ᠥᠪᠥᠷ ᠮᠣᠩᠭᠤᠯ ᠤᠨ ᠴᠠᠬᠢᠯᠭᠠᠨ ᠤ ᠲᠣᠣᠷ ᠤᠨ ᠬᠡᠮᠵᠢᠶ᠎ᠡ ᠨᠡᠮᠡᠵᠤ ᠴᠠᠬᠢᠯᠭᠠᠨ ᠲᠤᠬᠢᠷᠠᠭᠤᠯᠬᠤ ᠥᠭᠡᠷᠡᠴᠢᠯᠡᠯᠲᠡ ᠶᠢᠨ ᠠᠵᠢᠯ ᠪᠠᠳᠤᠲᠠᠢ ᠠᠯᠬᠤᠮ ᠠᠯᠬᠤᠪᠠ
ᠨᠡᠶᠢᠲᠡᠯᠡᠭᠰᠡᠨ ᠴᠠᠭ᠄
2018/5/28
      ᠦᠨᠦᠬᠡᠨ᠂ ᠤᠷᠳᠤᠰ ᠬᠤᠳᠠ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠺᠣᠮᠫᠠᠨᠢ᠂ ᠤᠮᠠᠷᠠᠲᠤ ᠣᠷᠣᠨ ᠤ ᠬᠠᠮᠲᠤᠷᠠᠭᠰᠠᠨ ᠴᠠᠬᠢᠯᠭᠠᠨ ᠬᠦᠴᠦᠨ ᠤ ᠺᠣᠮᠫᠠᠨᠢ ᠪᠣᠯᠤᠨ ᠢ ᠯᠢ ᠡᠬᠢ ᠪᠠᠶᠠᠯᠢᠭ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠲᠡᠯᠡᠦᠠ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ ᠤᠨ ᠬᠡᠮᠵᠢᠶ᠎ᠡ ᠨᠡᠮᠡᠵᠤ ᠴᠠᠬᠢᠯᠭᠠᠨ ᠲᠤᠬᠢᠷᠠᠭᠤᠯᠬᠤ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ ᠠᠬᠢᠭᠤᠯᠬᠤ ︽ᠪᠦᠳᠦᠭᠦᠪᠴᠢ ᠵᠥᠪᠯᠡᠯᠴᠡᠭᠡᠷ︾᠎ ᠲᠤ ᠭᠠᠷ ᠤᠨ ᠦᠰᠦᠭ ᠵᠢᠷᠤᠵᠠᠢ᠂ ᠡᠨᠡ ᠨᠢ ᠥᠪᠥᠷ ᠮᠣᠩᠭᠤᠯ ᠤᠨ ᠴᠠᠬᠢᠯᠭᠠᠨ ᠤ ᠲᠣᠣᠷ ᠤᠨ ᠬᠡᠮᠵᠢᠶ᠎ᠡ ᠨᠡᠮᠡᠵᠤ ᠴᠠᠬᠢᠯᠭᠠᠨ ᠲᠤᠬᠢᠷᠠᠭᠤᠯᠬᠤ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠪᠠᠳᠤᠲᠠᠢ ᠠᠯᠬᠤᠮ ᠠᠯᠬᠤᠭᠰᠠᠨ ᠢ ᠬᠠᠷᠠᠭᠤᠯᠵᠤ ᠪᠤᠢ᠃      2016 ᠣᠨ ᠤ 11 ᠳ᠋ᠦ᠋ᠭᠡᠷ ᠰᠠᠷ᠎ᠠ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠤᠯᠤᠰ ᠤᠨ ᠡ᠊ᠨᠧᠷᠭᠢ ᠶᠢᠨ ᠲᠣᠪᠴᠢᠶ᠎ᠠ ᠠᠴᠠ ︽ᠬᠡᠮᠵᠢᠶ᠎ᠡ ᠨᠡᠮᠡᠵᠤ ᠴᠠᠬᠢᠯᠭᠠᠨ ᠲᠤᠬᠢᠷᠠᠭᠤᠯᠬᠤ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢ ᠵᠢᠷᠤᠮᠵᠢᠭᠤᠯᠤᠨ ᠦᠷᠨᠢᠭᠦᠯᠬᠦ ᠲᠤᠬᠠᠶ ᠮᠡᠳᠡᠭᠳᠡᠯ︾ᠲᠠᠷᠬᠠᠭᠠᠵᠤ᠂ ᠥᠪᠥᠷ ᠮᠣᠩᠭᠤᠯ ᠤᠨ ᠲᠡᠯᠡᠦᠠ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ ᠢ ᠤᠯᠤᠰ ᠤᠨ ᠠᠩᠬᠠᠨ ᠤ ᠪᠦᠯᠦᠭ ᠬᠡᠮᠵᠢᠶ᠎ᠡ ᠨᠡᠮᠡᠵᠤ ᠴᠠᠬᠢᠯᠭᠠᠨ ᠲᠤᠬᠢᠷᠠᠭᠤᠯᠬᠤ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ 106 ᠨᠡᠷᠡᠰ ᠲᠤ ᠵᠢᠭᠰᠠᠭᠠᠵᠠᠢ᠃      ᠲᠤᠰ ᠤᠳᠠᠭᠠᠨ ᠤ ᠭᠠᠷ ᠤᠨ ᠦᠰᠦᠭ ᠵᠢᠷᠤᠭᠰᠠᠨ ︽ᠪᠦᠳᠦᠭᠦᠪᠴᠢ ᠵᠥᠪᠯᠡᠯᠴᠡᠭᠡᠷ︾᠎ ᠨᠢ᠂ ᠤᠯᠤᠰ ᠠᠴᠠ ᠲᠣᠳᠤᠷᠬᠠᠶᠢᠯᠠᠭᠰᠠᠨ ᠬᠡᠮᠵᠢᠶ᠎ᠡ ᠨᠡᠮᠡᠵᠤ ᠴᠠᠬᠢᠯᠭᠠᠨ ᠲᠤᠬᠢᠷᠠᠭᠤᠯᠬᠤ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢᠨ ᠵᠠᠷᠴᠢᠮ ᠶᠣᠰᠣᠭᠠᠷ᠂ ᠬᠠᠮᠲᠤᠪᠠᠷ ᠪᠡᠯᠡ ᠤᠷᠤᠭᠤᠯᠵᠤ ᠬᠤᠯᠢᠮᠠᠭ ᠥᠮᠴᠢᠯᠡᠯ ᠤᠨ ᠴᠠᠬᠢᠯᠭᠠᠨ ᠲᠤᠬᠢᠷᠠᠭᠤᠯᠬᠤ ᠬᠤᠳᠠᠯᠳᠤᠬᠤ ᠺᠣᠮᠫᠠᠨᠢ ᠪᠠᠶᠢᠭᠤᠯᠵᠡᠢ ᠃ ᠪᠦᠬᠦ ᠬᠦᠴᠦ ᠪᠠᠷ ᠢᠶᠠᠨ ᠤᠳᠤ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠰᠢᠰᠲ᠋ᠧᠮᠵᠢ ᠪᠠᠶᠢᠭᠤᠯᠬᠤ ᠶᠢ ᠠᠬᠢᠭᠤᠯᠵᠤ᠂ ᠦᠷ᠎ᠡ ᠪᠦᠲᠦᠮᠵᠢ ᠶᠢ ᠲᠡᠷᠢᠭᠦᠨ ᠪᠠᠶᠢᠷᠢᠨ ᠳᠤ ᠲᠠᠯᠪᠢᠵᠤ ᠡᠨᠧᠷᠭᠢ ᠶᠢᠨ ᠨᠡᠭᠡᠭᠡᠨ ᠬᠥᠭᠵᠢᠭᠦᠯᠬᠦ ᠪᠠ ᠠᠰᠢᠭᠯᠠᠬᠤ ᠳᠡᠭᠡᠷ᠎ᠡ ᠬᠦᠴᠦ ᠲᠠᠯᠪᠢᠨ᠂ ᠲᠤᠰ ᠲᠤᠰ ᠤᠨ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠴᠢᠨᠠᠷ ᠰᠠᠶᠢᠲᠠᠶ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠬᠢᠭᠡᠳ ᠨᠡᠶᠢᠭᠡᠮ ᠤᠨ ᠬᠦᠷᠦᠩᠭᠡ ᠶᠢᠨ ᠬᠤᠷᠰᠢᠬᠤ ᠬᠡᠯᠪᠡᠷᠢ ᠶᠢ ᠰᠢᠨᠡᠴᠢᠯᠡᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠬᠡᠪ ᠵᠠᠭᠪᠤᠷ ᠢ ᠰᠢᠨᠡᠴᠢᠯᠡᠵᠤ᠂ ᠲᠤᠰ ᠪᠡᠶ᠎ᠡ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠰᠢᠨ᠎ᠡ ᠲᠣᠭᠲᠠᠴᠠ ᠶᠢ ᠰᠦᠪᠡᠭᠴᠢᠯᠡᠬᠦ ᠪᠠ ᠪᠦᠷᠢᠨᠰᠢᠬᠦᠯᠵᠤ᠂ ᠬᠤᠪᠢ ᠣᠷᠣᠭᠤᠯᠤᠭᠴᠢᠳ ᠤᠨ ᠡᠷᠬᠡ ᠠᠰᠢᠭ ᠢ ᠭᠦᠢᠴᠡᠳ ᠪᠡᠶᠡᠯᠡᠭᠦᠯᠵᠦ᠂ ᠰᠢᠨ᠎ᠡ ᠪᠠᠶᠢᠭᠤᠯᠤᠯ᠂ ᠰᠢᠨ᠎ᠡ ᠲᠣᠭᠲᠠᠴᠠ ᠪᠠᠷ ᠴᠠᠬᠢᠯᠭᠠᠨ ᠲᠣᠬᠢᠷᠠᠭᠤᠯᠬᠤ ᠬᠤᠳᠠᠯᠳᠤᠬᠤ ᠲᠤᠬᠠᠶᠢᠯᠠᠭᠰᠠᠨ ᠠᠵᠢᠯ ᠤᠨ ᠵᠠᠬ᠎ᠠ ᠳᠡᠯᠭᠡᠭᠦᠷᠴᠢᠯᠡᠬᠦ ᠦᠢᠯᠡᠴᠢᠯᠡᠭᠡᠨ ᠤ ᠬᠠᠷᠠᠯᠲᠠ ᠶᠢ ᠪᠡᠶᠡᠯᠡᠬᠦᠯᠦᠨ᠎ᠡ᠃ ᠡᠭᠦᠨ ᠤ ᠬᠠᠮᠲᠤ ᠬᠡᠮᠵᠢᠶ᠎ᠡ ᠨᠡᠮᠡᠵᠤ ᠴᠠᠬᠢᠯᠭᠠᠨ ᠲᠤᠬᠢᠷᠠᠭᠤᠯᠬᠤ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢᠨ ᠲᠤᠷᠰᠢᠯᠲᠠ ᠳᠤ ᠴᠠᠬᠢᠯᠭᠠᠨ ᠤ ᠦᠨ᠎ᠡ ᠶᠢᠨ ᠪᠦᠷᠢᠯᠳᠦᠯ ᠤᠨ ᠲᠣᠭᠲᠠᠴᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠬᠦᠷᠢᠶᠡᠯᠡᠩ ᠲᠣᠭᠤᠷᠢᠭ ᠎ ᠤᠨ ᠴᠠᠬᠢᠯᠭᠠᠨ ᠬᠦᠴᠦᠨ ᠤ ᠡᠬᠢ ᠪᠠᠶᠠᠯᠢᠭ ᠤᠨ ᠪᠦᠷᠢᠨ ᠬᠡᠯᠬᠢᠶᠡᠵᠢᠯ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠪᠡᠶᠡᠯᠡᠭᠦᠯᠵᠦ᠂ ᠡᠵᠡᠩᠨᠡᠯᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠎ ᠤᠨ ᠠᠵᠤ ᠠᠬᠤᠶᠢᠯᠠᠯ ᠤᠨ ᠴᠠᠬᠢᠯᠭᠠᠨ ᠤ ᠬᠡᠷᠡᠭᠯᠡᠯᠳᠡ ᠶᠢᠨ ᠥᠪᠡᠷ ᠤᠨ ᠦᠷᠳᠡᠭ ᠢ ᠪᠠᠭᠤᠷᠠᠭᠤᠯᠬᠤ ᠪᠠᠷ ᠴᠢᠷᠮᠠᠶᠢᠵᠤ᠂ ᠴᠠᠬᠢᠯᠭᠠᠨ ᠤ ᠥᠭᠡᠷᠡᠴᠢᠯᠡᠯᠲᠡ ᠶᠢᠨ ᠣᠷᠤᠯᠭ᠎ᠠ ᠠᠰᠢᠭ ᠢ ᠴᠢᠯᠦᠬᠡᠯᠡᠵᠤ᠂ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠵᠤ ᠲᠡᠰ ᠳᠡᠪᠰᠢᠭᠦᠯᠬᠦ ᠶᠢ ᠲᠥᠯᠬᠢᠨ ᠠᠬᠢᠭᠤᠯᠵᠤ᠂ ᠪᠣᠳᠠᠲᠤ ᠴᠣᠭᠴᠠ ᠶᠢᠨ ᠠᠵᠤ ᠠᠬᠤᠶ ᠶᠢ ᠪᠣᠳᠠᠲᠠᠶ᠂ ᠬᠦᠴᠦᠷᠬᠡᠭ᠂ ᠰᠢᠯᠢᠳᠡᠭ ᠪᠣᠯᠭᠠᠬᠤ ᠶᠢ ᠲᠦᠯᠬᠢᠨ ᠠᠬᠢᠭᠤᠯᠵᠤ᠂ ᠭᠠᠵᠠᠷ ᠣᠷᠣᠨ ᠤ ᠠᠵᠤ ᠠᠬᠤᠶ ᠶᠢ ᠴᠢᠨᠠᠷ ᠰᠠᠶᠢᠲᠠᠶ᠂ ᠦᠷᠭᠦᠯᠵᠢᠯᠡᠬᠦᠶᠢᠴᠡ ᠬᠥᠭᠵᠢᠭᠦᠯᠬᠦ ᠶᠢ ᠦᠨᠡᠨ ᠬᠦ ᠪᠠᠳᠤᠯᠠᠬᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号