᠠᠬᠤ ᠲᠥᠷᠥᠯ ᠵᠦᠶᠯ ᠢᠶᠠᠷ ᠰᠠᠶᠢᠨ ᠪᠦᠬᠦᠢ ᠵᠣᠭᠤᠰ ᠵᠢᠭᠡᠯᠡᠬᠦ ᠬᠤᠪᠢ ᠬᠥᠮᠦᠨ ᠪᠠ ᠵᠢᠵᠢᠭ ᠪᠢᠴᠢᠯ ᠠᠵᠤ | ᠠᠬᠤᠶᠢᠯᠠᠯ ᠳᠤ᠂ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠳᠠᠮ ᠬᠦᠦ ᠮᠦᠩᠬᠦ ᠶᠢ | ᠦᠷᠭᠦᠯᠵᠢᠯᠡᠨ ᠣᠯᠭᠤᠵᠤ ᠪᠣᠯᠤᠨ᠎ᠠ᠂ ᠭᠡᠪᠡᠴᠦ ᠤᠳᠠᠭ᠎ᠠ ᠲᠤᠭ᠎ᠠ ᠶᠢ 3 ᠠᠴᠠ ᠬᠡᠲᠦᠷᠢᠭᠦᠯᠵᠤ ᠪᠣᠯᠬᠤ ᠦᠭᠡᠢ᠃ | ᠲᠤᠰ ︽ᠮᠡᠳᠡᠭᠳᠡᠯ︾ ᠢ ᠨᠢᠭᠡᠨᠲᠡ ᠬᠡᠷᠡᠭᠵᠢᠭᠦᠯᠵᠡᠢ᠂ ᠡᠭᠦᠨ ᠠᠴᠠ ᠡᠮᠦᠨ᠎ᠡ ᠨᠡᠶᠢᠲᠡᠯᠡᠭᠰᠡᠨ ᠠᠳᠠᠯ ᠦᠶᠯᠡᠰ | ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ ᠲᠠᠮ ᠬᠦᠦ ᠮᠦᠩᠬᠦ ᠥᠭᠬᠦ ᠬᠤᠯᠪᠣᠭᠳᠠᠯ ᠪᠦᠭᠦᠢ ᠲᠦᠷᠦ ᠶᠢᠨ | ᠪᠤᠳᠤᠯᠭ᠎ᠠ ᠨᠢ ᠲᠤᠰ ︽ᠮᠡᠳᠡᠭᠳᠡᠯ︾ ᠲᠠᠢ ᠨᠢᠭᠡᠳᠦᠯ ᠦᠭᠡᠢ ᠪᠠᠶᠢᠪᠠᠯ᠂ ᠲᠤᠰ ︽ᠮᠡᠳᠡᠭᠳᠡᠯ︾ ᠢᠶᠠᠷ ᠪᠠᠷᠢᠮᠵᠢᠶ᠎ᠠ | ᠪᠣᠯᠭᠠᠨ᠎ᠠ᠂ ᠲᠤᠰ ︽ᠮᠡᠳᠡᠭᠳᠡᠯ︾ ᠢ ᠳᠠᠷᠤᠮᠠᠯᠯᠠᠨ ᠲᠠᠷᠬᠠᠭᠠᠬᠤ ᠠᠴᠠ ᠡᠮᠦᠨ᠎ᠡ ᠬᠦᠴᠦᠨ ᠲᠠᠢ ᠪᠣᠯᠤᠭᠰᠠᠨ ᠠᠳᠠᠯ | ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠭᠡᠷ᠎ᠡ ᠶᠢ ᠮᠥᠨ ᠬᠦ ᠤᠤᠯ ᠤᠨ ᠭᠡᠷ᠎ᠡ ᠶᠢᠨ ᠪᠣᠯᠵᠣᠯ | ᠶᠣᠰᠣᠭᠠᠷ ᠬᠡᠷᠡᠭᠵᠢᠭᠦᠯᠦᠨ᠎ᠡ︔ ᠵᠢᠵᠢᠭ ᠪᠢᠴᠢᠯ ᠠᠵᠤ ᠠᠬᠤᠶᠢᠯᠠᠯ ᠤᠨ ᠰᠢᠨ᠎ᠡ ᠪᠠᠷ ᠡᠯᠰᠡᠭᠰᠡᠨ ᠨᠥᠬᠦᠴᠡᠯ ᠳᠤ | ᠨᠡᠶᠢᠴᠡᠬᠦ ᠬᠥᠮᠦᠰ ᠨᠢ ᠠᠵᠤ ᠠᠬᠤᠶᠢᠯᠠᠯ ᠲᠠᠢ ᠨᠢᠭᠡ ᠵᠢᠯ ᠠᠴᠠ ᠳᠡᠭᠡᠭᠰᠢᠬᠢ ᠬᠤᠭᠤᠴᠠᠭᠠᠨ ᠤ ᠬᠥᠳᠡᠯᠮᠦᠷᠢ ᠶᠢᠨ ᠭᠡᠷ᠎ᠡ | ᠲᠣᠭᠲᠠᠬᠤ ᠳᠤ᠂ ᠠᠵᠤ ᠠᠬᠤᠶᠢᠯᠠᠯ ᠨᠢ ᠨᠡᠶᠢᠭᠡᠮ ᠤᠨ ᠳᠠᠭᠠᠳᠬᠠᠯ ᠢ ᠠᠳᠠᠯᠢᠬᠠᠨ ᠲᠤᠰᠢᠶᠠᠵᠤ ᠥᠭᠭᠦᠨ᠎ᠡ︔ ᠶᠠᠳᠠᠭᠤ | ᠬᠦᠴᠢᠷᠳᠡᠯᠲᠡᠶ ᠭᠠᠵᠠᠷ ᠣᠷᠣᠨ ︵ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ | ᠭᠤᠣᠯᠳᠠᠯᠭ᠎ᠠ ᠲᠠᠢ ᠰᠢᠶᠠᠨ ︵ᠬᠤᠰᠢᠭᠤ︶ ᠵᠢᠴᠢ ᠪᠦᠬᠦ ᠤᠯᠤᠰ ᠤᠨ 14 ᠲᠥᠪᠯᠡᠷᠡᠵᠦ ᠵᠠᠯᠭᠠᠯᠳᠤᠭᠰᠠᠨ ᠣᠨᠴᠠᠭᠠᠶ | ᠬᠦᠴᠢᠷᠳᠡᠯ ᠲᠠᠢ ᠭᠠᠵᠠᠷ ᠣᠷᠣᠨ ᠢ ᠵᠢᠭᠠᠵᠤ ᠪᠤᠢ︶ ᠤ ᠨᠥᠬᠦᠴᠡᠯ ᠳᠤ ᠨᠡᠶᠢᠴᠡᠬᠦ ᠬᠤᠪᠢ ᠬᠥᠮᠦᠨ ᠤ ᠠᠳᠠᠯ ᠦᠶᠯᠡᠰ | ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ 3 ᠵᠢᠯ ᠪᠥᠬᠦ ᠲᠣᠭᠠᠨ ᠤ ᠲᠠᠮ ᠬᠦᠦ ᠮᠦᠩᠬᠦ ᠥᠭᠴᠦ᠂ ᠶᠠᠳᠠᠭᠤ | ᠬᠦᠴᠢᠷᠳᠡᠯ ᠲᠠᠢ ᠪᠤᠰᠤ ᠭᠠᠵᠠᠷ ᠣᠷᠣᠨ ᠤ ᠨᠥᠬᠦᠴᠡᠯ ᠳᠤ ᠨᠡᠶᠢᠴᠡᠬᠦ ᠬᠤᠪᠢ ᠬᠥᠮᠦᠨ ᠤ ᠠᠳᠠᠯ ᠦᠶᠯᠡᠰ | ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ 2 ᠵᠢᠯ ᠪᠥᠬᠦ ᠲᠣᠭᠠᠨ ᠤ ᠲᠠᠮ ᠬᠦᠦ ᠮᠦᠩᠬᠦ ᠥᠭᠭᠦᠨ᠎ᠡ︔ ︽ | ᠮᠡᠳᠡᠭᠳᠡᠯ︾ ᠳᠠᠬᠢ ︽ᠲᠠᠷᠢᠶᠠᠴᠢᠨ︾ ᠨᠢ ᠪᠦᠷ ︽ᠮᠠᠯᠴᠢᠨ ᠲᠠᠷᠢᠶᠠᠴᠢᠨ︾ ᠢ ᠵᠢᠭᠠᠨ᠎ᠠ︔ ︽ᠮᠡᠳᠡᠭᠳᠡᠯ︾ ᠳᠠᠬᠢ | ︽ᠭᠤᠶᠤᠴᠢᠯᠠᠭᠴᠢ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠭᠤᠶᠤᠴᠢᠯᠠᠯ ᠢᠶᠠᠨ | ᠲᠤᠰᠢᠶᠠᠬᠤ ᠳᠤ᠂ ᠲᠣᠰ ᠬᠥᠮᠦᠨ ᠵᠢᠴᠢ ᠲᠡᠭᠦᠨ ᠤ ᠬᠠᠨᠢ ᠨᠦᠬᠦᠷ ᠨᠢ ᠪᠤᠰᠤᠳ ᠵᠢᠭᠡᠯᠡᠯᠭᠡ ᠦᠭᠡᠢ ᠪᠠᠶᠢᠬᠤ ᠬᠡᠷᠡᠭᠳᠡᠢ︾ | ᠳᠣᠲᠣᠷᠠᠬᠢ ︽ᠪᠤᠰᠤᠳ ᠵᠢᠭᠡᠯᠡᠯᠭᠡ︾ ᠭᠡᠳᠡᠭ ᠨᠢ ᠲᠥᠯᠦᠭᠡᠳᠦᠢ ᠵᠢᠭᠡᠯᠡᠯᠭᠡ ᠶᠢ ᠵᠢᠭᠠᠨ᠎ᠠ︔ ᠡᠯ᠎ᠡ ᠠᠳᠠᠯ ᠦᠶᠯᠡᠰ | ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ ᠭᠠᠷᠳᠠᠨ ᠭᠦᠢᠴᠡᠳᠬᠡᠬᠦ ᠮᠥᠩᠭᠦᠨ ᠭᠦᠢᠯᠭᠡᠭᠡᠨ ᠤ | ᠪᠠᠶᠢᠭᠤᠯᠤᠮᠵᠢ ᠨᠤᠭᠤᠳ ᠮᠥᠩᠭᠦᠨ ᠭᠦᠢᠯᠭᠡᠭᠡᠨ ᠤ ᠦᠢᠯᠡᠳᠬᠦᠨ ᠢ ᠨᠡᠭᠡᠭᠡᠨ ᠢᠳᠡᠪᠬᠢᠲᠡᠶ ᠪᠠᠷ ᠬᠥᠭᠵᠢᠭᠦᠯᠵᠦ᠂ | ᠵᠢᠭᠡᠯᠡᠯᠭᠡ ᠲᠠᠯᠪᠢᠬᠤ ᠠᠴᠠ ᠡᠮᠦᠨᠡᠬᠢ ᠬᠢᠨᠠᠨ ᠬᠠᠷᠭᠤᠭᠤᠯᠤᠯᠲᠠ ᠶᠢ ᠴᠢᠩᠭᠠᠳᠬᠠᠵᠤ᠂ ᠵᠢᠭᠡᠯᠡᠯᠭᠡ ᠲᠠᠯᠪᠢᠬᠤ ᠳᠤᠮᠳᠠᠬᠢ | ᠦᠢᠯᠡᠴᠢᠯᠡᠭᠡ ᠶᠢ ᠴᠢᠩᠭᠠᠷᠠᠭᠤᠯᠵᠤ᠂ ᠵᠢᠭᠡᠯᠡᠯᠭᠡ ᠶᠢᠨ ᠳᠠᠷᠠᠭᠠᠬᠢ ᠬᠠᠮᠢᠶᠠᠷᠤᠯᠲᠠ ᠶᠢ ᠴᠢᠩᠭᠠᠳᠬᠠᠵᠤ᠂ | ᠦᠢᠯᠡᠴᠢᠯᠡᠭᠡᠨ ᠤ ᠦᠷ᠎ᠡ ᠪᠦᠲᠦᠮᠵᠢ ᠶᠢ ᠲᠡᠭᠡᠭᠰᠢᠯᠡᠬᠦᠯᠬᠦ ᠬᠡᠷᠡᠭᠳᠡᠢ᠃ |