ᠦᠪᠦᠷ ᠵᠠᠰᠠᠭ ᠠᠯᠪᠠᠨ ᠥᠰᠥᠭ ﹇2018﹈ 2 ᠳ᠋ᠤᠭᠠᠷ ᠲᠤᠭᠠᠳᠤ | 1 ᠳ᠋ᠤᠭᠡᠷ ᠰᠠᠷ᠎ᠠ ᠶᠢᠨ 16 ᠤ ᠡᠳᠦᠷ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠪᠣᠯ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠣᠯᠢ︾ ᠪᠣᠯᠣᠨ ︽︿ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠣᠯᠢ﹀ ᠶᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ︾ ᠶᠢᠨ ᠬᠤᠯᠪᠣᠭᠳᠠᠯ ᠪᠦᠬᠦᠢ | ᠲᠣᠭᠲᠠᠭᠠᠯ ᠢᠶᠠᠷ ᠦᠨᠳᠦᠰᠦᠯᠡᠯ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠤᠨ ᠵᠣᠬᠢᠶᠠᠨ ᠪᠠᠶᠢᠭᠤᠯᠤᠨ ᠦᠷᠨᠢᠭᠦᠯᠦᠭᠰᠡᠨ ᠤᠷᠲᠤ ᠬᠤᠭᠤᠴᠠᠭᠠᠨ ᠤ ᠨᠢᠭᠡ ᠵᠦᠢᠯ ᠤᠨ ᠨᠡᠶᠢᠲᠡ ᠶᠢᠨ | ᠠᠰᠠᠷᠠᠮᠵᠢ ᠶᠢᠨ ᠠᠵᠢᠯᠯᠠᠭ᠎ᠠ ᠪᠣᠯᠣᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ᠂ ᠡᠯ᠎ᠡ ᠨᠢᠭᠡᠴᠡ ᠪᠣᠯᠣᠨ | ᠨᠡᠶᠢᠭᠡᠮ ᠤᠨ ᠡᠯ᠎ᠡ ᠡᠲᠡᠭᠡᠳ ᠤᠨ ᠬᠠᠯᠠᠭᠤᠨ ᠰᠡᠳᠬᠢᠯ ᠲᠠᠢ ᠬᠥᠮᠥᠰ ᠤᠨ ᠢᠳᠡᠪᠬᠢᠲᠡᠢ ᠣᠷᠣᠯᠴᠠᠯᠭ᠎ᠠ ᠳᠣᠣᠷ᠎ᠠ᠂ | 2017 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠢᠯᠡᠳᠲᠡ ᠦᠷ᠎ᠡ | ᠪᠦᠲᠦᠮᠵᠢ ᠣᠯᠪᠠ᠃ ᠪᠦᠬᠦ ᠣᠷᠣᠨ ᠤ ᠡᠯ᠎ᠡ ᠱᠠᠲᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠢᠨ ᠬᠠᠶᠢᠷ᠎ᠠ | ᠬᠠᠯᠠᠮᠵᠢᠯᠠᠯ ᠬᠦᠷᠲᠡᠭᠡᠬᠦ᠂ ᠶᠠᠳᠠᠭᠤ ᠬᠦᠴᠢᠷᠳᠡᠯᠲᠡᠢ ᠬᠦᠨᠳᠦ ᠡᠪᠡᠳᠴᠢᠲᠡᠨ ᠢ ᠠᠪᠤᠷᠠᠨ ᠲᠤᠰᠠᠯᠠᠬᠤ᠂ ᠶᠠᠳᠠᠭᠤ | ᠬᠦᠴᠢᠷᠳᠡᠯᠲᠡᠶ ᠴᠠᠭᠠᠨ ᠬᠠᠷᠠᠩ ᠡᠪᠡᠳᠴᠢᠲᠡᠨ ᠳᠤ ᠰᠦᠢᠳᠬᠡᠯ ᠬᠤᠷᠢᠶᠠᠬᠤ ᠦᠭᠡᠢ ᠪᠠᠷ ᠮᠡᠰᠡ ᠵᠠᠰᠠᠯ ᠬᠢᠬᠦ ︽ | ᠬᠠᠷᠠᠭ᠎ᠠ ᠣᠷᠣᠭᠤᠯᠬᠤ ᠠᠶᠠᠯᠠᠯ︾᠂ ᠲᠦᠭᠡᠮᠡᠯ ᠬᠠᠶᠢᠷ᠎ᠠ ᠶᠢᠨ ᠭᠡᠷ ᠣᠷᠣᠨ᠂ ᠤᠯᠠᠭᠠᠨ ᠵᠠᠭᠠᠯᠮᠠᠶᠢᠳᠠᠨ ᠤ | ᠨᠡᠶᠢᠭᠡᠮᠯᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠴᠢᠬ ᠵᠡᠷᠭᠡ ᠬᠥᠮᠥᠡᠯᠢᠭ ᠤᠨ ᠠᠪᠤᠷᠠᠨ ᠲᠤᠰᠠᠯᠠᠬᠤ | ᠲᠦᠷᠦᠯ ᠵᠦᠢᠯ ᠪᠣᠯᠣᠨ ᠠᠪᠤᠷᠠᠨ ᠲᠤᠰᠠᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠵᠦ᠂ ︽ᠲᠦᠭᠡᠮᠡᠯ | ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠳᠤ 8680 ᠲᠦᠮᠡᠨ ᠲᠦᠬᠦᠷᠢᠭ ᠣᠷᠴᠢᠮ ᠪᠡᠯᠡ ᠮᠥᠩᠭᠦ | ᠣᠷᠣᠭᠤᠯᠵᠤ᠂ ᠡᠯ᠎ᠡ ᠲᠦᠷᠦᠯ ᠤᠨ ᠣᠨᠴᠠ ᠬᠦᠴᠢᠷᠳᠡᠯᠲᠡᠶ ᠤᠯᠠᠨ ᠲᠦᠮᠡᠨ ᠢ 81.2 ᠲᠦᠮᠡᠨ ᠬᠥᠮᠦᠨ ︵ᠤᠳᠠᠭ᠎ᠠ | ︶ ᠠᠪᠤᠷᠠᠨ ᠲᠤᠰᠠᠯᠠᠵᠤ᠂ ᠨᠡᠶᠢᠭᠡᠮ ᠤᠨ ᠬᠦᠴᠦᠨ ᠢ ᠳᠠᠶᠢᠴᠢᠯᠠᠬᠤ᠂ ᠲᠦᠢᠯ ᠤᠨ ᠣᠨᠣᠪᠴᠢᠲᠠᠢ ᠪᠠᠷ ᠶᠠᠳᠠᠭᠤ ᠠᠴᠠ | ᠠᠩᠭᠢᠵᠢᠷᠠᠭᠤᠯᠬᠤ ᠶᠢ ᠳᠡᠮᠵᠢᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠨᠡᠶᠢᠭᠡᠮ ᠤᠨ ᠡᠶ᠎ᠡ | ᠵᠣᠬᠢᠴᠠᠯ ᠪᠣᠯᠣᠨ ᠲᠣᠭᠲᠠᠭᠤᠨ ᠪᠠᠶᠢᠳᠠᠯ ᠢ ᠬᠠᠮᠠᠭᠠᠯᠠᠬᠤ ᠲᠠᠯ᠎ᠠ ᠪᠠᠷ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃ | 2018 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢ ᠦᠨᠡᠨᠬᠦ | ᠰᠠᠶᠢᠲᠤᠷ ᠬᠢᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ᠄ | ᠨᠢᠭᠡ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢ ᠬᠢᠨᠠᠮᠠᠭᠠᠶ ᠵᠣᠬᠢᠶᠠᠨ | ᠪᠠᠶᠢᠭᠤᠯᠤᠨ ᠦᠷᠨᠢᠭᠦᠯᠬᠦ ᠬᠡᠷᠡᠭᠲᠡᠢ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠡᠭᠡᠨ᠂ ᠮᠠᠨ ᠤ ᠤᠯᠤᠰ ᠤᠨ ᠨᠡᠶᠢᠭᠡᠮ ᠤᠨ | ᠭᠤᠣᠯ ᠵᠥᠷᠢᠴᠡᠯ ᠨᠢᠭᠡᠨᠲᠡ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠪᠣᠯᠣᠨ ᠲᠡᠩᠴᠡᠭᠦᠷᠢ ᠦᠭᠡᠢ ᠭᠦᠢᠴᠡᠳ ᠪᠤᠰᠤ ᠬᠥᠭᠵᠢᠯᠲᠡ ᠶᠢᠨ ᠬᠤᠭᠤᠷᠣᠨᠳᠣᠬᠢ | ᠵᠥᠷᠢᠴᠡᠯ ᠪᠣᠯᠵᠤ ᠬᠤᠪᠢᠷᠠᠨ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ | ᠠᠷᠠᠳ ᠤᠨ ᠠᠮᠢᠳᠤᠷᠠᠯ ᠳᠤ ᠠᠰᠢᠭ ᠲᠤᠰᠠ ᠣᠯᠭᠤᠬᠤ ᠶᠢ ᠢᠯᠡᠭᠦᠬᠡᠨ ᠪᠣᠳᠣᠯᠬᠢᠯᠠᠵᠤ᠂ ᠠᠷᠠᠳ ᠤᠨ | ᠠᠮᠢᠳᠤᠷᠠᠯ ᠳᠠᠬᠢ ᠵᠣᠪᠠᠭᠤᠷᠢ ᠵᠦᠳᠡᠭᠦᠷᠢ ᠶᠢ ᠢᠯᠡᠭᠦᠬᠡᠨ ᠰᠢᠢᠳᠪᠦᠷᠢᠯᠡᠵᠦ᠂ ᠪᠦᠬᠦ ᠠᠷᠠᠳ ᠲᠦᠮᠡᠨ ᠤ ᠬᠠᠮᠲᠤ ᠪᠠᠷ | ᠪᠠᠶᠢᠭᠤᠯᠤᠨ ᠬᠠᠮᠲᠤ ᠪᠠᠷ ᠡᠳ᠋ᠯᠡᠬᠦ ᠬᠥᠭᠵᠢᠯᠲᠡ ᠶᠢᠨ ᠳᠤᠮᠳᠠ ᠨᠡᠩ ᠶᠡᠭᠡ ᠬᠦᠷᠲᠡᠭᠡᠯ ᠤᠨ ᠲᠦᠷᠦᠭᠳᠡᠯ ᠲᠠᠢ ᠪᠣᠯᠬᠤ ᠶᠢ | ᠪᠠᠲᠤᠯᠠᠨ᠎ᠠ ᠭᠡᠵᠦ ᠳᠤᠷᠠᠳᠪᠠ᠃ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢ | ᠦᠷᠨᠢᠭᠦᠯᠬᠦ ᠨᠢ᠂ ᠨᠡᠶᠢᠭᠡᠮ ᠤᠨ ᠬᠦᠴᠦᠨ ᠢ ᠥᠷᠭᠡᠨ ᠢᠶᠠᠷ ᠲᠡᠶᠢᠴᠢᠯᠡᠨ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠠᠵᠢᠯ ᠳᠤ ᠣᠷᠣᠯᠴᠠᠬᠤ ᠳᠤ ᠠᠰᠢᠭᠲᠠᠢ ᠪᠠᠶᠢᠵᠤ᠂ ᠠᠷᠠᠳ ᠤᠨ ᠠᠮᠢᠳᠤᠷᠠᠯ ᠳᠠᠬᠢ | ᠲᠤᠲᠠᠭᠤᠳᠠᠯ ᠢ ᠨᠥᠬᠦᠪᠦᠷᠢᠯᠡᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠬᠡᠷᠡᠭᠴᠡᠭᠡ | ᠱᠠᠭᠠᠷᠳᠠᠯᠭ᠎ᠠ ᠶᠢ ᠰᠢᠢᠳᠪᠦᠷᠢᠯᠡᠬᠦ ᠪᠣᠯᠣᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ | ᠨᠢᠭᠡᠴᠡ ᠨᠦᠭᠦᠳ ᠦᠵᠡᠯ ᠰᠠᠨᠠᠭᠠᠨ ᠤ ᠲᠠᠨᠢᠯᠲᠠ ᠪᠣᠯᠣᠨ ᠠᠵᠢᠯᠯᠠᠭᠠᠨ ᠤ ᠤᠬᠠᠮᠰᠠᠷ ᠢᠶᠠᠨ ᠦᠨᠡᠨ ᠬᠦ | ᠳᠡᠭᠡᠭᠰᠢᠯᠡᠭᠦᠯᠵᠦ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢ ᠲᠤᠰ ᠭᠠᠵᠠᠷ | ᠣᠷᠣᠨ᠂ ᠲᠤᠰ ᠰᠠᠯᠠᠭ᠎ᠠ ᠮᠥᠴᠢᠷ᠂ ᠲᠤᠰ ᠨᠢᠭᠡᠴᠡ ᠶᠢᠨ ᠢᠶᠠᠨ ᠤᠶᠤᠨ ᠤ ᠪᠣᠯᠪᠠᠰᠤᠨ ᠤ ᠪᠠᠶᠢᠭᠤᠯᠤᠯᠲᠠ ᠲᠠᠢ | ᠤᠶᠠᠯᠳᠤᠭᠤᠯᠤᠨ᠂ ᠨᠢᠭᠡᠳᠦᠯᠲᠡᠶ ᠪᠠᠶᠢᠷᠢᠯᠠᠭᠤᠯᠬᠤ᠂ ᠱᠠᠳᠤ ᠬᠤᠪᠢᠶᠠᠨ ᠵᠣᠬᠢᠶᠠᠨ ᠪᠠᠶᠢᠭᠤᠯᠵᠤ ᠬᠡᠷᠡᠭᠵᠢᠭᠦᠯᠬᠦ᠂ ᠱᠠᠳᠤ | ᠬᠤᠪᠢᠶᠠᠨ ᠬᠠᠮᠢᠶᠠᠷᠬᠤ ᠵᠠᠷᠴᠢᠮ ᠶᠣᠰᠣᠭᠠᠷ᠂ 2018 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ | ᠬᠠᠨᠳᠢᠪᠯᠠᠯ︾ ᠤᠨ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠤᠨ ᠰᠠᠶᠢᠲᠤᠷ ᠦᠷᠨᠢᠭᠦᠯᠬᠦ ᠬᠡᠷᠡᠭᠲᠡᠢ᠃ | ᠬᠤᠶᠠᠷ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠴᠤᠭᠯᠠᠭᠤᠯᠵᠤ ᠬᠠᠨᠳᠢᠪᠯᠠᠭᠰᠠᠨ | ᠪᠡᠯᠡ ᠮᠥᠩᠭᠦ ᠶᠢ ᠦᠨᠡᠨ ᠬᠦ ᠰᠠᠶᠢᠲᠤᠷ ᠬᠠᠮᠢᠶᠠᠷᠤᠨ ᠬᠡᠷᠡᠭᠯᠡᠬᠦ ᠬᠡᠷᠡᠭᠲᠡᠢ | ᠡᠯ᠎ᠡ ᠱᠠᠲᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠳ ᠴᠤᠭᠯᠠᠭᠤᠯᠵᠤ ᠬᠠᠨᠳᠢᠪᠯᠠᠭᠰᠠᠨ ᠪᠡᠯᠡ | ᠮᠥᠩᠭᠦ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠲᠣᠬᠢᠷᠠᠭᠤᠯᠤᠨ ᠬᠡᠷᠡᠭᠯᠡᠵᠦ᠂ ︽ᠲᠦᠭᠡᠮᠡᠯ ᠬᠠᠶᠢᠷ᠎ᠠ ᠶᠢᠨ | ᠨᠢᠭᠡ ᠡᠳᠦᠷ ᠤᠨ ᠬᠠᠨᠳᠢᠪᠯᠠᠯ︾ ᠤᠨ 20% ᠶᠢᠨ ᠪᠡᠯᠡ ᠮᠥᠩᠭᠦ ᠶᠢ ᠭᠠᠮᠰᠢᠭ ᠲᠤ ᠪᠡᠯᠡᠳᠬᠡᠬᠦ ᠪᠠ ᠭᠠᠮᠰᠢᠭ ᠠᠴᠠ | ᠠᠪᠤᠷᠠᠬᠤ ᠬᠠᠳᠠᠭᠠᠯᠠᠮᠵᠢ ᠶᠢᠨ ᠮᠥᠩᠭᠦ ᠳᠤ ᠬᠡᠷᠡᠭᠯᠡᠨ᠂ 30% ᠶᠢᠨ ᠪᠡᠯᠡ ᠮᠥᠩᠭᠦ ᠶᠢ ᠬᠥᠮᠦᠯᠢᠭ ᠢᠶᠠᠷ ᠠᠪᠤᠷᠠᠨ | ᠲᠤᠰᠠᠯᠠᠬᠤ᠂ ᠭᠠᠮᠰᠢᠭ ᠠᠴᠠ ᠠᠪᠤᠷᠠᠨ ᠲᠤᠰᠠᠯᠠᠬᠤ ᠶᠢᠨ ᠬᠠᠮᠲᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ | ᠬᠠᠨᠳᠢᠪᠯᠠᠯ ᠢᠶᠠᠷ ᠲᠦᠭ ᠲᠦᠮᠡᠨ ᠠᠶᠢᠯ ᠡᠷᠦᠬᠡ ᠶᠢ ᠬᠠᠯᠠᠮᠵᠢᠯᠠᠨᠠᠮ︾ ᠵᠡᠷᠭᠡ ᠨᠡᠷᠡᠲᠦ ᠲᠥᠷᠥᠯ ᠲᠡᠮᠳᠡᠭᠲᠦ ᠠᠪᠤᠷᠠᠨ | ᠲᠤᠰᠠᠯᠠᠯᠲᠠ ᠶᠢᠨ ᠲᠥᠷᠥᠯ ᠵᠦᠢᠯ ᠢ ᠥᠷᠭᠦᠯᠵᠢᠯᠡᠨ ᠪᠠᠬᠢᠵᠢᠭᠦᠯᠬᠦ ᠳᠤ ᠬᠡᠷᠡᠭᠯᠡᠵᠦ᠂ 50% ᠶᠢᠨ ᠪᠡᠯᠡ ᠮᠥᠩᠭᠦ ᠶᠢ | ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠵᠣᠷᠢᠯᠲᠠ ᠳᠤ ᠨᠡᠶᠢᠴᠡᠬᠦ ᠥᠪᠥᠷ ᠮᠣᠩᠭᠤᠯ ᠤᠨ ︽ᠬᠠᠷᠠᠭ᠎ᠠ | ᠣᠷᠣᠭᠤᠯᠬᠤ ᠠᠶᠠᠯᠠᠯ︾ ᠨᠡᠶᠢᠭᠡᠮ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠵᠢᠴᠢ ᠪᠠᠴᠢᠮ ᠪᠠᠶᠢᠳᠠᠯ ᠢ ᠠᠷᠭᠠᠴᠠᠵᠤ | ᠠᠪᠤᠷᠠᠬᠤ ᠴᠢᠬ ᠤᠨ ᠪᠦᠲᠦᠭᠡᠨ ᠪᠠᠶᠢᠭᠤᠯᠤᠯᠲᠠ ᠵᠡᠷᠭᠡ ᠠᠷᠠᠳ ᠤᠨ ᠠᠮᠢᠳᠤᠷᠠᠯ ᠤᠨ ᠲᠥᠷᠥᠯ ᠵᠦᠢᠯ ᠳᠤ ᠬᠡᠷᠡᠭᠯᠡᠨ᠎ᠡ᠃ | ᠨᠡᠶᠢᠲᠡ ᠶᠢᠨ ᠢᠲᠡᠭᠡᠮᠵᠢ ᠶᠢᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠴᠤᠭᠯᠠᠭᠤᠯᠵᠤ ᠬᠠᠨᠳᠢᠪᠯᠠᠭᠰᠠᠨ ᠵᠣᠭᠤᠰ ᠢ ᠬᠦᠯᠢᠶᠡᠨ ᠠᠪᠬᠤ᠂ ᠬᠠᠮᠢᠶᠠᠷᠬᠤ ᠪᠠ ᠬᠡᠷᠡᠭᠯᠡᠬᠦ ᠶᠢ ᠡᠷᠡᠰ | ᠴᠢᠩᠭ᠎ᠠ ᠰᠠᠶᠢᠲᠤᠷ ᠬᠢᠨ᠎ᠡ᠃ ᠳᠣᠲᠣᠭᠠᠳᠤ ᠶᠢᠨ ᠥᠪᠡᠷ ᠢ ᠪᠠᠨ ᠡᠵᠡᠮᠳᠡᠬᠦ ᠲᠣᠭᠲᠠᠴᠠ ᠶᠢ ᠴᠢᠩᠭᠠᠳᠬᠠᠵᠤ᠂ | ᠠᠵᠢᠯ ᠤᠨ ᠢᠯᠡ ᠲᠣᠳᠣ ᠪᠠᠶᠢᠯᠭᠠᠬᠤ ᠬᠡᠮᠵᠢᠶ᠎ᠡ ᠶᠢ ᠨᠡᠮᠡᠭᠳᠡᠭᠦᠯᠦᠨ᠂ ᠨᠡᠶᠢᠭᠡᠮ ᠤᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠲᠧᠯᠸᠢᠰ᠂ ᠰᠣᠨᠢᠨ ᠮᠡᠳᠡᠭᠡ᠂ ᠰᠦᠯᠵᠢᠶ᠎ᠡ ᠵᠡᠷᠭᠡ ᠵᠠᠭᠤᠴᠢᠯᠠᠭᠤᠷ ᠳᠡᠭᠡᠷ᠎ᠡ | ᠴᠤᠭᠯᠠᠭᠤᠯᠵᠤ ᠬᠠᠨᠳᠢᠪᠯᠠᠭᠰᠠᠨ ᠵᠣᠭᠤᠰ ᠤᠨ ᠬᠦᠯᠢᠶᠡᠨ ᠠᠪᠴᠤ ᠬᠡᠷᠡᠭᠯᠡᠭᠰᠡᠨ ᠪᠠᠶᠢᠳᠠᠯ ᠢ ᠴᠠᠭ ᠲᠣᠬᠠᠢ ᠳᠤᠨᠢ | ᠨᠡᠶᠢᠲᠡᠯᠡᠵᠦ᠂ ᠬᠠᠨᠳᠢᠪ ᠡᠷᠭᠦᠭᠰᠡᠳ ᠢ ᠰᠠᠨᠠᠭ᠎ᠠ ᠠᠮᠤᠷ᠂ ᠬᠠᠨᠳᠢᠪ ᠡᠷᠭᠦᠭᠰᠡᠳ ᠢ ᠰᠡᠳᠬᠢᠯ ᠬᠠᠨᠤᠮᠵᠢᠲᠠᠶ ᠪᠠᠶᠢᠯᠭᠠᠬᠤ | ᠬᠡᠷᠡᠭᠲᠡᠢ᠃ ᠪᠡᠯᠡ ᠮᠥᠩᠭᠦ ᠴᠤᠭᠯᠠᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯᠯᠠᠬᠤ | ᠠᠷᠭ᠎ᠠ ᠪᠠᠨ ᠢᠳᠡᠪᠬᠢᠲᠡᠢ ᠰᠢᠨ᠎ᠡ ᠪᠠᠷ ᠡᠭᠦᠳᠴᠦ᠂ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢᠶᠠᠨ ᠥᠷᠭᠡᠳᠬᠡᠨ᠂ | ᠪᠡᠯᠡ ᠴᠤᠭᠯᠠᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠲᠠᠶᠢᠴᠢᠯᠠᠨ | ᠤᠯᠠᠨ ᠵᠦᠢᠯ ᠤᠨ ᠬᠡᠯᠪᠡᠷᠢ ᠪᠠᠷ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠣᠷᠣᠯᠴᠠᠭᠤᠯᠵᠤ᠂ ᠬᠠᠮᠤᠭ ᠠᠴᠠ | ᠠᠪᠤᠷᠠᠨ ᠲᠤᠰᠠᠯᠠᠭᠤᠯᠬᠤ ᠬᠡᠷᠡᠭᠴᠡᠭᠡ ᠲᠠᠢ ᠬᠦᠴᠢᠷᠳᠡᠯᠲᠡᠶ ᠤᠯᠠᠨ ᠲᠦᠮᠡᠨ ᠢ ᠠᠪᠤᠷᠠᠨ ᠲᠤᠰᠠᠯᠠᠬᠤ ᠶᠢ ᠦᠨᠡᠨ ᠬᠦ | ᠪᠠᠲᠤᠯᠠᠨ᠂ ᠪᠤᠶᠠᠨ ᠢᠪᠡᠭᠡᠯ ᠤᠨ ᠵᠣᠭᠤᠰ ᠢ ᠰᠠᠶᠢᠲᠤᠷ ᠬᠡᠷᠡᠭᠯᠡᠵᠦ᠂ ᠰᠠᠶᠢᠨ ᠶᠠᠪᠤᠳᠠᠯ ᠢ ᠰᠠᠶᠢᠲᠤᠷ ᠪᠦᠲᠦᠭᠡᠵᠦ᠂ | ᠨᠡᠶᠢᠭᠡᠮ ᠤᠨ ᠦᠷ᠎ᠡ ᠠᠰᠢᠭ ᠢ ᠬᠠᠮᠤᠭ ᠤᠨ ᠶᠡᠭᠡ ᠪᠠᠷ ᠪᠠᠳᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠬᠢᠨᠠᠨ | ᠪᠠᠶᠢᠴᠠᠭᠠᠬᠤ ᠰᠠᠯᠠᠭ᠎ᠠ ᠮᠥᠴᠢᠷ ᠤᠳ ᠠᠳᠠᠯᠢ ᠱᠠᠲᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠠᠨᠳᠢᠪ ᠤᠨ | ᠵᠣᠭᠤᠰ ᠢ ᠬᠦᠯᠢᠶᠡᠨ ᠠᠪᠴᠤ ᠬᠠᠮᠢᠶᠠᠷᠬᠤ ᠪᠠ ᠬᠡᠷᠡᠭᠯᠡᠵᠦ ᠪᠠᠶᠢᠭ᠎ᠠ ᠪᠠᠶᠢᠳᠠᠯ ᠳᠤ ᠲᠤᠰᠬᠠᠶ ᠬᠢᠨᠠᠨ ᠪᠣᠳᠣᠯᠲᠠ | ᠬᠢᠬᠦ ᠶᠢᠨ ᠬᠠᠮᠲᠤ ᠨᠡᠶᠢᠭᠡᠮ ᠳᠤ ᠨᠡᠶᠢᠲᠡᠯᠡᠵᠦ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ | ᠠᠵᠢᠯᠯᠠᠭ᠎ᠠ ᠶᠢᠨ ᠨᠡᠶᠢᠲᠡ ᠶᠢᠨ ᠢᠲᠡᠭᠡᠮᠵᠢ ᠶᠢᠨ ᠬᠦᠴᠦᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ | ᠭᠤᠷᠪᠠ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢ ᠤᠬᠠᠭᠤᠯᠬᠤ | ᠠᠵᠢᠯ ᠢ ᠴᠢᠩᠭᠠᠳᠬᠠᠬᠤ ᠬᠡᠷᠡᠭᠲᠡᠢ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠨᠦᠭᠦᠳ ︽ᠲᠦᠭᠡᠮᠡᠯ ᠬᠠᠶᠢᠷ᠎ᠠ ᠶᠢᠨ ᠨᠢᠭᠡ | ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢᠨ ᠤᠬᠠᠭᠤᠯᠭ᠎ᠠ ᠶᠢᠨ ᠠᠵᠢᠯ ᠢ ᠬᠢᠨᠠᠮᠠᠭᠠᠶ ᠰᠠᠶᠢᠲᠤᠷ ᠬᠢᠵᠦ᠂ ᠪᠦᠬᠦ | ᠨᠡᠶᠢᠭᠡᠮ ᠳᠤ ᠬᠥᠮᠥᠨ ᠪᠦᠬᠦᠨ ᠨᠡᠶᠢᠲᠡ ᠶᠢᠨ ᠠᠰᠠᠷᠠᠮᠵᠢ ᠳᠤ ᠣᠷᠣᠯᠴᠠᠬᠤ᠂ ᠬᠥᠮᠥᠨ ᠪᠦᠬᠦᠨ ᠢᠪᠡᠭᠡᠯ ᠬᠠᠶᠢᠷ᠎ᠠ ᠪᠠᠨ | ᠬᠠᠨᠳᠢᠪᠯᠠᠬᠤ ᠨᠡᠶᠢᠲᠡ ᠶᠢᠨ ᠠᠰᠠᠷᠠᠮᠵᠢ ᠶᠢᠨ ᠣᠨᠣᠯᠵᠢᠬᠤᠨ ᠢ ᠰᠠᠨᠠᠭᠠᠴᠢᠯᠠᠨ᠂ ᠴᠤᠭᠯᠠᠭᠤᠯᠵᠤ ᠬᠠᠨᠳᠢᠪᠯᠠᠬᠤ | ᠠᠵᠢᠯᠯᠠᠭ᠎ᠠ ᠳᠤᠮᠳᠠ ᠴᠣᠯᠭᠤᠷᠠᠨ ᠭᠠᠷᠤᠭᠰᠠᠨ ᠲᠡᠷᠢᠭᠦᠨ ᠤ ᠨᠢᠭᠡᠴᠡ ᠪᠣᠯᠤᠨ ᠬᠤᠪᠢ ᠬᠥᠮᠦᠨ ᠢ ᠶᠡᠬᠡᠪᠡᠷ | ᠤᠬᠠᠭᠤᠯᠤᠨ ᠮᠡᠳᠡᠭᠡᠯᠡᠵᠦ᠂ ᠨᠡᠶᠢᠭᠡᠮ ᠤᠨ ᠪᠣᠯᠪᠠᠰᠤᠨ ᠤ ᠰᠢᠨ᠎ᠡ ᠬᠡᠪ ᠰᠤᠷᠲᠠᠯ ᠢ ᠬᠥᠲᠥᠯᠥᠨ ᠵᠢᠯᠣᠭᠤᠳᠬᠤ | ᠬᠡᠷᠡᠭᠲᠡᠢ᠃ ᠠᠭᠤᠯᠭ᠎ᠠ ᠪᠠᠷ ᠡᠯᠪᠡᠭ ᠪᠠᠶᠠᠯᠢᠭ᠂ ᠬᠡᠯᠪᠡᠷᠢ ᠨᠢ ᠣᠯᠠᠨ ᠶᠠᠩᠵᠤ ᠶᠢᠨ ᠰᠢᠷᠢᠰ ᠤᠬᠠᠭᠤᠯᠬᠤ | ᠠᠵᠢᠯᠯᠠᠭ᠎ᠠ ᠶᠢ ᠨᠢᠮᠪᠠᠢ ᠤᠬᠠᠭᠠᠯᠠᠨ ᠲᠥᠯᠥᠪᠯᠡᠵᠦ ᠲᠥᠪᠯᠡᠷᠡᠭᠦᠯᠦᠨ ᠵᠣᠬᠢᠶᠠᠨ ᠪᠠᠶᠢᠭᠤᠯᠤᠨ ᠦᠷᠨᠢᠭᠦᠯᠵᠦ᠂ ᠢᠪᠡᠭᠡᠯ | ᠬᠠᠶᠢᠷ᠎ᠠ ᠪᠠᠨ ᠡᠷᠭᠦᠨ ᠬᠠᠨᠳᠢᠪᠯᠠᠬᠤ ᠠᠵᠢᠯᠯᠠᠭ᠎ᠠ ᠶᠢ ᠮᠠᠭᠲᠠᠨ᠂ ᠨᠡᠶᠢᠭᠡᠮ ᠤᠨ ᠡᠯ᠎ᠡ ᠡᠲᠡᠭᠡᠳ ᠤᠨ ᠣᠯᠠᠨ ᠲᠦᠮᠡᠨ ᠤ | ᠣᠷᠣᠯᠴᠠᠬᠤ ᠤᠷᠮ᠎ᠠ ᠶᠢ ᠬᠥᠭᠵᠢᠭᠡᠵᠦ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ | ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠨᠡᠷᠡᠲᠦ ᠲᠥᠷᠥᠯ | ᠲᠡᠮᠳᠡᠭᠲᠦ ᠪᠠ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠢᠯᠠᠰ ᠴᠢᠭ ᠪᠣᠯᠭᠠᠬᠤ ᠬᠡᠷᠡᠭᠲᠡᠢ᠃ ᠨᠡᠶᠢᠲᠡ ᠶᠢᠨ | ᠠᠰᠠᠷᠠᠮᠵᠢ ᠪᠤᠶᠠᠨ ᠤ ᠠᠵᠢᠯᠯᠠᠭ᠎ᠠ ᠶᠢᠨ ᠲᠤᠬᠠᠶ ᠤᠬᠠᠭᠤᠯᠭ᠎ᠠ ᠪᠣᠯᠣᠨ ᠳᠡᠮᠵᠢᠯᠭᠡ ᠶᠢᠨ ᠡᠷᠴᠢᠮ ᠢ ᠨᠡᠮᠡᠭᠳᠡᠭᠦᠯᠬᠦ ᠶᠢᠨ | ᠬᠠᠮᠲᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠣᠯᠣᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠬᠠᠮᠢᠶ᠎ᠠ | ᠪᠦᠬᠦᠢ ᠵᠠᠷᠤᠳᠠᠯ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠰᠤᠵᠤ ᠬᠡᠯᠲᠦᠷᠢᠭᠦᠯᠬᠦ ᠬᠡᠷᠡᠭᠲᠡᠢ᠃ | 2018 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠨᠢ 9 | ᠳ᠋ᠤᠭᠡᠷ ᠰᠠᠷ᠎ᠠ ᠶᠢᠨ ᠰᠡᠭᠦᠯᠴᠢ ᠪᠠᠷ ᠳᠠᠭᠤᠰᠤᠨ᠎ᠠ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠠᠯᠠᠭ᠎ᠠ | ᠮᠥᠴᠢᠷ᠂ ᠨᠢᠭᠡᠴᠡ ᠨᠢ ᠬᠠᠨᠳᠢᠪᠯᠠᠭᠰᠠᠨ ᠵᠣᠭᠤᠰ ᠢᠶᠠᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ | ᠨᠡᠶᠢᠭᠡᠮᠯᠢᠭ ︵ᠬᠦᠬᠡᠬᠤᠲᠠ ᠶᠢᠨ ᠶᠢᠨ ᠴᠢᠶᠤᠤ ᠨᠡᠭᠡᠭᠡᠯᠲᠡ ᠶᠢᠨ ᠲᠣᠭᠤᠷᠢᠭ ᠤᠨ ᠱᠢ ᠵᠢᠢ ᠳᠥᠷᠪᠡᠳᠦᠭᠡᠷ ᠵᠠᠮ ᠤᠨ | ᠪᠠᠷᠠᠭᠤᠨ ᠬᠡᠰᠡᠭ︶ ᠲᠤ ᠰᠢᠭᠤᠳ ᠲᠤᠰᠢᠶᠠᠨ᠎ᠠ᠂ ᠬᠠᠷᠢᠯᠴᠠᠬᠤ ᠬᠥᠮᠦᠨ᠄ ᠵᠢᠶᠠ ᠢᠤᠢ ᠮᠸᠢ᠂ ᠮᠧᠩ ᠵᠤᠤ ᠷᠦᠢ᠂ | ᠬᠠᠷᠢᠯᠴᠠᠬᠤ ᠤᠲᠠᠰᠤ᠄ 4501204᠂ 4501210᠃ ᠳᠠᠩᠰᠠᠨ ᠡᠷᠦᠬᠡ ᠨᠡᠭᠡᠭᠡᠭᠰᠡᠨ ᠨᠡᠷᠡᠶᠢᠳᠦᠯ᠄ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠳᠠᠩᠰᠠᠨ ᠡᠷᠦᠬᠡ | ᠨᠡᠭᠡᠭᠡᠭᠰᠡᠨ ᠪᠠᠩᠬᠢ᠄ ᠳᠤᠮᠳᠠᠳᠤ ᠤᠯᠤᠰ ᠤᠨ ᠪᠠᠩᠬᠢ ᠶᠢᠨ ᠬᠥᠬᠡᠬᠤᠲᠠ ᠶᠢᠨ ᠢᠤᠶ ᠴᠢᠤᠸᠠᠨ ᠰᠠᠯᠪᠤᠷᠢ ᠪᠠᠩᠬᠢ ᠶᠢᠨ | ᠡᠵᠡᠩᠨᠡᠬᠦ ᠭᠠᠵᠠᠷ᠂ ᠳᠠᠩᠰᠠᠨ ᠡᠷᠦᠬᠡ ᠶᠢᠨ ᠨᠣᠮᠧᠷ᠄ 1508326503217᠃ ᠡᠯ᠎ᠡ ᠠᠶᠢᠮᠠᠭ ᠬᠤᠳᠠ᠂ | ᠬᠤᠰᠢᠭᠤ ᠰᠢᠶᠠᠨ ︵ᠬᠤᠳᠠ᠂ ᠲᠣᠭᠤᠷᠢᠭ︶ ᠤ ᠬᠠᠷᠢᠶ᠎ᠠ ᠰᠠᠯᠠᠭ᠎ᠠ ᠮᠥᠴᠢᠷ ᠪᠣᠯᠣᠨ ᠨᠢᠭᠡᠴᠡ ᠨᠦᠭᠦᠳ | ᠬᠠᠨᠳᠢᠪᠯᠠᠭᠰᠠᠨ ᠵᠣᠭᠤᠰ ᠢᠶᠠᠨ ᠲᠣᠬᠠᠢ ᠶᠢᠨ ᠭᠠᠵᠠᠷ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ ᠰᠢᠭᠤᠳ | ᠲᠤᠰᠢᠶᠠᠨ᠎ᠠ᠃ |