ᠡᠮᠦᠨᠡᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ | ᠴᠢᠭ᠋ ᠢ ᠥᠷᠨᠢᠭᠦᠯᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠲᠠᠷᠬᠠᠭᠠᠪᠠ᠃ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠰᠣᠨᠢᠨ ᠮᠡᠳᠡᠭᠡ | ᠢᠯᠡᠳᠬᠡᠭᠴᠢ ᠡᠭᠦᠨ ᠤ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠪᠡ᠃ | ᠨᠢᠭᠡ᠂ ︽ᠮᠡᠳᠡᠭᠳᠡᠯ︾ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠣᠢ︖ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠤᠳᠠᠯᠳᠤᠭ᠎ᠠ ᠡᠵᠡᠩᠨᠡᠯᠲᠡ ᠶᠢᠨ | ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠬᠦ ᠪᠠ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ | ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢᠨ | ᠬᠤᠯᠪᠣᠭᠳᠠᠯ ᠪᠦᠬᠦᠢ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠨ᠎ᠠ᠃ ᠰᠢ ᠶᠢᠨ ᠫᠢᠩ | ᠶᠡᠷᠦᠩᠬᠡᠢ ᠱᠦᠵᠢ᠂ ᠵᠠᠬ᠎ᠠ ᠳᠡᠯᠭᠡᠭᠦᠷ ᠢ ᠨᠢᠭᠡᠳᠦᠭᠦᠯᠬᠦ ᠪᠠ ᠡᠷᠬᠡ ᠲᠡᠭᠰᠢ ᠪᠠᠷ ᠥᠷᠢᠰᠦᠯᠳᠦᠬᠦ ᠶᠢ ᠬᠠᠷᠰᠢᠯᠠᠵᠤ | ᠪᠠᠶᠢᠭ᠎ᠠ ᠡᠯ᠎ᠡ ᠵᠦᠢᠯ ᠤᠨ ᠲᠣᠭᠲᠠᠭᠠᠯ ᠪᠠ ᠬᠢᠳᠡᠯ ᠢ ᠢᠯᠭᠠᠷᠠᠭᠤᠯᠤᠨ ᠴᠡᠪᠡᠷᠯᠡᠵᠦ ᠬᠦᠴᠦᠨ ᠦᠭᠡᠢ ᠪᠣᠯᠭᠠᠨ᠂ ᠵᠠᠬ᠎ᠠ | ᠳᠡᠯᠭᠡᠭᠦᠷ ᠤᠨ ᠡᠯ᠎ᠡ ᠲᠥᠷᠥᠯ ᠤᠨ ᠭᠤᠣᠯ ᠴᠣᠭᠴᠠ ᠶᠢᠨ ᠠᠮᠢᠳᠤ ᠬᠦᠴᠦᠨ ᠢ ᠬᠥᠭᠵᠢᠭᠡᠵᠦ᠂ ᠠᠷᠠᠯᠵᠢᠶ᠎ᠠ ᠪᠠ ᠪᠡᠯᠡ | ᠣᠷᠣᠭᠤᠯᠤᠯᠲᠠ ᠶᠢ ᠴᠢᠯᠦᠭᠡᠲᠡᠢ ᠪᠣᠯᠭᠠᠬᠤ ᠳᠥᠭᠦᠮ ᠪᠣᠯᠭᠠᠬᠤ ᠥᠨᠳᠥᠷ ᠬᠢᠷᠢ ᠲᠦᠪᠰᠢᠨ ᠪᠦᠬᠦᠢ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃ ᠯᠢ ᠺᠧ ᠴᠢᠶᠠᠩ ᠶᠡᠷᠦᠩᠬᠡᠢ ᠰᠠᠶᠢᠳ᠂ | ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠪᠣᠯ ᠳᠠᠷᠤᠢ ᠥᠷᠢᠰᠦᠯᠳᠦᠬᠦ ᠬᠦᠴᠦᠨ᠂ ᠳᠠᠷᠤᠢ | ᠦᠢᠯᠡᠳᠪᠦᠷᠢᠯᠡᠯ ᠤᠨ ᠬᠦᠴᠦᠨ ᠮᠥᠨ︔ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠶᠢᠨ ᠬᠦᠴᠦᠯᠡᠬᠦ ᠴᠡᠭ ᠢ | ︽ᠲᠥᠷᠥᠯ ᠵᠦᠢᠯ ᠢ ᠠᠳᠬᠤᠵᠤ︾ ᠪᠠᠶᠢᠭᠰᠠᠨ ᠠᠴᠠ ︽ᠣᠷᠴᠢᠨ ᠲᠣᠭᠤᠷᠢᠨ ᠢ ᠠᠳᠬᠤᠬᠤ︾ ᠲᠡᠶᠢᠰᠢ | ᠬᠤᠪᠢᠷᠠᠭᠤᠯᠵᠤ᠂ ︽ᠴᠢᠯᠦᠭᠡᠲᠡᠢ ᠪᠠᠶᠢᠯᠭᠠᠬᠤ ᠬᠢᠨᠠᠨ ᠬᠠᠮᠢᠶᠠᠷᠬᠤ ᠪᠦᠲᠦᠮᠵᠢᠲᠡᠢ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠣᠶᠢᠷ᠎ᠠ ᠶᠢᠨ ᠵᠢᠯ ᠤᠳ ᠲᠤ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ︽ᠴᠢᠯᠦᠭᠡᠲᠡᠢ ᠪᠠᠶᠢᠯᠭᠠᠬᠤ | ᠬᠢᠨᠠᠨ ᠬᠠᠮᠢᠶᠠᠷᠬᠤ ᠪᠦᠲᠦᠮᠵᠢᠲᠡᠢ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠠᠵᠤ ᠠᠬᠤᠶᠢᠯᠠᠯ | ᠪᠠ ᠣᠯᠠᠨ ᠲᠦᠮᠡᠨ ᠤ ᠠᠵᠢᠯ ᠬᠡᠷᠡᠭ ᠭᠦᠢᠴᠡᠳᠬᠡᠵᠦ ᠠᠳᠠᠯ ᠦᠢᠯᠡᠰ ᠴᠣᠭᠴᠠᠯᠠᠬᠤ ᠳᠤ ᠳᠥᠭᠦᠮ ᠦᠵᠡᠭᠦᠯᠬᠦ | ᠲᠠᠯ᠎ᠠ ᠪᠠᠷ᠂ ᠳᠦᠷᠢᠮ ᠤᠨ ᠴᠢᠨᠠᠷᠲᠠᠢ ᠰᠣᠯᠢᠯᠴᠠᠭᠠᠨ ᠤ ᠥᠪᠡᠷ ᠤᠨ ᠥᠷᠲᠡᠭ ᠢ ᠪᠦᠲᠦᠮᠵᠢᠲᠡᠢ ᠪᠠᠭᠤᠷᠠᠭᠤᠯᠵᠤ᠂ | ᠵᠠᠰᠠᠭ ᠤᠨ ᠣᠷᠳᠣᠨ ᠤ ᠡᠭᠦᠷᠭᠡ ᠴᠢᠳᠠᠪᠬᠢ ᠪᠠ ᠠᠵᠢᠯ ᠤᠨ ᠣᠪᠣᠷ ᠰᠤᠷᠲᠠᠯ ᠢ ᠲᠦᠷᠭᠡᠳᠬᠡᠨ ᠬᠤᠪᠢᠷᠠᠭᠤᠯᠬᠤ | ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ᠃ ᠭᠡᠲᠡᠯ᠎ᠡ ᠣᠳᠣᠬᠠᠨ ᠳᠤ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠭᠠᠷᠳᠠᠮ ᠣᠯᠠᠨ᠂ ᠠᠵᠢᠯ ᠬᠡᠷᠡᠭ ᠭᠦᠢᠴᠡᠳᠬᠡᠬᠦ ᠳᠤ | ᠬᠦᠴᠢᠷ᠂ ᠵᠠᠷᠤᠴᠠᠭᠤᠯᠬᠤ ᠴᠠᠭ ᠨᠢ ᠤᠷᠲᠤ ᠵᠡᠷᠭᠡ ᠠᠰᠠᠭᠤᠳᠠᠯ ᠮᠥᠨ ᠬᠦ ᠨᠡᠯᠢᠶᠡᠳ ᠲᠣᠪᠣᠶᠢᠮ᠎ᠠ ᠪᠠᠶᠢᠨ᠎ᠠ᠃ ᠡᠨᠡ | ᠵᠢᠯ ᠤᠨ 1 ᠳ᠋ᠦ᠋ᠭᠡᠷ ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠠᠴᠠ ᠣᠷᠣᠨ | ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠲᠦᠷᠦᠭᠦᠯᠡᠨ ᠪᠠᠷᠢᠯᠭ᠎ᠠ ᠶᠢᠨ | ᠵᠥᠪᠰᠢᠶᠡᠷᠡᠯ ᠢ ᠭᠦᠢᠴᠡᠳᠬᠡᠬᠦ ᠭᠦᠢᠴᠡᠳᠬᠡᠯ ᠲᠤᠭ᠎ᠠ ᠶᠢᠨ ᠨᠡᠷᠡᠰ ᠤᠨ ᠵᠢᠭᠰᠠᠭᠠᠯᠲᠠ ᠶᠢ ᠳᠡᠭᠡᠭᠰᠢᠯᠡᠭᠦᠯᠬᠦ ᠲᠤᠰᠬᠠᠢ | ᠵᠦᠢᠯ ᠤᠨ ᠠᠵᠢᠯᠯᠠᠭ᠎ᠠ ᠶᠢ ᠬᠠᠷᠢᠭᠤᠴᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ | ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ ᠭᠡᠵᠦ ᠪᠠᠶᠢᠷᠢᠯᠠᠭᠤᠯᠤᠨ ᠱᠠᠭᠠᠷᠳᠠᠵᠠᠢ᠃ 3 | ᠳ᠋ᠤᠭᠠᠷ ᠰᠠᠷ᠎ᠠ ᠶᠢᠨ 5 ᠤ ᠡᠳᠦᠷ᠂ ᠯᠢ ᠺᠧ ᠴᠢᠶᠠᠩ ᠶᠡᠷᠦᠩᠬᠡᠢ ᠰᠠᠶᠢᠳ ︽ᠵᠠᠰᠠᠭ ᠤᠨ ᠣᠷᠳᠣᠨ ᠤ ᠠᠵᠢᠯ ᠤᠨ | ᠢᠯᠡᠳᠬᠡᠯ︾ ᠳᠤ ᠪᠠᠨ ︽ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ | ᠴᠠᠭ ᠢ ᠳᠠᠬᠢᠨ ᠬᠠᠭᠠᠰ ᠢᠶᠠᠷ ᠪᠠᠭᠠᠰᠬᠠᠬᠤ ᠬᠡᠷᠡᠭᠲᠡᠢ︾ ᠭᠡᠰᠡᠨ ᠱᠠᠭᠠᠷᠳᠠᠯᠭ᠎ᠠ ᠶᠢ ᠲᠣᠳᠣᠷᠬᠠᠢ ᠳᠤᠷᠠᠳᠴᠠᠢ᠃ ᠬᠠᠨ | ᠵᠧᠩ ᠳᠡᠳ᠋ ᠶᠡᠷᠦᠩᠬᠡᠢ ᠰᠠᠶᠢᠳ ᠬᠠᠷᠢᠭᠤ ᠮᠡᠳᠡᠭᠦᠯᠦᠯᠲᠡ ᠶᠢ ᠣᠯᠠᠨ ᠤᠳᠠᠭ᠎ᠠ ᠰᠣᠨᠣᠰᠤᠭᠰᠠᠨ ᠤ ᠬᠠᠮᠲᠤ᠂ ᠬᠤᠷᠠᠯ | ᠬᠤᠷᠠᠯᠳᠤᠭᠤᠯᠤᠨ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠤᠭᠰᠠᠨ ᠪᠠᠶᠢᠨ᠎ᠠ᠃ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠣᠷᠣᠨ ᠰᠠᠭᠤᠴᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ | ᠬᠠᠮᠲᠤᠷᠠᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ | ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠠᠢ᠃ ᠨᠢᠭᠡ ᠳᠤ᠂ ᠬᠢᠨᠠᠨ ᠵᠥᠪᠰᠢᠶᠡᠷᠡᠬᠦ ᠠᠯᠬᠤᠮ ᠳᠠᠷᠠᠭᠠᠯᠠᠯ | ᠪᠠ ᠭᠤᠭᠴᠤᠭ᠎ᠠ ᠶᠢ ᠬᠢᠨᠠᠮᠠᠭᠠᠢ ᠡᠮᠬᠢᠯᠡᠵᠦ᠂ ᠠᠩᠬ᠎ᠠ ᠠᠯᠬᠤᠮ ᠰᠤᠳᠤᠯᠤᠨ ᠪᠠᠶᠢᠴᠠᠭᠠᠵᠤ ᠣᠶᠢᠯᠭᠠᠭᠰᠠᠨ ᠪᠠᠶᠢᠳᠠᠯ ᠢ | ᠦᠨᠳᠦᠰᠦᠯᠡᠪᠡᠯ᠂ ᠣᠯᠠᠨ ᠵᠢᠯ ᠤᠨ ᠲᠤᠷᠰᠢ ᠡᠯ᠎ᠡ ᠵᠦᠢᠯ ᠤᠨ ᠬᠠᠤᠯᠢ ᠴᠠᠭᠠᠵᠠ᠂ ᠬᠠᠤᠯᠢ ᠳᠦᠷᠢᠮ ᠪᠠ ᠲᠣᠭᠲᠠᠭᠠᠯ | ᠨᠢ ᠰᠣᠯᠪᠢᠴᠠᠨ ᠳᠠᠪᠬᠤᠷᠳᠠᠵᠤ ᠪᠠᠶᠢᠭᠰᠠᠨ ᠵᠡᠷᠭᠡ ᠰᠢᠯᠲᠠᠭᠠᠨ ᠠᠴᠠ ᠪᠣᠯᠵᠤ᠂ ᠠᠳᠠᠯᠢ ᠪᠤᠰᠤ ᠭᠠᠵᠠᠷ ᠣᠷᠣᠨ᠂ | ᠠᠳᠠᠯᠢ ᠪᠤᠰᠤ ᠪᠠᠷᠢᠯᠭ᠎ᠠ ᠨᠢ ᠬᠢᠨᠠᠨ ᠵᠥᠪᠰᠢᠶᠡᠷᠡᠬᠦ ᠵᠦᠢᠯᠡᠰ᠂ ᠵᠠᠷᠤᠴᠠᠭᠤᠯᠬᠤ ᠴᠠᠭ ᠵᠡᠷᠭᠡ ᠲᠠᠯ᠎ᠠ ᠪᠠᠷ ᠨᠡᠯᠢᠶᠡᠳ | ᠶᠡᠭᠡ ᠵᠥᠷᠢᠶ᠎ᠡ ᠲᠠᠢ ᠪᠠᠶᠢᠵᠤ᠂ ᠵᠠᠷᠢᠮ ᠭᠠᠵᠠᠷ ᠣᠷᠣᠨ ᠨᠢ ᠬᠢᠨᠠᠨ ᠵᠥᠪᠰᠢᠶᠡᠷᠡᠬᠦ ᠵᠦᠢᠯᠡᠰ᠂ ᠠᠯᠬᠤᠮ ᠳᠠᠷᠠᠭᠠᠯᠠᠯ᠂ | ᠴᠠᠭ ᠬᠤᠭᠤᠴᠠᠭ᠎ᠠ᠂ ᠦᠨᠳᠦᠰᠦᠯᠡᠯ ᠵᠡᠷᠭᠡ ᠰᠠᠭᠤᠷᠢ ᠲᠤᠭ᠎ᠠ ᠶᠢ ᠬᠠᠷᠠᠬᠠᠨ ᠲᠣᠳᠣᠷᠬᠠᠢ ᠣᠶᠢᠯᠠᠭᠠᠬᠤ ᠦᠭᠡᠢ ᠪᠠᠶᠢᠨ᠎ᠠ | ᠃ ᠬᠤᠶᠠᠷ ᠲᠤ᠂ ᠠᠵᠤ ᠠᠬᠤᠶᠢᠯᠠᠯ ᠪᠠ ᠣᠯᠠᠨ ᠲᠦᠮᠡᠨ ᠤ ᠲᠤᠰᠬᠠᠯ ᠲᠣᠪᠣᠶᠢᠮ᠎ᠠ ᠪᠠᠶᠢᠭ᠎ᠠ ᠠᠵᠢᠯ ᠬᠡᠷᠡᠭ | ᠭᠦᠢᠴᠡᠳᠬᠡᠬᠦ ᠳᠤ ᠬᠦᠴᠢᠷ᠂ ᠠᠵᠢᠯ ᠬᠡᠷᠡᠭ ᠭᠦᠢᠴᠡᠳᠬᠡᠬᠦ ᠳᠤ ᠤᠳᠠᠭᠠᠨ᠂ ᠣᠯᠠᠨ ᠰᠠᠯᠠᠭ᠎ᠠ ᠮᠥᠴᠢᠷ ᠲᠤ ᠣᠴᠢᠬᠤ᠂ | ᠨᠠᠭᠠᠰᠢ ᠴᠠᠭᠠᠰᠢ ᠭᠦᠶᠦᠬᠦ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠯᠭ᠎ᠠ ᠶᠢᠨ ᠲᠥᠷᠥᠯ | ᠵᠦᠢᠯ ᠢ ᠬᠢᠨᠠᠨ ᠵᠥᠪᠰᠢᠶᠡᠷᠡᠬᠦ ᠶᠠᠪᠤᠴᠠ ᠳᠠᠬᠢ ᠰᠣᠯᠪᠢᠴᠠᠨ ᠳᠠᠪᠬᠤᠷᠳᠠᠬᠤ᠂ ᠠᠷᠭ᠎ᠠ ᠬᠡᠯᠪᠡᠷᠢ ᠨᠢ ᠵᠣᠬᠢᠰ ᠦᠭᠡᠢ᠂ | ᠲᠠᠷᠠᠬᠠᠢ ᠪᠤᠲᠠᠷᠬᠠᠢ ᠬᠠᠮᠢᠶᠠᠷᠬᠤ ᠵᠡᠷᠭᠡ ︽ᠪᠥᠭᠯᠡᠷᠡᠯ ᠴᠡᠭ︾ ᠪᠠ ︽ᠡᠪᠡᠷᠰᠢᠯ ᠴᠡᠭ︾ ᠢ ᠭᠦᠨᠵᠡᠭᠡᠢ ᠤᠬᠤᠴᠢᠯᠠᠨ᠂ | ᠬᠢᠨᠠᠨ ᠵᠥᠪᠰᠢᠶᠡᠷᠡᠬᠦ ᠬᠤᠭᠤᠴᠠᠭᠠᠲᠤ ᠦᠢᠯᠡᠳᠦᠯ ᠳᠣᠣᠷ᠎ᠠ ᠪᠠᠶᠢᠭ᠎ᠠ ᠵᠠᠩᠭᠢᠯᠠᠭ᠎ᠠ ᠶᠢ ᠡᠷᠢᠪᠡ᠃ ᠭᠤᠷᠪᠠ ᠳᠤ᠂ | ᠤᠯᠤᠰ ᠤᠨ ᠳᠣᠲᠣᠭᠠᠳᠤ ᠭᠠᠳᠠᠭᠠᠳᠤ ᠶᠢᠨ ᠲᠤᠷᠰᠢᠯᠭ᠎ᠠ ᠪᠠᠷ ᠯᠠᠪᠯᠠᠯᠲᠠ ᠪᠣᠯᠭᠠᠵᠤ᠂ ᠬᠤᠯᠪᠣᠭᠳᠠᠯ ᠪᠦᠬᠦᠢ ᠣᠷᠣᠨ | ᠨᠤᠲᠤᠭ ᠤᠨ ︽ᠣᠯᠠᠨ ᠲᠣᠭᠲᠠᠭᠠᠯ ᠢ ᠨᠢᠭᠡᠳᠦᠭᠦᠯᠦᠭᠰᠡᠨ︾᠂ ᠬᠢᠨᠠᠨ ᠵᠥᠪᠰᠢᠶᠡᠷᠡᠬᠦ ᠠᠯᠬᠤᠮ ᠳᠠᠷᠠᠭᠠᠯᠠᠯ ᠢ | ᠰᠢᠯᠢᠳᠡᠭᠵᠢᠭᠦᠯᠦᠨ ᠳᠠᠬᠢᠵᠤ ᠵᠣᠬᠢᠶᠠᠭᠰᠠᠨ᠂ ︽ᠬᠠᠮᠤᠭ ᠤᠨ ᠣᠯᠠᠨ ᠳᠤ ᠪᠠᠨ ᠨᠢᠭᠡ ᠯᠡ ᠤᠳᠠᠭ᠎ᠠ ᠭᠦᠶᠦᠬᠦ︾᠂ ︽ | ᠳᠠᠷᠤᠢ ᠳᠤ ᠨᠢ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾᠂ | ︽ᠠᠭᠤᠯᠵᠠᠬᠤ ᠦᠭᠡᠢ ᠪᠠᠷ ᠬᠢᠨᠠᠨ ᠵᠥᠪᠰᠢᠶᠡᠷᠡᠬᠦ︾ ᠵᠡᠷᠭᠡ ᠠᠷᠭ᠎ᠠ ᠬᠢᠳᠡᠯ ᠢ ᠳ᠋ᠦᠩᠨᠡᠵᠦ᠂ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠭᠰᠡᠨ ᠪᠠ ᠲᠡᠭᠦᠯᠳᠡᠷᠵᠢᠭᠦᠯᠪᠡ᠃ ᠳᠥᠷᠪᠡ ᠳᠤ᠂ ᠭᠤᠣᠯᠳᠠᠯᠭ᠎ᠠ | ᠲᠠᠢ ᠭᠠᠵᠠᠷ ᠣᠷᠣᠨ ᠳᠤ ᠤᠷᠢᠳ ᠢᠶᠠᠷ ᠬᠡᠷᠡᠭᠵᠢᠭᠦᠯᠬᠦ ᠶᠢ ᠪᠠᠷᠢᠮᠲᠠᠯᠠᠵᠤ᠂ ᠪᠡᠭᠡᠵᠢᠩ᠂ ᠱᠠᠩᠬᠠᠢ ︵ᠲᠤᠰ ᠬᠤᠶᠠᠷ | ᠬᠤᠲᠠ ᠪᠣᠯ ᠳᠡᠯᠡᠬᠡᠢ ᠶᠢᠨ ᠪᠠᠩᠬᠢ ᠠᠴᠠ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠦᠨᠡᠯᠡᠬᠦ ᠥᠯᠢᠭᠡᠷ | ᠬᠤᠲᠠ ᠪᠣᠯᠣᠨ᠎ᠠ︶ ᠶᠢ ᠵᠢᠯᠣᠭᠤᠳᠤᠨ ᠰᠢᠮᠳᠠᠭᠤᠯᠵᠤ ᠪᠠᠷᠢᠯᠭ᠎ᠠ ᠶᠢᠨ ᠵᠥᠪᠰᠢᠶᠡᠷᠡᠯ ᠢ ᠭᠦᠢᠴᠡᠳᠬᠡᠬᠦ ᠭᠦᠢᠴᠡᠳᠬᠡᠯ | ᠲᠤᠭ᠎ᠠ ᠶᠢᠨ ᠨᠡᠷᠡᠰ ᠤᠨ ᠵᠢᠭᠰᠠᠭᠠᠯᠲᠠ ᠶᠢᠨ ᠲᠤᠰᠬᠠᠢ ᠵᠦᠢᠯ ᠤᠨ ᠠᠵᠢᠯᠯᠠᠭᠠᠨ ᠤ ᠲᠥᠰᠥᠯ ᠢ ᠰᠢᠯᠢᠳᠡᠭᠵᠢᠭᠦᠯᠦᠨ | ᠨᠡᠶᠢᠲᠡᠯᠡᠪᠡ᠃ ᠲᠠᠪᠤ ᠳᠤ᠂ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠢ ᠠᠬᠢᠭᠤᠯᠵᠤ᠂ ᠪᠡᠭᠡᠵᠢᠩ ᠬᠤᠲᠠ᠂ | ᠲᠢᠶᠠᠨᠵᠢᠨ ᠬᠤᠲᠠ᠂ ᠱᠠᠩᠬᠠᠢ ᠬᠤᠲᠠ᠂ ᠴᠦᠩᠴᠢᠩ ᠬᠤᠲᠠ᠂ ᠱᠧᠨᠶᠠᠩ ᠬᠤᠲᠠ᠂ ᠳ᠋ᠠᠯᠢᠶᠠᠨ ᠬᠤᠲᠠ᠂ ᠨᠠᠨᠵᠢᠩ | ᠬᠤᠲᠠ᠂ ᠰᠢᠶᠠᠮᠧᠨ ᠬᠤᠲᠠ᠂ ᠦᠬᠠᠨ ᠬᠤᠲᠠ᠂ ᠭᠤᠸᠠᠩᠵᠧᠦ ᠬᠤᠲᠠ᠂ ᠱᠧᠨᠵᠧᠨ ᠬᠤᠲᠠ᠂ ᠴᠧᠩᠳᠦ᠋ ᠬᠤᠲᠠ᠂ | ᠭᠦᠢᠶᠠᠩ ᠬᠤᠲᠠ᠂ ᠸᠧᠶᠢᠨᠠᠨ ᠬᠤᠲᠠ᠂ ᠶᠠᠨ ᠠᠨ ᠬᠤᠲᠠ ᠪᠠ ᠵᠧᠵᠢᠶᠠᠩ ᠮᠤᠵᠢ ᠳᠤ ᠲᠤᠷᠰᠢᠯᠲᠠ ᠶᠢᠨ ᠴᠢᠭ᠋ ᠢ | ᠥᠷᠨᠢᠭᠦᠯᠬᠦ ᠪᠠᠷ ᠵᠥᠪᠳᠡᠯᠴᠡᠨ ᠲᠣᠭᠲᠠᠭᠰᠠᠨ ᠤ ᠬᠠᠮᠲᠤ᠂ ᠥᠭᠡᠷᠡᠴᠢᠯᠡᠯᠲᠡ ᠶᠢᠨ ᠠᠵᠢᠯ ᠤᠨ ᠬᠠᠷᠠᠯᠲᠠ ᠪᠠ | ᠡᠭᠦᠷᠭᠡ ᠶᠢᠨ ᠱᠠᠭᠠᠷᠳᠠᠯᠭ᠎ᠠ ᠶᠢ ᠰᠤᠳᠤᠯᠤᠨ ᠳᠤᠷᠠᠳᠴᠠᠢ᠃ | ᠬᠤᠶᠠᠷ᠂ ᠥᠭᠡᠷᠡᠴᠢᠯᠡᠯᠲᠡ ᠶᠢᠨ ᠭᠤᠣᠯ ᠬᠠᠷᠠᠯᠲᠠ ᠨᠢ ᠶᠠᠭᠤ ᠪᠣᠢ︖ | ᠥᠭᠡᠷᠡᠴᠢᠯᠡᠯᠲᠡ ᠶᠢᠨ ᠭᠤᠣᠯ ᠬᠠᠷᠠᠯᠲᠠ ᠪᠣᠯ 2018 ᠣᠨ ᠳᠤ ᠲᠤᠷᠰᠢᠯᠲᠠ ᠶᠢᠨ ᠴᠢᠭ᠋ ᠤᠨ ᠭᠠᠵᠠᠷ | ᠣᠷᠣᠨ ᠳᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ | ᠲᠥᠰᠥᠪ ᠪᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠪᠦᠲᠦᠭᠡᠵᠦ᠂ ᠬᠢᠨᠠᠨ ᠵᠥᠪᠰᠢᠶᠡᠷᠡᠬᠦ ᠴᠠᠭ ᠢ | ᠬᠠᠭᠠᠰ ᠠᠴᠠ ᠳᠡᠭᠡᠭᠰᠢ ᠬᠠᠰᠤᠨ ᠪᠠᠭᠠᠰᠬᠠᠨ᠎ᠠ︔ 2019 ᠣᠨ ᠳᠤ ᠪᠦᠬᠦ ᠤᠯᠤᠰ ᠤᠨ ᠬᠡᠪᠴᠢᠶᠡᠨ ᠳᠤ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ | ᠥᠭᠡᠷᠡᠴᠢᠯᠡᠯᠲᠡ ᠶᠢ ᠥᠷᠨᠢᠭᠦᠯᠵᠦ᠂ ᠳᠡᠭᠡᠳᠦ ᠬᠠᠭᠠᠰ ᠵᠢᠯ ᠳᠤ ᠬᠢᠨᠠᠨ ᠵᠥᠪᠰᠢᠶᠡᠷᠡᠬᠦ ᠴᠠᠭ ᠢ 120 ᠠᠵᠢᠯᠯᠠᠬᠤ | ᠡᠳᠦᠷ ᠪᠣᠯᠲᠠᠯ᠎ᠠ ᠬᠠᠰᠤᠨ ᠪᠠᠭᠠᠰᠬᠠᠨ᠎ᠠ︔ 2020 ᠣᠨ ᠳᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠬᠠᠮᠢᠶᠠᠷᠬᠤ ᠪᠦᠬᠦ ᠤᠯᠤᠰ ᠤᠨ ᠨᠢᠭᠡᠳᠦᠯᠲᠡᠢ ᠰᠢᠰᠲ᠋ᠧᠮ ᠢ | ᠦᠨᠳᠦᠰᠦᠨ ᠳᠤ ᠪᠠᠨ ᠪᠠᠶᠢᠭᠤᠯᠤᠨ ᠪᠦᠲᠦᠭᠡᠨ᠎ᠡ᠃ | ᠭᠤᠷᠪᠠ᠂ ᠥᠭᠡᠷᠡᠴᠢᠯᠡᠯᠲᠡ ᠶᠢᠨ ᠭᠤᠣᠯ ᠡᠭᠦᠷᠭᠡ ᠪᠠ ᠠᠷᠭ᠎ᠠ ᠬᠡᠮᠵᠢᠶ᠎ᠡ ᠨᠢ ᠶᠠᠭᠤ ᠶᠠᠭᠤ ᠪᠣᠢ︖ | ︽ ᠮᠡᠳᠡᠭᠳᠡᠯ︾ ᠳᠤ ᠭᠤᠣᠯᠳᠠᠭᠤ ᠭᠤᠷᠪᠠᠨ ᠲᠠᠯ᠎ᠠ ᠶᠢᠨ ᠥᠭᠡᠷᠡᠴᠢᠯᠡᠯᠲᠡ ᠶᠢᠨ ᠡᠭᠦᠷᠭᠡ ᠪᠠ ᠠᠷᠭ᠎ᠠ | ᠬᠡᠮᠵᠢᠶ᠎ᠡ ᠶᠢ ᠲᠣᠳᠣᠷᠬᠠᠶᠢᠯᠠᠪᠠ᠄ | ︵ᠨᠢᠭᠡ︶ ᠬᠢᠨᠠᠨ ᠵᠥᠪᠰᠢᠶᠡᠷᠡᠬᠦ ᠠᠯᠬᠤᠮ ᠳᠠᠷᠠᠭᠠᠯᠠᠯ ᠢ ᠨᠢᠭᠡᠳᠬᠡᠨ᠎ᠡ᠃ ᠨᠢᠭᠡ ᠳᠤ᠂ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠠᠯᠬᠤᠮ ᠳᠠᠷᠠᠭᠠᠯᠠᠯ ᠶᠣᠰᠣᠭᠠᠷ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠬᠢᠨᠠᠨ ᠵᠥᠪᠰᠢᠶᠡᠷᠡᠬᠦ ᠠᠯᠬᠤᠮ ᠳᠠᠷᠠᠭᠠᠯᠠᠯ ᠢ ᠲᠥᠷᠥᠯ ᠵᠦᠢᠯ ᠲᠣᠭᠲᠠᠭᠠᠬᠤ ᠳᠤ ᠬᠡᠷᠡᠭᠯᠡᠬᠦ ᠭᠠᠵᠠᠷ | ᠰᠢᠷᠣᠢ ᠶᠢᠨ ᠲᠥᠯᠥᠪᠵᠢᠭᠦᠯᠭᠡ ᠶᠢᠨ ᠵᠥᠪᠰᠢᠶᠡᠷᠡᠯ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠥᠪᠰᠢᠶᠡᠷᠡᠯ᠂ | ᠪᠠᠷᠢᠯᠭ᠎ᠠ ᠪᠠᠷᠢᠬᠤ ᠵᠥᠪᠰᠢᠶᠡᠷᠡᠯ᠂ ᠪᠠᠷᠢᠯᠭ᠎ᠠ ᠳᠠᠭᠤᠰᠴᠤ ᠰᠢᠯᠭᠠᠨ ᠠᠪᠬᠤ ᠭᠡᠬᠦ ᠳᠥᠷᠪᠡᠨ ᠱᠠᠲᠤ ᠦᠶ᠎ᠡ ᠬᠤᠪᠢᠶᠠᠵᠤ | ᠂ ᠬᠢᠨᠠᠨ ᠵᠥᠪᠰᠢᠶᠡᠷᠡᠬᠦ ᠬᠠᠮᠢᠶ᠎ᠠ ᠪᠦᠬᠦᠢ ᠵᠦᠢᠯᠡᠰ ᠢ ᠬᠠᠷᠠᠭᠠᠯᠵᠠᠭᠰᠠᠨ ᠱᠠᠲᠤ ᠦᠶ᠎ᠡ ᠳᠤ ᠨᠡᠶᠢᠯᠡᠭᠦᠯᠦᠨ | ᠣᠷᠣᠭᠤᠯᠤᠨ᠎ᠠ᠃ ᠬᠤᠶᠠᠷ ᠲᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠥᠷᠥᠯ | ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠲᠥᠷᠥᠯ᠂ ᠪᠡᠯᠡ ᠣᠷᠣᠭᠤᠯᠤᠯᠲᠠ ᠶᠢᠨ ᠲᠥᠷᠥᠯ ᠠᠩᠭᠢᠯᠠᠯ᠂ ᠬᠡᠪᠴᠢᠶ᠎ᠡ ᠶᠢᠨ ᠶᠡᠭᠡ ᠪᠠᠭ᠎ᠠ ᠵᠡᠷᠭᠡ ᠶᠢ ᠦᠨᠳᠦᠰᠦᠯᠡᠵᠦ | ᠂ ᠬᠢᠨᠠᠨ ᠵᠥᠪᠰᠢᠶᠡᠷᠡᠬᠦ ᠠᠯᠬᠤᠮ ᠳᠠᠷᠠᠭᠠᠯᠠᠯ ᠢ ᠲᠥᠷᠥᠯ ᠬᠤᠪᠢᠶᠠᠨ ᠨᠠᠷᠢᠯᠢᠭᠵᠢᠭᠤᠯᠵᠤ᠂ ᠬᠢᠨᠠᠨ ᠵᠥᠪᠰᠢᠶᠡᠷᠡᠬᠦ | ᠱᠠᠲᠤ ᠦᠶ᠎ᠡ ᠪᠠ ᠬᠢᠨᠠᠨ ᠵᠥᠪᠰᠢᠶᠡᠷᠡᠬᠦ ᠵᠦᠢᠯᠡᠰ ᠢ ᠲᠣᠭᠲᠠᠭᠠᠨ᠎ᠠ᠃ ᠭᠤᠷᠪᠠ ᠳᠤ᠂ ᠬᠠᠮᠲᠤᠳᠬᠠᠵᠤ ᠬᠢᠨᠠᠨ | ᠵᠥᠪᠰᠢᠶᠡᠷᠡᠬᠦ ᠶᠢ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠱᠠᠲᠤ ᠦᠶ᠎ᠡ ᠪᠦᠷᠢ ᠳᠤ ᠨᠢᠭᠡᠨ ᠲᠦᠷᠦᠭᠦᠯᠡᠬᠦ ᠰᠠᠯᠠᠭ᠎ᠠ | ᠮᠥᠴᠢᠷ ᠢ ᠲᠣᠭᠲᠠᠭᠠᠵᠤ᠂ ᠨᠢᠭᠡ ᠰᠠᠯᠠᠭ᠎ᠠ ᠮᠥᠴᠢᠷ ᠲᠦᠷᠦᠭᠦᠯᠡᠬᠦ᠂ ᠬᠠᠮᠲᠤᠳᠬᠠᠵᠤ ᠬᠢᠨᠠᠨ ᠵᠥᠪᠰᠢᠶᠡᠷᠡᠬᠦ᠂ ᠴᠠᠭ | ᠲᠣᠭᠲᠠᠭᠠᠨ ᠭᠦᠢᠴᠡᠳᠬᠡᠵᠦ ᠳᠠᠭᠤᠰᠬᠠᠬᠤ ᠶᠢ ᠬᠡᠷᠡᠭᠵᠢᠭᠦᠯᠦᠨ᠎ᠡ᠃ | ︵ᠬᠤᠶᠠᠷ︶ ᠬᠢᠨᠠᠨ ᠵᠥᠪᠰᠢᠶᠡᠷᠡᠬᠦ ᠭᠤᠭᠴᠤᠭ᠎ᠠ ᠶᠢ ᠴᠣᠮᠬᠠᠳᠬᠠᠨ᠎ᠠ᠃ ︽ᠬᠠᠰᠤᠬᠤ᠂ ᠪᠠᠭᠤᠯᠭᠠᠬᠤ᠂ | ᠨᠡᠶᠢᠯᠡᠭᠦᠯᠬᠦ᠂ ᠬᠤᠪᠢᠷᠠᠭᠤᠯᠬᠤ᠂ ᠲᠣᠬᠢᠷᠠᠭᠤᠯᠬᠤ︾ ᠵᠡᠷᠭᠡ ᠠᠷᠭ᠎ᠠ ᠬᠡᠮᠵᠢᠶ᠎ᠡ ᠠᠪᠴᠤ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠯᠲᠠ ᠵᠥᠪᠰᠢᠶᠡᠷᠡᠯ ᠤᠨ ᠬᠠᠰᠤᠵᠤ ᠳᠡᠶᠢᠯᠬᠦ ᠶᠢ ᠨᠢ ᠬᠠᠰᠤᠵᠤ᠂ | ᠪᠠᠭᠤᠯᠭᠠᠵᠤ ᠳᠡᠶᠢᠯᠬᠦ ᠶᠢ ᠨᠢ ᠪᠠᠭᠤᠯᠭᠠᠨ᠂ ᠨᠡᠶᠢᠯᠡᠭᠦᠯᠵᠦ ᠳᠡᠶᠢᠯᠬᠦ ᠶᠢ ᠨᠢ ᠨᠡᠶᠢᠯᠡᠭᠦᠯᠵᠦ᠂ ᠰᠢᠯᠵᠢᠭᠦᠯᠵᠦ ᠳᠡᠶᠢᠯᠬᠦ ᠶᠢ | ᠨᠢ ᠰᠢᠯᠵᠢᠭᠦᠯᠦᠨ᠂ ᠲᠣᠬᠢᠷᠠᠭᠤᠯᠵᠤ ᠳᠡᠶᠢᠯᠬᠦ ᠶᠢ ᠨᠢ ᠲᠣᠬᠢᠷᠠᠭᠤᠯᠤᠨ᠎ᠠ᠃ ᠨᠢᠭᠡ ᠳᠤ᠂ ︽ᠬᠠᠰᠤᠨ᠎ᠠ︾᠂ ᠬᠠᠤᠯᠢ | ᠶᠣᠰᠣᠨ ᠤ ᠪᠤᠰᠤ᠂ ᠵᠦᠢ ᠵᠣᠬᠢᠰ ᠦᠭᠡᠢ᠂ ᠡᠷᠬᠡᠪᠰᠢ ᠭᠦᠢᠴᠡᠳᠬᠡᠬᠦ ᠴᠢᠬᠤᠯᠠ ᠦᠭᠡᠢ ᠬᠢᠨᠠᠨ ᠵᠥᠪᠰᠢᠶᠡᠷᠡᠬᠦ | ᠵᠦᠢᠯᠡᠰ ᠪᠠ ᠤᠷᠢᠳᠠᠴᠢ ᠨᠥᠬᠦᠴᠡᠯ ᠢ ᠬᠦᠴᠦᠨ ᠦᠭᠡᠢ ᠪᠣᠯᠭᠠᠨ᠎ᠠ᠃ ᠵᠢᠱᠢᠶᠡᠯᠡᠪᠡᠯ᠂ ᠪᠠᠷᠢᠯᠭ᠎ᠠ ᠪᠠᠷᠢᠬᠤ ᠭᠡᠷ᠎ᠡ ᠶᠢ | ᠳᠠᠩᠰᠠᠯᠠᠨ ᠲᠡᠮᠳᠡᠭᠯᠡᠬᠦ᠂ ᠪᠠᠷᠢᠯᠭ᠎ᠠ ᠶᠢᠨ ᠡᠨᠧᠷᠭᠢ ᠠᠷᠪᠢᠯᠠᠬᠤ ᠲᠥᠯᠥᠪᠯᠡᠭᠡ ᠶᠢ ᠬᠢᠨᠠᠨ ᠪᠠᠶᠢᠴᠠᠭᠠᠵᠤ ᠳᠠᠩᠰᠠᠯᠠᠨ | ᠲᠡᠮᠳᠡᠭᠯᠡᠬᠦ ᠵᠡᠷᠭᠡ ᠵᠦᠢᠯᠡᠰ ᠢ ᠬᠦᠴᠦᠨ ᠦᠭᠡᠢ ᠪᠣᠯᠭᠠᠨ᠎ᠠ᠃ ᠬᠤᠶᠠᠷ ᠲᠤ᠂ ︽ᠪᠠᠭᠤᠯᠭᠠᠨ᠎ᠠ︾᠂ ᠠᠵᠤ ᠠᠬᠤᠶᠢᠯᠠᠯ | ᠪᠠ ᠣᠯᠠᠨ ᠲᠦᠮᠡᠨ ᠤ ᠠᠵᠢᠯ ᠬᠡᠷᠡᠭ ᠭᠦᠢᠴᠡᠳᠬᠡᠬᠦ ᠳᠤ ᠳᠥᠭᠦᠮ ᠦᠵᠡᠭᠦᠯᠬᠦ ᠵᠠᠷᠴᠢᠮ ᠶᠣᠰᠣᠭᠠᠷ᠂ ᠳᠣᠷᠣᠭᠰᠢ | ᠪᠠᠭᠤᠯᠭᠠᠬᠤ ᠪᠤᠶᠤ ᠳᠣᠣᠷᠠᠳᠤ ᠱᠠᠲᠤᠨ ᠤ ᠪᠠᠶᠢᠭᠤᠯᠭ᠎ᠠ ᠳᠤ ᠨᠠᠶᠢᠳᠠᠵᠤ ᠬᠢᠨᠠᠨ ᠵᠥᠪᠰᠢᠶᠡᠷᠡᠭᠦᠯᠬᠦ ᠵᠦᠢᠯᠡᠰ ᠤᠨ | ᠬᠡᠪᠴᠢᠶ᠎ᠡ ᠶᠢ ᠥᠷᠭᠡᠳᠬᠡᠬᠦ ᠶᠢᠨ ᠬᠠᠮᠲᠤ᠂ ᠳᠣᠣᠷᠠᠳᠤ ᠱᠠᠲᠤᠨ ᠤ ᠪᠠᠶᠢᠭᠤᠯᠭ᠎ᠠ ᠶᠢᠨ ᠬᠦᠯᠢᠶᠡᠨ ᠠᠪᠴᠤ ᠳᠡᠶᠢᠯᠬᠦ᠂ | ᠰᠠᠶᠢᠲᠤᠷ ᠬᠠᠮᠢᠶᠠᠷᠴᠤ ᠳᠡᠶᠢᠯᠬᠦ ᠶᠢ ᠪᠠᠲᠤᠯᠠᠨ᠎ᠠ᠃ ᠭᠤᠷᠪᠠ ᠳᠤ᠂ ︽ᠨᠡᠶᠢᠯᠡᠭᠦᠯᠦᠨ᠎ᠡ︾᠂ ᠠᠳᠠᠯᠢ ᠨᠢᠭᠡᠨ ᠰᠠᠯᠠᠭ᠎ᠠ | ᠮᠥᠴᠢᠷ ᠤᠨ ᠬᠡᠷᠡᠭᠵᠢᠭᠦᠯᠬᠦ ᠬᠠᠮᠢᠶᠠᠷᠤᠯᠲᠠ ᠶᠢᠨ ᠠᠭᠤᠯᠭ᠎ᠠ ᠨᠢ ᠣᠶᠢᠷᠠᠯᠴᠠᠭ᠎ᠠ ᠪᠤᠶᠤ ᠠᠳᠠᠯᠢ ᠨᠢᠭᠡᠨ ᠭᠦᠢᠴᠡᠳᠬᠡᠬᠦ | ᠱᠠᠲᠤ ᠦᠶ᠎ᠡ ᠳᠤ ᠬᠠᠷᠢᠶᠠᠯᠠᠭᠳᠠᠬᠤ ᠣᠯᠠᠨ ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠢ ᠨᠢᠭᠡ ᠯᠡ ᠬᠢᠨᠠᠨ | ᠵᠥᠪᠰᠢᠶᠡᠷᠡᠬᠦ ᠵᠦᠢᠯᠡᠰ ᠪᠣᠯᠭᠠᠨ ᠡᠮᠬᠢᠯᠡᠨ ᠨᠡᠶᠢᠯᠡᠭᠦᠯᠦᠨ᠎ᠡ᠃ ᠬᠠᠮᠲᠤᠷᠠᠵᠤ ᠬᠢᠨᠠᠨ ᠰᠢᠯᠭᠠᠬᠤ᠂ ᠬᠠᠮᠲᠤᠷᠠᠵᠤ ᠬᠡᠮᠵᠢᠨ | ᠵᠢᠷᠤᠬᠤ᠂ ᠬᠠᠮᠲᠤᠷᠠᠵᠤ ᠵᠢᠷᠤᠭ ᠬᠢᠨᠠᠬᠤ᠂ ᠬᠠᠮᠲᠤᠷᠠᠵᠤ ᠰᠢᠯᠭᠠᠨ ᠬᠤᠷᠢᠶᠠᠬᠤ ᠵᠡᠷᠭᠡ ᠶᠢ ᠬᠡᠷᠡᠭᠵᠢᠭᠦᠯᠦᠨ᠎ᠡ᠃ | ᠵᠢᠱᠢᠶᠡᠯᠡᠪᠡᠯ᠂ ᠭᠠᠯ ᠢ ᠰᠡᠷᠭᠡᠶᠢᠯᠡᠬᠦ ᠲᠥᠯᠥᠪᠯᠡᠭᠡ ᠶᠢ ᠬᠢᠨᠠᠨ ᠰᠢᠯᠭᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠲᠥᠯᠥᠪᠯᠡᠭᠡ ᠶᠢ ᠬᠢᠨᠠᠨ ᠪᠠᠶᠢᠴᠠᠭᠠᠬᠤ ᠵᠡᠷᠭᠡ ᠮᠡᠷᠭᠡᠵᠢᠯ ᠤᠨ ᠬᠢᠨᠠᠯᠲᠠ ᠪᠠᠶᠢᠴᠠᠭᠠᠯᠲᠠ ᠶᠢ ᠪᠠᠷᠢᠯᠭ᠎ᠠ ᠶᠢᠨ ᠵᠢᠷᠤᠭ | ᠲᠥᠯᠥᠪᠯᠡᠭᠡ ᠪᠢᠴᠢᠭ ᠮᠠᠲ᠋ᠧᠷᠢᠶᠠᠯ ᠤᠨ ᠬᠢᠨᠠᠯᠲᠠ ᠪᠠᠶᠢᠴᠠᠭᠠᠯᠲᠠ ᠳᠤ ᠨᠡᠶᠢᠯᠡᠭᠦᠯᠦᠨ ᠣᠷᠣᠭᠤᠯᠵᠤ᠂ ᠬᠠᠮᠢᠶ᠎ᠠ ᠪᠦᠬᠦᠢ | ᠰᠠᠯᠠᠭ᠎ᠠ ᠮᠥᠴᠢᠷ ᠠᠴᠠ ᠳᠠᠬᠢᠨ ᠮᠡᠷᠭᠡᠵᠢᠯ ᠤᠨ ᠬᠢᠨᠠᠯᠲᠠ ᠪᠠᠶᠢᠴᠠᠭᠠᠯᠲᠠ ᠬᠢᠬᠦ ᠦᠭᠡᠢ᠃ ᠳᠥᠷᠪᠡ ᠳᠤ᠂ ︽ | ᠬᠤᠪᠢᠷᠠᠭᠤᠯᠤᠨ᠎ᠠ︾᠂ ᠬᠢᠨᠠᠨ ᠵᠥᠪᠰᠢᠶᠡᠷᠡᠬᠦ ᠪᠠᠶᠢᠭᠤᠯᠭ᠎ᠠ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ | ᠬᠤᠷᠢᠶᠠᠬᠤ ᠪᠠᠷ ᠳᠠᠮᠵᠢᠨ ᠰᠢᠢᠳᠪᠦᠷᠢᠯᠡᠵᠦ ᠳᠡᠶᠢᠯᠬᠦ ᠵᠦᠢᠯᠡᠰ ᠢ ᠵᠠᠰᠠᠭ ᠤᠨ ᠣᠷᠳᠣᠨ ᠤ ᠳᠣᠲᠣᠭᠠᠳᠤ ᠳᠤ ᠪᠠᠨ | ᠬᠠᠮᠵᠢᠯᠴᠠᠨ ᠠᠵᠢᠯᠯᠠᠬᠤ ᠵᠦᠢᠯᠡᠰ ᠪᠣᠯᠭᠠᠨ ᠬᠤᠪᠢᠷᠠᠭᠤᠯᠤᠨ᠎ᠠ᠃ ᠮᠡᠳᠡᠭᠳᠡᠨ ᠠᠮᠠᠯᠳᠠᠬᠤ ᠳᠦᠷᠢᠮ ᠢ ᠬᠡᠷᠡᠭᠵᠢᠭᠦᠯᠵᠦ᠂ | ᠵᠠᠰᠠᠭ ᠤᠨ ᠣᠷᠳᠣᠨ ᠠᠴᠠ ᠮᠡᠳᠡᠭᠳᠡᠨ ᠠᠮᠠᠯᠳᠠᠬᠤ ᠳᠦᠷᠢᠮ ᠢ ᠬᠡᠷᠡᠭᠵᠢᠭᠦᠯᠬᠦ ᠪᠠᠷ ᠨᠡᠶᠢᠲᠡᠯᠡᠭᠰᠡᠨ ᠬᠢᠨᠠᠨ | ᠵᠥᠪᠰᠢᠶᠡᠷᠡᠬᠦ ᠵᠦᠢᠯᠡᠰ ᠤᠨ ᠨᠠᠷᠢᠨ ᠬᠠᠭᠤᠳᠠᠰᠤ ᠵᠢᠴᠢ ᠪᠣᠳᠠᠲᠠᠢ ᠱᠠᠭᠠᠷᠳᠠᠯᠭ᠎ᠠ ᠶᠢ ᠭᠤᠶᠤᠴᠢᠯᠠᠭᠴᠢ ᠱᠠᠭᠠᠷᠳᠠᠯᠭ᠎ᠠ | ᠶᠣᠰᠣᠭᠠᠷ ᠪᠢᠴᠢᠭ ᠤᠨ ᠠᠮᠠᠯᠠᠯᠲᠠ ᠬᠢᠵᠦ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠰᠢᠭᠤᠳ ᠬᠢᠨᠠᠨ | ᠵᠥᠪᠰᠢᠶᠡᠷᠡᠬᠦ ᠲᠣᠭᠲᠠᠭᠠᠯ ᠭᠠᠷᠭᠠᠬᠤ ᠶᠢᠨ ᠬᠠᠮᠲᠤ ᠭᠤᠶᠤᠴᠢᠯᠠᠭᠴᠢ ᠶᠢᠨ ᠠᠮᠠᠯᠠᠯᠲᠠ ᠪᠠᠨ ᠦᠨᠡᠨ ᠬᠦ | ᠭᠦᠢᠴᠡᠳᠬᠡᠬᠦ ᠶᠢ ᠬᠢᠨᠠᠨ ᠰᠢᠮᠳᠠᠭᠤᠯᠤᠨ᠎ᠠ᠃ ᠲᠠᠪᠤ ᠳᠤ᠂ ︽ᠲᠣᠬᠢᠷᠠᠭᠤᠯᠤᠨ᠎ᠠ︾᠂ ᠬᠠᠷᠠᠭᠠᠯᠵᠠᠭᠰᠠᠨ ᠳᠦᠷᠢᠮ ᠤᠨ | ᠲᠥᠯᠥᠪᠯᠡᠭᠡ ᠶᠢ ᠲᠡᠭᠦᠯᠳᠡᠷᠵᠢᠭᠦᠯᠵᠦ᠂ ᠬᠢᠨᠠᠨ ᠵᠥᠪᠰᠢᠶᠡᠷᠡᠬᠦ ᠴᠠᠭ ᠤᠨ ᠳᠠᠷᠠᠭᠠᠯᠠᠯ ᠢ ᠠᠵᠢᠯ ᠤᠨ ᠪᠣᠳᠠᠲᠤ ᠪᠠᠶᠢᠳᠠᠯ | ᠲᠠᠢ ᠨᠡᠩ ᠰᠠᠶᠢᠲᠤᠷ ᠨᠡᠶᠢᠴᠡᠭᠦᠯᠦᠨ᠎ᠡ᠃ ᠵᠢᠱᠢᠶᠡᠯᠡᠪᠡᠯ ᠤᠰᠤ ᠬᠠᠩᠭᠠᠬᠤ᠂ ᠴᠠᠬᠢᠯᠭᠠᠨ ᠬᠠᠩᠭᠠᠬᠤ ᠵᠡᠷᠭᠡ | ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠰᠠᠭᠤᠷᠢ ᠪᠡᠯᠡᠳᠬᠡᠮᠵᠢ ᠶᠢ ᠮᠡᠳᠡᠭᠦᠯᠦᠨ ᠤᠭᠰᠠᠷᠠᠬᠤ ᠶᠢ | ᠪᠠᠷᠢᠯᠭ᠎ᠠ ᠪᠠᠷᠢᠬᠤ ᠵᠥᠪᠰᠢᠶᠡᠷᠡᠯ ᠤᠨ ᠭᠡᠷᠡᠴᠢ ᠶᠢ ᠬᠠᠷᠭᠤᠭᠤᠯᠤᠨ ᠣᠯᠭᠤᠭᠰᠠᠨ ᠤ ᠳᠠᠷᠠᠭ᠎ᠠ ᠭᠦᠢᠴᠡᠳᠬᠡᠬᠦ ᠪᠣᠯᠲᠠᠯ᠎ᠠ | ᠤᠷᠢᠳᠴᠢᠯᠠᠭᠤᠯᠤᠨᠠ ᠭᠡᠬᠦ ᠮᠡᠲᠦ᠃ | ︵ᠭᠤᠷᠪᠠ︶ ᠬᠢᠨᠠᠨ ᠵᠥᠪᠰᠢᠶᠡᠷᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠬᠢᠨᠠᠨ ᠵᠥᠪᠰᠢᠶᠡᠷᠡᠬᠦ | ᠰᠢᠰᠲ᠋ᠧᠮᠵᠢ ᠶᠢ ᠲᠡᠭᠦᠯᠳᠡᠷᠵᠢᠭᠦᠯᠬᠦ ᠪᠣᠯ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ | ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠰᠠᠭᠤᠷᠢ ᠪᠠᠶᠢᠵᠤ᠂ ᠭᠤᠣᠯᠳᠠᠭᠤ ︽ᠲᠠᠪᠤᠨ ᠨᠢᠭᠡ︾᠂ | ᠲᠤᠬᠠᠶᠢᠯᠠᠪᠠᠯ ︽ᠨᠢᠭᠡ ᠲᠥᠰᠥᠪ ᠵᠢᠷᠤᠭ᠂ ᠨᠢᠭᠡ ᠰᠢᠰᠲ᠋ᠧᠮ᠂ ᠨᠢᠭᠡ ᠴᠣᠩᠬᠤᠪᠴᠢ᠂ ᠨᠢᠭᠡ ᠬᠦᠰᠦᠨᠦᠭ᠂ ᠨᠢᠭᠡ | ᠲᠣᠭᠲᠠᠴᠠ︾ ᠶᠢ ᠪᠠᠭᠲᠠᠭᠠᠨ᠎ᠠ᠃ ᠨᠢᠭᠡ ᠳᠤ᠂ ︽ᠨᠢᠭᠡ ᠲᠥᠰᠥᠪ ᠵᠢᠷᠤᠭ︾ ᠢᠶᠠᠷ ᠲᠥᠷᠥᠯ ᠵᠦᠢᠯ ᠢ ᠨᠢᠭᠡᠳᠦᠯᠲᠡᠢ | ᠲᠥᠯᠥᠪᠵᠢᠭᠦᠯᠦᠨ ᠬᠡᠷᠡᠭᠵᠢᠭᠦᠯᠵᠦ᠂ ︽ᠣᠯᠠᠨ ᠲᠣᠭᠲᠠᠭᠠᠯ ᠢ ᠨᠢᠭᠡ ᠪᠣᠯᠭᠠᠭᠰᠠᠨ︾ ︽ᠨᠢᠭᠡ ᠲᠥᠰᠥᠪ ᠵᠢᠷᠤᠭ︾ | ᠢᠶᠠᠷ ᠰᠠᠭᠤᠷᠢ ᠪᠣᠯᠭᠠᠵᠤ᠂ ᠡᠯ᠎ᠡ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠪᠠᠶᠢᠭᠠᠳ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠥᠬᠦᠴᠡᠯ ᠢ ᠳᠤᠷᠠᠳᠤᠨ ᠭᠠᠷᠭᠠᠨ᠎ᠠ᠃ ᠬᠤᠶᠠᠷ ᠲᠤ᠂ ︽ᠨᠢᠭᠡ | ᠰᠢᠰᠲ᠋ᠧᠮ︾ ᠢᠶᠠᠷ ᠨᠢᠭᠡᠳᠦᠯᠲᠡᠢ ᠬᠠᠮᠢᠶᠠᠷᠤᠯᠲᠠ ᠶᠢ ᠬᠡᠷᠡᠭᠵᠢᠭᠦᠯᠵᠦ᠂ ᠬᠥᠨᠳᠡᠯᠡᠨ ᠴᠢᠭᠯᠡᠯ ᠢᠶᠠᠷ ᠬᠥᠪᠡᠭᠡᠨ ᠳᠤ ᠨᠢ | ᠬᠦᠷᠭᠡᠵᠦ᠂ ᠭᠤᠯᠳᠤ ᠴᠢᠭᠯᠡᠯ ᠢᠶᠠᠷ ᠢᠷᠤᠭᠠᠷ ᠲᠤ ᠨᠢ ᠬᠦᠷᠭᠡᠭᠰᠡᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮᠵᠢ ᠶᠢ ᠨᠡᠶᠢᠯᠡᠭᠦᠯᠦᠨ ᠪᠦᠷᠢᠯᠳᠦᠭᠦᠯᠵᠦ᠂ ᠪᠣᠢ | ᠪᠦᠬᠦᠢ ᠬᠢᠨᠠᠯᠲᠠ ᠵᠥᠪᠰᠢᠶᠡᠷᠡᠯ ᠢ ᠪᠦᠷ ᠨᠢᠭᠡ ᠰᠢᠰᠲ᠋ᠧᠮ ᠳᠡᠭᠡᠷ᠎ᠡ ᠬᠡᠷᠡᠭᠵᠢᠭᠦᠯᠦᠨ᠎ᠡ᠃ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠭᠤᠯᠵᠤ᠂ | ᠣᠷᠣᠨ ᠨᠤᠲᠤᠭ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ | ᠠᠵᠢᠯ ᠤᠨ ᠵᠢᠯᠣᠭᠤᠳᠤᠯᠭ᠎ᠠ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠭᠤᠷᠪᠠ ᠳᠤ᠂ ︽ᠨᠢᠭᠡ | ᠴᠣᠩᠬᠤᠪᠴᠢ︾ ᠪᠠᠷ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠵᠤ᠂ ᠡᠮᠦᠨ᠎ᠡ ᠲᠠᠶᠢᠰᠠᠨ ᠳᠤ ᠬᠦᠯᠢᠶᠡᠨ ᠠᠪᠴᠤ | ᠭᠦᠢᠴᠡᠳᠬᠡᠨ᠂ ᠠᠷᠤ ᠲᠠᠯ᠎ᠠ ᠳᠤ ᠬᠢᠨᠠᠨ ᠬᠠᠷᠭᠤᠭᠤᠯᠬᠤ ᠲᠣᠭᠲᠠᠴᠠ ᠶᠢ ᠪᠠᠶᠢᠭᠤᠯᠵᠤ᠂ ᠨᠢᠭᠡ ᠴᠣᠩᠬᠤᠪᠴᠢ ᠪᠠᠷ | ᠭᠠᠳᠠᠭᠰᠢ ᠦᠢᠯᠡᠴᠢᠯᠡᠬᠦ ᠪᠠ ᠬᠠᠮᠢᠶᠠᠷᠬᠤ ᠶᠢ ᠪᠡᠶᠡᠯᠡᠭᠦᠯᠦᠨ᠎ᠡ᠃ ᠳᠥᠷᠪᠡ ᠳᠤ᠂ ︽ᠨᠢᠭᠡ ᠬᠦᠰᠦᠨᠦᠭ︾ ᠲᠤ | ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠡᠮᠬᠢᠯᠡᠨ ᠨᠡᠶᠢᠯᠡᠭᠦᠯᠵᠦ᠂ ᠬᠢᠨᠠᠨ ᠵᠥᠪᠰᠢᠶᠡᠷᠡᠬᠦ ᠱᠠᠲᠤ ᠦᠶ᠎ᠡ ᠪᠦᠷᠢ ᠳᠤ | ᠨᠢᠭᠡ ᠠᠵᠢᠯ ᠬᠡᠷᠡᠭ ᠭᠦᠢᠴᠡᠳᠬᠡᠬᠦ ᠵᠦᠭᠯᠡᠭᠦᠷ᠂ ᠨᠢᠭᠡ ᠭᠤᠶᠤᠴᠢᠯᠠᠯᠲᠠ ᠶᠢᠨ ᠬᠦᠰᠦᠨᠦᠭ᠂ ᠨᠢᠭᠡ ᠲᠥᠬᠦᠷ | ᠭᠤᠶᠤᠴᠢᠯᠠᠯᠲᠠ ᠶᠢᠨ ᠮᠠᠲ᠋ᠧᠷᠢᠶᠠᠯ ᠢ ᠬᠡᠷᠡᠭᠯᠡᠨ ᠣᠯᠠᠨ ᠵᠦᠢᠯ ᠤᠨ ᠬᠢᠨᠠᠯᠲᠠ ᠵᠥᠪᠰᠢᠶᠡᠷᠡᠯ ᠢ ᠪᠡᠶᠡᠯᠡᠭᠦᠯᠦᠨ᠎ᠡ᠃ | ᠲᠠᠪᠤ ᠳᠤ᠂ ︽ᠨᠢᠭᠡᠨ ᠲᠥᠬᠦᠷ ᠲᠣᠭᠲᠠᠴᠠ︾ ᠪᠠᠷ ᠬᠢᠨᠠᠨ ᠵᠥᠪᠰᠢᠶᠡᠷᠡᠬᠦ ᠠᠵᠢᠯᠯᠠᠭ᠎ᠠ ᠶᠢ ᠵᠢᠷᠤᠮᠵᠢᠭᠤᠯᠤᠨ᠂ | ᠲᠥᠬᠦᠷ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠰᠠᠯᠠᠭ᠎ᠠ ᠮᠥᠴᠢᠷ ᠤᠳ ᠤᠨ ᠡᠭᠦᠷᠭᠡ ᠬᠠᠷᠢᠭᠤᠴᠠᠯᠭ᠎ᠠ᠂ | ᠠᠵᠢᠯ ᠤᠨ ᠳᠦᠷᠢᠮ ᠵᠢᠷᠤᠮ ᠪᠠ ᠵᠣᠬᠢᠴᠠᠭᠤᠯᠵᠤ ᠬᠢᠨᠠᠨ ᠪᠠᠶᠢᠴᠠᠭᠠᠬᠤ ᠲᠣᠭᠲᠠᠴᠠ ᠵᠡᠷᠭᠡ ᠶᠢ ᠲᠣᠳᠣᠷᠬᠠᠶᠢᠯᠠᠵᠤ ᠂ | ᠬᠢᠨᠠᠨ ᠵᠥᠪᠰᠢᠶᠡᠷᠡᠬᠦ ᠡᠯ᠎ᠡ ᠱᠠᠲᠤ ᠦᠶ᠎ᠡ ᠂ ᠡᠯ᠎ᠡ ᠭᠤᠭᠴᠤᠭ᠎ᠠ ᠶᠢ ᠵᠠᠪᠰᠠᠷ ᠦᠭᠡᠢ ᠵᠣᠯᠭᠠᠯᠳᠤᠭᠤᠯᠬᠤ ᠶᠢ | ᠪᠠᠲᠤᠯᠠᠨ᠎ᠠ᠃ | ᠳᠥᠷᠪᠡ᠂ ᠥᠭᠡᠷᠡᠴᠢᠯᠡᠯᠲᠡ ᠬᠢᠬᠦ ᠶᠢᠨ ᠵᠡᠷᠭᠡ ᠪᠠᠷ ᠬᠢᠨᠠᠯᠲᠠ ᠬᠠᠮᠢᠶᠠᠷᠤᠯᠲᠠ ᠶᠢ ᠬᠡᠷᠬᠢᠨ ᠴᠢᠩᠭᠠᠳᠬᠠᠬᠤ | ᠪᠣᠢ︖ | ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠪᠠᠭᠤᠯᠭᠠᠬᠤ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ | ᠪᠠᠷᠢᠮᠲᠠᠯᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ | ᠥᠭᠡᠷᠡᠴᠢᠯᠡᠯᠲᠡ ᠶᠢ ᠠᠬᠢᠭᠤᠯᠬᠤ ᠶᠢᠨ ᠬᠠᠮᠲᠤ᠂ ᠬᠠᠷᠠᠭᠠᠯᠵᠠᠭᠰᠠᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ | ᠪᠠᠶᠢᠭᠤᠯᠤᠨ ᠪᠦᠷᠢᠨᠰᠢᠭᠦᠯᠦᠨ᠎ᠡ᠃ | ᠨᠢᠭᠡ ᠳᠤ᠂ ᠠᠵᠢᠯ ᠶᠠᠪᠤᠳᠠᠯ ᠤᠨ ᠳᠤᠮᠳᠠ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠢᠯᠡ ᠲᠣᠳᠣ᠂ ᠵᠢᠷᠤᠮᠵᠢᠯ ᠲᠠᠢ᠂ ᠦᠷ᠎ᠡ ᠪᠦᠲᠦᠮᠵᠢ ᠰᠠᠶᠢᠲᠠᠢ ᠬᠠᠮᠵᠢᠯᠴᠠᠨ ᠠᠵᠢᠯᠯᠠᠵᠤ ᠬᠢᠨᠠᠨ | ᠬᠠᠮᠢᠶᠠᠷᠬᠤ ᠲᠣᠭᠲᠠᠴᠠ ᠶᠢ ᠪᠠᠶᠢᠭᠤᠯᠵᠤ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ | ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠢᠨᠠᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ | ᠬᠠᠤᠯᠢ ᠴᠠᠭᠠᠵᠠ ᠬᠠᠤᠯᠢ ᠳᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ᠮᠡᠳᠡᠭᠳᠡᠨ ᠠᠮᠠᠯᠳᠠᠬᠤ ᠳᠦᠷᠢᠮ ᠢ ᠬᠡᠷᠡᠭᠵᠢᠭᠦᠯᠬᠦ ᠬᠢᠨᠠᠨ ᠵᠥᠪᠰᠢᠶᠡᠷᠡᠬᠦ ᠵᠦᠢᠯᠡᠰ ᠲᠤ᠂ ᠬᠢᠨᠠᠨ ᠵᠥᠪᠰᠢᠶᠡᠷᠡᠬᠦ | ᠰᠠᠯᠠᠭ᠎ᠠ ᠮᠥᠴᠢᠷ ᠤᠳ ᠲᠣᠭᠲᠠᠭᠰᠠᠨ ᠴᠠᠭ ᠬᠤᠭᠤᠴᠠᠭᠠᠨ ᠳᠣᠲᠣᠷ᠎ᠠ ᠭᠤᠶᠤᠴᠢᠯᠠᠭᠴᠢ ᠶᠢᠨ ᠠᠮᠠᠯᠠᠯᠲᠠ ᠪᠠᠨ | ᠭᠦᠢᠴᠡᠳᠬᠡᠭᠰᠡᠨ ᠪᠠᠶᠢᠳᠠᠯ ᠳᠤ ᠪᠠᠶᠢᠴᠠᠭᠠᠯᠲᠠ ᠬᠢᠵᠦ᠂ ᠭᠤᠶᠤᠴᠢᠯᠠᠭᠴᠢ ᠠᠮᠠᠯᠠᠯᠲᠠ ᠪᠠᠷ ᠭᠦᠢᠴᠡᠳᠬᠡᠭᠰᠡᠨ ᠦᠭᠡᠢ | ᠪᠣᠯ᠂ ᠵᠠᠰᠠᠭ ᠵᠠᠬᠢᠷᠭᠠᠨ ᠤ ᠬᠢᠨᠠᠯᠲᠠ ᠵᠥᠪᠰᠢᠶᠡᠷᠡᠯ ᠢ ᠨᠢ ᠬᠦᠴᠦᠨ ᠦᠭᠡᠢ ᠪᠣᠯᠭᠠᠬᠤ ᠪᠠᠷ ᠲᠣᠭᠲᠠᠭᠠᠬᠤ ᠶᠢᠨ ᠬᠠᠮᠲᠤ | ᠭᠤᠶᠤᠴᠢᠯᠠᠭᠴᠢ ᠠᠴᠠ ᠬᠠᠷᠠᠭᠠᠯᠵᠠᠭᠰᠠᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ | ᠬᠤᠶᠠᠷ ᠲᠤ᠂ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ | ᠢᠲᠡᠭᠡᠮᠵᠢ ᠶᠢᠨ ᠳᠠᠩᠰᠠ ᠡᠪᠬᠡᠮᠡᠯ ᠪᠠ ᠢᠲᠡᠭᠡᠯ ᠠᠯᠳᠠᠭᠰᠠᠳ ᠤᠨ ᠨᠡᠷᠡᠰ ᠤᠨ ᠳᠦᠷᠢᠮ ᠢ ᠪᠠᠶᠢᠭᠤᠯᠵᠤ᠂ ᠠᠵᠤ | ᠠᠬᠤᠶᠢᠯᠠᠯ ᠪᠠ ᠠᠳᠠᠯ ᠦᠢᠯᠡᠰ ᠡᠷᠬᠢᠯᠡᠭᠰᠡᠳ ᠤᠨ ᠬᠠᠤᠯᠢ ᠴᠠᠭᠠᠵᠠ ᠬᠠᠤᠯᠢ ᠳᠦᠷᠢᠮ ᠠᠴᠠ ᠵᠥᠷᠢᠴᠡᠭᠰᠡᠨ᠂ | ᠠᠮᠠᠯᠠᠯᠲᠠ ᠪᠠᠨ ᠥᠯᠥ ᠭᠦᠢᠴᠡᠳᠬᠡᠭᠰᠡᠨ ᠡᠷᠡᠭᠦᠯ ᠪᠤᠰᠤ ᠠᠵᠢᠯᠯᠠᠭ᠎ᠠ ᠶᠢ ᠨᠡᠶᠢᠭᠡᠮ ᠳᠤ ᠢᠯᠡ ᠪᠣᠯᠭᠠᠵᠤ᠂ ︽ᠨᠢᠭᠡ | ᠤᠳᠠᠭ᠎ᠠ ᠢᠲᠡᠭᠡᠯ ᠠᠯᠳᠠᠪᠠᠯ᠂ ᠤᠳᠠᠭ᠎ᠠ ᠪᠣᠯᠭᠠᠨ ᠬᠢᠵᠠᠭᠠᠷᠯᠠᠭᠳᠠᠬᠤ︾ ᠬᠠᠮᠲᠤᠷᠠᠵᠤ ᠵᠠᠯᠬᠠᠭᠠᠨ ᠰᠢᠳᠬᠡᠬᠦ | ᠲᠣᠭᠲᠠᠴᠠ ᠶᠢ ᠪᠠᠶᠢᠭᠤᠯᠤᠨ᠎ᠠ᠃ | ᠭᠤᠷᠪᠠ ᠳᠤ᠂ ᠵᠠᠭᠤᠴᠢ ᠪᠠ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠴᠢᠯᠡᠭᠡ ᠶᠢ | ᠵᠢᠷᠤᠮᠵᠢᠭᠤᠯᠤᠨ᠂ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠦᠢᠯᠡᠴᠢᠯᠡᠭᠡ ᠶᠢᠨ | ᠠᠮᠠᠯᠠᠯᠲᠠ ᠶᠢᠨ ᠳᠦᠷᠢᠮ ᠢ ᠬᠡᠷᠡᠭᠵᠢᠭᠦᠯᠵᠦ᠂ ᠦᠢᠯᠡᠴᠢᠯᠡᠭᠡ ᠶᠢᠨ ᠪᠠᠷᠢᠮᠵᠢᠶ᠎ᠠ ᠪᠠ ᠠᠵᠢᠯ ᠬᠡᠷᠡᠭ ᠭᠦᠢᠴᠡᠳᠬᠡᠬᠦ | ᠠᠯᠬᠤᠮ ᠳᠠᠷᠠᠭᠠᠯᠠᠯ ᠢ ᠲᠣᠳᠣᠷᠬᠠᠶᠢᠯᠠᠨ᠂ ᠦᠢᠯᠡᠴᠢᠯᠡᠭᠡ ᠶᠢᠨ ᠬᠤᠷᠢᠶᠠᠬᠤ ᠰᠦᠢᠳᠬᠡᠯ ᠢ ᠵᠢᠷᠤᠮᠵᠢᠭᠤᠯᠤᠨ᠎ᠠ᠃ | ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠪᠠᠶᠢᠭᠤᠯᠭ᠎ᠠ ᠶᠢᠨ ᠬᠢᠨ ᠤᠯᠤᠰ ᠤᠨ ᠬᠠᠤᠯᠢ ᠴᠠᠭᠠᠵᠠ | ᠬᠠᠤᠯᠢ ᠳᠦᠷᠢᠮ ᠪᠠ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠲᠤᠬᠠᠶᠢᠯᠠᠭᠰᠠᠨ ᠠᠵᠢᠯ ᠢᠶᠠᠨ | ᠭᠦᠢᠴᠡᠳᠬᠡᠵᠦ᠂ ᠭᠦᠢᠴᠡᠳᠬᠡᠬᠦ ᠳᠡᠰ ᠳᠠᠷᠠᠭᠠᠯᠠᠯ ᠢ ᠢᠯᠡ ᠪᠣᠯᠭᠠᠨ᠂ ᠠᠵᠢᠯ ᠤᠨ ᠢᠯᠡ ᠲᠣᠳᠣ ᠴᠢᠨᠠᠷ ᠢ | ᠳᠡᠭᠡᠭᠰᠢᠯᠡᠭᠦᠯᠵᠦ᠂ ᠴᠠᠭ ᠲᠣᠭᠲᠠᠭᠠᠨ ᠭᠦᠢᠴᠡᠳᠬᠡᠵᠦ ᠳᠠᠭᠤᠰᠬᠠᠬᠤ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ | ᠲᠠᠪᠤ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ︽ᠮᠡᠳᠡᠭᠳᠡᠯ | ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠡᠷᠬᠢᠨ ᠰᠠᠶᠢᠲᠤᠷ ᠬᠢᠬᠦ ᠪᠣᠢ︖ | ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠣᠷᠣᠨ ᠨᠤᠲᠤᠭ ᠢ ᠵᠢᠯᠣᠭᠤᠳᠴᠤ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠢ ᠪᠠᠷ ᠰᠠᠶᠢᠲᠤᠷ ᠠᠳᠬᠤᠨ᠎ᠠ᠃ | ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠤᠨ᠎ᠠ᠃ ᠣᠷᠣᠨ ᠰᠠᠭᠤᠴᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠳᠤ ᠥᠭᠡᠷᠡᠴᠢᠯᠡᠯᠲᠡ ᠬᠢᠬᠦ ᠠᠵᠢᠯ ᠤᠨ ᠵᠣᠬᠢᠶᠠᠨ ᠪᠠᠶᠢᠭᠤᠯᠤᠨ | ᠵᠣᠬᠢᠴᠠᠭᠤᠯᠬᠤ ᠪᠠ ᠰᠢᠮᠳᠠᠭᠤᠯᠤᠨ ᠵᠢᠯᠣᠭᠤᠳᠬᠤ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠂ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠬᠠᠮᠵᠢᠯᠴᠠᠨ ᠠᠵᠢᠯᠯᠠᠬᠤ ᠪᠠᠨ ᠴᠢᠩᠭᠠᠳᠬᠠᠵᠤ᠂ ᠨᠢᠭᠲᠠ ᠬᠠᠮᠵᠢᠯᠴᠠᠬᠤ ᠬᠡᠷᠡᠭᠲᠡᠢ᠃ | ᠲᠤᠷᠰᠢᠯᠲᠠ ᠶᠢᠨ ᠴᠢᠭ᠋ ᠤᠨ ᠭᠠᠵᠠᠷ ᠣᠷᠣᠨ ᠤ ᠬᠢᠨ ᠭᠤᠣᠯ ᠬᠠᠷᠢᠭᠤᠴᠠᠯᠭᠠᠲᠠᠨ ᠢᠶᠠᠷ ᠳᠤᠭᠤᠶᠢᠯᠠᠩ ᠤᠨ ᠳᠠᠷᠤᠭ᠎ᠠ | ᠪᠣᠯᠭᠠᠭᠰᠠᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠳᠤ | ᠥᠭᠡᠷᠡᠴᠢᠯᠡᠯᠲᠡ ᠬᠢᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠴᠢᠬᠤᠯᠠ ᠶᠡᠭᠡ ᠠᠰᠠᠭᠤᠳᠠᠯ ᠢ | ᠰᠤᠳᠤᠯᠤᠨ᠂ ᠬᠠᠷᠠᠯᠲᠠ ᠱᠠᠭᠠᠷᠳᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ | ᠬᠠᠷᠢᠭᠤᠴᠠᠯᠭ᠎ᠠ ᠶᠢ ᠳᠡᠰ ᠳᠡᠰ ᠢᠶᠠᠷ ᠪᠣᠳᠠᠲᠠᠶᠢᠵᠢᠭᠤᠯᠤᠨ ᠴᠢᠩᠭᠠᠳᠬᠠᠬᠤ ᠬᠡᠷᠡᠭᠲᠡᠢ᠃ | ᠬᠤᠶᠠᠷ ᠲᠤ᠂ ᠲᠤᠷᠰᠢᠯᠲᠠ ᠶᠢᠨ ᠴᠢᠭ᠋ ᠤᠨ ᠠᠵᠢᠯ ᠤᠨ ᠵᠢᠯᠣᠭᠤᠳᠤᠯᠭ᠎ᠠ ᠶᠢ ᠴᠢᠩᠭᠠᠳᠬᠠᠨ᠎ᠠ᠃ ᠣᠷᠣᠨ | ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ | ᠲᠠᠢ ᠬᠠᠮᠲᠤᠷᠠᠨ ᠲᠤᠷᠰᠢᠯᠲᠠ ᠶᠢᠨ ᠴᠢᠭ᠋ ᠤᠨ ᠭᠠᠵᠠᠷ ᠣᠷᠣᠨ ᠤ ︽ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ | ᠲᠤᠷᠰᠢᠯᠲᠠ ᠶᠢᠨ ᠴᠢᠭ᠋ ᠢ ᠬᠡᠷᠡᠭᠵᠢᠭᠦᠯᠬᠦ ᠲᠥᠰᠥᠯ ᠢ ᠰᠤᠳᠤᠯᠤᠨ ᠲᠣᠭᠲᠠᠭᠠᠬᠤ ᠶᠢ ᠰᠢᠮᠳᠠᠭᠤᠯᠤᠨ ᠵᠢᠯᠣᠭᠤᠳᠬᠤ | ᠬᠡᠷᠡᠭᠲᠡᠢ᠃ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ | ᠬᠢᠬᠦ᠂ ᠲᠤᠷᠰᠢᠯᠭ᠎ᠠ ᠰᠣᠯᠢᠯᠴᠠᠬᠤ᠂ ᠪᠣᠳᠠᠲᠠᠢ ᠭᠠᠵᠠᠷ ᠲᠤ ᠨᠢ ᠰᠢᠯᠭᠠᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠵᠤ᠂ ᠲᠤᠷᠰᠢᠯᠲᠠ ᠶᠢᠨ ᠴᠢᠭ᠋ ᠤᠨ ᠭᠠᠵᠠᠷ ᠣᠷᠣᠨ ᠢ ᠵᠢᠯᠣᠭᠤᠳᠤᠨ ᠥᠭᠡᠷᠡᠴᠢᠯᠡᠯᠲᠡ ᠶᠢᠨ ᠠᠵᠢᠯ ᠢ | ᠥᠷᠨᠢᠭᠦᠯᠬᠦ ᠬᠡᠷᠡᠭᠲᠡᠢ᠃ ᠲᠤᠷᠰᠢᠯᠲᠠ ᠶᠢᠨ ᠴᠢᠭ᠋ ᠤᠨ ᠭᠠᠵᠠᠷ ᠣᠷᠣᠨ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ | ᠴᠢᠩᠭᠠᠳᠬᠠᠨ᠂ ᠲᠤᠷᠰᠢᠯᠲᠠ ᠶᠢᠨ ᠴᠢᠭ᠋ ᠤᠨ ᠭᠠᠵᠠᠷ ᠣᠷᠣᠨ ᠤ ᠥᠭᠡᠷᠡᠴᠢᠯᠡᠯᠲᠡ ᠶᠢᠨ ᠠᠬᠢᠯᠲᠠ ᠶᠢᠨ ᠪᠠᠶᠢᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠣᠶᠢᠯᠠᠭᠠᠵᠤ᠂ ᠥᠭᠡᠷᠡᠴᠢᠯᠡᠯᠲᠡ ᠶᠢᠨ ᠠᠵᠢᠯ ᠤᠨ ᠳᠤᠮᠳᠠ ᠲᠤᠯᠭᠠᠷᠠᠭᠰᠠᠨ | ᠠᠰᠠᠭᠤᠳᠠᠯ ᠢ ᠴᠠᠭ ᠲᠤᠬᠠᠢ ᠳᠤ ᠨᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠲᠤᠷᠰᠢᠯᠲᠠ ᠶᠢᠨ ᠴᠢᠭ᠋ ᠤᠨ ᠬᠢᠳᠡᠯ ᠢ | ᠴᠠᠭ ᠲᠤᠬᠠᠢ ᠳᠤ ᠨᠢ ᠳ᠋ᠦᠩᠨᠡᠨ᠂ ᠵᠢᠷᠤᠮᠯᠠᠨ ᠳᠠᠭᠠᠵᠤ ᠪᠣᠯᠬᠤᠶᠢᠴᠠ᠂ ᠳᠡᠯᠭᠡᠷᠡᠭᠦᠯᠵᠦ ᠪᠣᠯᠬᠤᠶᠢᠴᠠ ᠲᠤᠷᠰᠢᠯᠭ᠎ᠠ ᠶᠢ | ᠪᠦᠷᠢᠯᠳᠦᠭᠦᠯᠵᠦ᠂ ᠪᠦᠬᠦ ᠤᠯᠤᠰ ᠢ ᠵᠢᠯᠣᠭᠤᠳᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠬᠢᠨᠠᠨ ᠵᠥᠪᠰᠢᠶᠡᠷᠡᠬᠦ ᠳᠦᠷᠢᠮ ᠳᠤ ᠥᠭᠡᠷᠡᠴᠢᠯᠡᠯᠲᠡ ᠬᠢᠬᠦ ᠠᠵᠢᠯ ᠢ ᠥᠷᠨᠢᠭᠦᠯᠬᠦ ᠬᠡᠷᠡᠭᠲᠡᠢ᠃ | ᠭᠤᠷᠪᠠ ᠳᠤ᠂ ᠰᠢᠯᠭᠠᠨ ᠬᠢᠨᠠᠵᠤ ᠦᠨᠡᠯᠡᠬᠦ ᠠᠵᠢᠯ ᠢ ᠥᠷᠨᠢᠭᠦᠯᠦᠨ᠎ᠡ᠃ ᠣᠷᠣᠨ ᠰᠠᠭᠤᠴᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ | ᠥᠭᠡᠷᠡᠴᠢᠯᠡᠯᠲᠡ ᠶᠢ ᠰᠢᠯᠭᠠᠨ ᠬᠢᠨᠠᠵᠤ ᠦᠨᠡᠯᠡᠬᠦ ᠲᠣᠭᠲᠠᠴᠠ ᠶᠢ ᠪᠠᠶᠢᠭᠤᠯᠵᠤ᠂ ᠲᠤᠷᠰᠢᠯᠲᠠ ᠶᠢᠨ ᠴᠢᠭ᠋ ᠤᠨ ᠭᠠᠵᠠᠷ | ᠣᠷᠣᠨ ᠤ ᠪᠦᠬᠦ ᠠᠯᠬᠤᠮ ᠳᠠᠷᠠᠭᠠᠯᠠᠯ ᠢᠶᠠᠷ᠂ ᠪᠦᠬᠦ ᠲᠠᠯ᠎ᠠ ᠶᠢ ᠬᠠᠮᠤᠷᠤᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ | ᠪᠠᠶᠢᠳᠠᠯ ᠢ ᠭᠤᠣᠯᠳᠠᠯᠭ᠎ᠠ ᠲᠠᠢ ᠪᠠᠷ ᠰᠢᠯᠭᠠᠨ ᠬᠢᠨᠠᠵᠤ ᠦᠨᠡᠯᠡᠨ᠂ ᠲᠤᠷᠰᠢᠯᠲᠠ ᠶᠢᠨ ᠴᠢᠭ᠋ ᠤᠨ ᠭᠠᠵᠠᠷ ᠣᠷᠣᠨ ᠤ | ᠬᠢᠨᠠᠨ ᠵᠥᠪᠰᠢᠶᠡᠷᠡᠬᠦ ᠠᠯᠬᠤᠮ ᠳᠠᠷᠠᠭᠠᠯᠠᠯ ᠢ ᠨᠢᠭᠡᠳᠦᠭᠦᠯᠵᠦ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠴᠣᠮᠬᠠᠳᠬᠠᠨ᠂ | ᠬᠢᠨᠠᠨ ᠵᠥᠪᠰᠢᠶᠡᠷᠡᠬᠦ ᠰᠢᠰᠲ᠋ᠧᠮᠵᠢ ᠶᠢ ᠲᠡᠭᠦᠯᠳᠡᠷᠵᠢᠭᠦᠯᠦᠭᠰᠡᠨ ᠵᠡᠷᠭᠡ ᠪᠠᠶᠢᠳᠠᠯ ᠢ ᠰᠢᠯᠭᠠᠨ ᠬᠢᠨᠠᠵᠤ ᠦᠨᠡᠯᠡᠬᠦ | ᠬᠡᠷᠡᠭᠲᠡᠢ᠃ ᠲᠤᠷᠰᠢᠯᠲᠠ ᠶᠢᠨ ᠴᠢᠭ᠋ ᠤᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ ᠤ ᠬᠢᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠥᠭᠡᠷᠡᠴᠢᠯᠡᠯᠲᠡ ᠶᠢᠨ ᠠᠵᠢᠯ ᠢ ᠬᠢᠨᠠᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ | ᠂ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠬᠢᠨᠠᠵᠤ ᠪᠠᠶᠢᠴᠠᠭᠠᠬᠤ | ᠬᠡᠷᠡᠭᠲᠡᠢ᠃ |