| ᠮᠣᠩᠭᠤᠯ ᠬᠡ ᠤᠭᠠᠯᠵᠠ ᠲᠠᠢ ᠬᠠᠨᠴᠤᠶ ᠶᠢᠨ ᠲᠣᠪᠴᠢ | | | 5 ᠳ᠋ᠤᠭᠠᠷ ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠵᠢᠭᠤᠯᠴᠢᠯᠠᠯ ᠤᠨ ᠨᠡᠶᠢᠭᠡᠮᠯᠢᠭ ᠠᠴᠠ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠤᠷᠤᠯᠳᠤᠭᠠᠨ ᠳᠤ ᠣᠷᠣᠯᠴᠠᠭᠰᠠᠨ ᠲᠠᠸᠠᠷ 2018 ᠣᠨ ᠤ | ᠳᠤᠮᠳᠠᠳᠤ ᠤᠯᠤᠰ ᠤᠨ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠳᠤ ᠣᠷᠣᠯᠴᠠᠭᠠᠳ 1 ᠮᠥᠩᠭᠦᠨ ᠮᠧᠲᠠᠯ 2 | ᠬᠦᠷᠡᠯ ᠮᠧᠳᠠᠯ ᠬᠦᠷᠲᠡᠵᠡᠢ᠃ | 2018 ᠣᠨ ᠤ ᠳᠤᠮᠳᠠᠳᠤ ᠤᠯᠤᠰ ᠤᠨ ᠵᠢᠭᠤᠯᠴᠢᠯᠠᠯ ᠤᠨ ᠲᠠᠸᠠᠷ ᠤᠨ ᠤᠷᠤᠯᠳᠤᠭᠠᠨ 5 ᠳ᠋ᠤᠭᠠᠷ | ᠰᠠᠷ᠎ᠠ ᠶᠢᠨ 25 ᠤ ᠡᠳᠦᠷ ᠵᠧᠵᠢᠶᠠᠩ ᠮᠤᠵᠢ ᠶᠢᠨ ᠢ ᠦ᠋ ᠳᠤ ᠶᠠᠪᠤᠭᠳᠠᠵᠤ᠂ ᠤᠷᠤᠯᠳᠤᠭᠠᠨ ᠢ ᠳᠤᠮᠳᠠᠳᠤ | ᠤᠯᠤᠰ ᠤᠨ ᠵᠢᠭᠤᠯᠴᠢᠯᠠᠯ ᠤᠨ ᠨᠡᠶᠢᠭᠡᠮᠯᠢᠭ ᠭᠤᠣᠯᠯᠠᠨ ᠡᠷᠬᠢᠯᠡᠵᠡᠢ᠃ ᠤᠷᠤᠯᠳᠤᠭᠠᠨ ᠳᠤ ᠪᠦᠬᠦ ᠤᠯᠤᠰ ᠤᠨ ᠨᠡᠶᠢᠲᠡ | 437 ᠢᠵᠢ᠂ 2312 ᠪᠦᠲᠦᠭᠡᠯ ᠣᠷᠣᠯᠴᠠᠵᠤ᠂ ᠠᠯᠲᠠ ᠮᠥᠩᠭᠦ ᠬᠦᠷᠡᠯ ᠱᠠᠩᠨᠠᠯ ᠢ ᠨᠡᠶᠢᠲᠡ 80 ᠶᠢ | ᠰᠢᠯᠭᠠᠷᠠᠭᠤᠯᠪᠠ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ᠂ ᠥᠪᠡᠷᠲᠡᠭᠡᠨ ᠵᠠᠰᠠᠬᠤ ᠣᠷᠣᠨ ᠤ | ᠰᠣᠩᠭᠤᠵᠤ ᠳᠡᠪᠰᠢᠭᠦᠯᠦᠭᠰᠡᠨ ᠬᠥᠬᠡᠬᠤᠲᠠ ᠶᠢᠨ ᠥᠪᠥᠷ ᠮᠣᠩᠭᠤᠯ ᠤᠨ ᠸᠧᠢ ᠮᠢᠩ ᠶᠠᠩ ᠰᠣᠶᠣᠯ ᠤᠨ ᠠᠵᠤ | ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠭᠠᠷ ᠢᠶᠠᠷ ᠭᠦᠷᠦᠭᠰᠡᠨ ᠮᠣᠩᠭᠤᠯ ᠭᠡᠷ ᠬᠡᠯᠪᠡᠷᠢᠲᠦ ᠴᠣᠮᠣ᠂ | ᠮᠣᠩᠭᠤᠯ ᠬᠡ ᠤᠭᠠᠯᠵᠠ ᠲᠠᠢ ᠬᠠᠨᠴᠤᠶ ᠶᠢᠨ ᠲᠣᠪᠴᠢ ᠵᠡᠷᠭᠡ ᠰᠢᠷᠢᠰ ᠲᠠᠸᠠᠷ ᠤᠷᠤᠯᠳᠤᠭᠠᠨ ᠳᠤ ᠴᠣᠯᠭᠤᠷᠠᠨ ᠭᠠᠷᠴᠤ᠂ | ᠮᠥᠩᠭᠦᠨ ᠮᠧᠳᠠᠯ ᠭᠥᠷᠳᠡᠪᠡ᠂ ᠰᠦᠯᠳᠡ ᠬᠤᠪᠢ ᠶᠢᠨ ᠮᠠᠰᠢᠨ ᠢᠶᠠᠷ ᠵᠢᠭᠤᠯᠴᠢᠯᠠᠬᠤ ᠲᠠᠸᠠᠷ ᠤᠨ ᠰᠢᠷᠢᠰ ᠪᠣᠯᠤᠨ | ᠠᠯᠠᠱᠠ ᠸᠧᠨ ᠴᠤᠸᠠᠩ ᠰᠢᠷᠢᠰ ᠲᠠᠸᠠᠷ ᠬᠦᠷᠡᠯ ᠮᠧᠳᠠᠯ ᠬᠦᠷᠲᠡᠵᠡᠢ᠃ | ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ | ᠬᠥᠭᠵᠢᠯᠲᠡ ᠶᠢᠨ ᠵᠥᠪᠯᠡᠯ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ | ᠨᠡᠶᠢᠭᠡᠮᠯᠢᠭ ᠪᠠᠰᠠ ᠳᠤᠮᠳᠠᠳᠤ ᠤᠯᠤᠰ ᠤᠨ ᠵᠢᠭᠤᠯᠴᠢᠯᠠᠯ ᠤᠨ ᠨᠡᠶᠢᠭᠡᠮᠯᠢᠭ ᠠᠴᠠ ᠣᠯᠭᠤᠭᠰᠠᠨ ︽ᠬᠠᠮᠤᠭ ᠤᠨ ᠰᠠᠶᠢᠨ | ᠬᠤᠪᠢ ᠨᠡᠮᠡᠷᠢ ᠦᠵᠡᠭᠦᠯᠦᠭᠰᠡᠨ ᠱᠠᠩᠨᠠᠯ︾ ᠪᠠ ︽ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠱᠠᠩᠨᠠᠯ︾ ᠢ ᠲᠤᠰ | ᠲᠤᠰ ᠬᠦᠷᠲᠡᠵᠡᠢ᠃ | ᠲᠣᠰ ᠬᠤᠭᠤᠴᠠᠭᠠᠨ ᠤ ᠤᠷᠤᠯᠳᠤᠭᠠᠨ ᠨᠢ ᠪᠢᠴᠢᠯᠭᠡ ᠵᠢᠷᠤᠭ ᠤᠨ ᠤᠷᠠᠯᠢᠭ ᠤᠨ ᠠᠮᠢᠳᠤᠷᠠᠯᠴᠢᠯᠠᠨ ᠡᠭᠦᠳᠦᠨ | ᠪᠦᠲᠦᠭᠡᠬᠦ ᠰᠡᠳᠬᠢᠮᠵᠢ ᠲᠠᠢ ᠵᠢᠭᠤᠯᠴᠢᠯᠠᠯ ᠤᠨ ᠲᠠᠸᠠᠷ ᠢᠶᠠᠷ ᠭᠤᠣᠯ ᠡᠲᠡᠭᠡᠳ ᠢᠶᠠᠨ ᠪᠣᠯᠭᠠᠵᠤ᠂ | ᠰᠢᠯᠭᠠᠷᠠᠭᠤᠯᠤᠯᠲᠠ ᠳᠤ ᠣᠷᠣᠯᠴᠠᠬᠤ ᠲᠠᠸᠠᠷ ᠨᠢ ᠡᠷᠬᠡᠪᠰᠢ ᠲᠥᠷᠥᠯ ᠲᠡᠮᠳᠡᠭ ᠤᠨ ᠴᠢᠨᠠᠷᠲᠠᠶ᠂ ᠭᠠᠵᠠᠷ ᠣᠷᠣᠨ ᠤ | ᠴᠢᠨᠠᠷᠲᠠᠶ᠂ ᠵᠠᠬ᠎ᠠ ᠳᠡᠯᠭᠡᠭᠦᠷ ᠤᠨ ᠴᠢᠨᠠᠷᠲᠠᠢ᠂ ᠰᠢᠨ᠎ᠡ ᠶᠢ ᠡᠭᠦᠳᠬᠦ ᠴᠢᠨᠠᠷᠲᠠᠢ᠂ ᠬᠡᠷᠡᠭᠯᠡᠭᠡᠨ ᠤ ᠴᠢᠨᠠᠷᠲᠠᠢ᠂ ᠭᠠᠷ | ᠤᠷᠠᠯᠠᠯ ᠤᠨ ᠴᠢᠨᠠᠷᠲᠠᠢ᠂ ᠤᠢᠯᠢᠭᠡᠷ ᠳᠠᠭᠤᠷᠢᠶᠠᠯᠳᠤ ᠴᠢᠨᠠᠷᠲᠠᠢ ᠪᠠᠶᠢᠬᠤ ᠶᠢ ᠱᠠᠭᠠᠷᠳᠠᠵᠠᠢ᠃ ᠨᠠᠷᠢᠨ ᠨᠢᠮᠪᠠᠶ ᠪᠡᠯᠡᠳᠬᠡᠯ | ᠬᠢᠬᠦ ᠪᠠᠷ ᠳᠠᠮᠵᠢᠭᠠᠳ᠂ ᠥᠪᠡᠷᠲᠡᠭᠡᠨ ᠵᠠᠰᠠᠬᠤ ᠣᠷᠣᠨ 15 ᠠᠵᠤ ᠠᠬᠤᠶᠢᠯᠠᠯ ᠤᠨ 15 ᠵᠦᠢᠯ ︵ᠢᠵᠢ︶ ᠤᠨ | ᠪᠦᠲᠦᠭᠡᠯ ᠢ ᠤᠷᠤᠯᠳᠤᠭᠠᠨ ᠳᠤ ᠰᠣᠩᠭᠤᠨ ᠳᠡᠪᠰᠢᠭᠦᠯᠵᠡᠢ᠃ |