ᠥᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠮᠡᠷᠭᠡᠵᠢᠯ ᠰᠤᠶᠤᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠠᠵᠢᠯᠴᠢᠨ ᠤ ᠡᠪᠯᠡᠯ ᠤᠨ ᠬᠢᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠲᠤᠰᠠᠯᠠᠬᠤ ᠠᠵᠢᠯᠲᠠᠨ ᠠᠵᠢᠯᠴᠢᠨ ᠤ ᠰᠠᠶᠢᠨ ᠳᠤᠷᠠᠴᠤᠳ ᠤᠨ ᠦᠢᠯᠡᠴᠢᠯᠡᠭᠡᠨ ᠤ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2018/5/29
     5 ᠳ᠋ᠤᠭᠠᠷ ᠰᠠᠷ᠎ᠠ ᠶᠢᠨ 28᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠮᠡᠷᠭᠡᠵᠢᠯ ᠰᠤᠶᠤᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠠᠵᠢᠯᠴᠢᠨ ᠤ ᠡᠪᠯᠡᠯ ᠤᠨ ᠬᠢᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠳᠤ ᠲᠤᠰᠠᠯᠠᠬᠤ ᠠᠵᠢᠯᠲᠠᠨ ᠠᠵᠢᠯᠴᠢᠨ ᠤ ᠰᠠᠶᠢᠨ ᠳᠤᠷᠠᠴᠤᠳ ᠤᠨ ᠦᠢᠯᠡᠴᠢᠯᠡᠭᠡᠨ ᠤ ᠠᠵᠢᠯᠯᠠᠭ᠎ᠠ ᠶᠢᠨ ᠡᠬᠢᠯᠡᠯᠲᠡ ᠶᠢᠨ ᠶᠤᠰᠤᠯᠠᠯ ᠬᠦᠬᠡᠬᠤᠲᠠ ᠳᠤ ᠶᠠᠪᠤᠬᠳᠠᠪᠠ᠃      ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠦ᠋ ᠲᠤᠸᠠᠨ ᠶᠢᠩ ᠡᠬᠢᠯᠡᠯᠲᠡ ᠶᠢᠨ ᠶᠤᠰᠤᠯᠠᠯ ᠳᠤ ᠤᠷᠤᠯᠴᠠᠵᠤ ᠶᠠᠷᠢᠶ᠎ᠠ ᠲᠠᠯᠪᠢᠪᠠ᠃      ᠦ᠋ ᠲᠤᠸᠠᠨ ᠶᠢᠩ ᠵᠢᠭᠠᠵᠤ ᠭᠠᠷᠭᠠᠭᠰᠠᠨ ᠨᠢ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠳᠤ ᠲᠤᠰᠠᠯᠠᠬᠤ ᠠᠵᠢᠯᠳᠠᠨ ᠠᠵᠢᠯᠴᠢᠨ ᠤ ᠰᠠᠶᠢᠨ ᠲᠤᠷᠠᠴᠤᠳ ᠤᠨ ᠤᠶᠢᠯᠡᠴᠢᠯᠡᠬᠡᠨ ᠤ ᠠᠵᠢᠯᠯᠠᠭ᠎ᠠ ᠶᠢ ᠦᠷᠨᠢᠬᠦᠯᠬᠦ ᠨᠢ᠂ ᠬᠦᠳᠡᠯᠮᠤᠷᠢ ᠶᠢᠨ ᠵᠢᠱᠢᠶᠡᠴᠢ ᠶᠢᠨ ᠵᠤᠷᠢᠬ ᠰᠠᠨᠠᠭ᠎ᠠ ᠪᠤᠯᠤᠨ ᠤᠷᠠᠨ ᠲᠠᠷᠬᠠᠨ ᠤ ᠵᠤᠷᠢᠬ ᠰᠠᠨᠠᠭ᠎ᠠ ᠶᠢ ᠶᠡᠬᠡᠪᠡᠷ ᠪᠠᠳᠠᠷᠠᠭᠤᠯᠬᠤ᠂ ᠡᠷᠬᠢᠮ ᠲᠡᠭᠡᠳᠤ ᠪᠠᠭᠰᠢ ᠶᠢᠨ ᠰᠤᠷᠳᠠᠯ᠂ ᠡᠮᠴᠢ ᠶᠢᠨ ᠰᠤᠷᠳᠠᠯ᠂ ᠤᠷᠠᠯᠢᠬ ᠤᠨ ᠰᠤᠷᠳᠠᠯ ᠢ ᠪᠠᠳᠠᠷᠠᠭᠤᠯᠬᠤ᠂ ᠢᠳᠡᠪᠬᠢᠳᠠᠢ ᠦᠬᠡᠳᠠᠯᠠᠨ ᠲᠡᠪᠰᠢᠬᠰᠠᠨ ᠰᠠᠶᠢᠨ ᠰᠠᠶᠢᠬᠠᠨ ᠨᠡᠶᠢᠬᠡᠮ ᠤᠨ ᠤᠷᠴᠢᠨ ᠪᠠᠶᠢᠳᠠᠯ ᠢ ᠴᠢᠷᠮᠠᠶᠢᠨ ᠪᠤᠢ ᠪᠤᠯᠭᠠᠬᠤ ᠳᠤ ᠴᠢᠬᠤᠯᠠ ᠠᠴᠢ ᠬᠤᠯᠪᠤᠬᠳᠠᠯ ᠲᠠᠢ ᠶᠤᠮ᠃ ᠰᠤᠷᠭᠠᠨ ᠬᠦᠮᠤᠵᠢᠯ ᠰᠢᠨᠵᠢᠯᠡᠬᠦ ᠤᠬᠠᠭᠠᠨ ᠮᠡᠷᠬᠡᠵᠢᠯ ᠰᠤᠶᠤᠯ ᠡᠷᠡᠬᠦᠯ ᠬᠠᠮᠠᠭᠠᠯᠠᠯ ᠪᠠᠶ᠎ᠠ ᠶᠢᠨ ᠲᠠᠮᠢᠷ ᠤᠨ ᠰᠢᠰᠲ᠋ᠧᠮ ᠤᠨ ᠬᠢᠨ ᠡᠬᠢ ᠪᠠᠶᠠᠯᠢᠬ ᠪᠤᠯᠤᠨ ᠬᠦᠮᠤᠨ ᠤ ᠬᠦᠴᠤᠨ ᠤ ᠲᠠᠪᠠᠭᠤᠯᠢᠬ ᠢᠶᠠᠨ ᠪᠠᠳᠠᠷᠠᠭᠤᠯᠵᠤ᠂ ᠶᠠᠳᠠᠭᠤ ᠬᠦᠴᠢᠷᠳᠠᠯᠳᠠᠢ ᠭᠠᠵᠠᠷ ᠤᠷᠤᠨ ᠤ ᠠᠵᠢᠯᠳᠠᠨ ᠠᠵᠢᠯᠴᠢᠨ ᠤᠯᠠᠨ ᠲᠦᠮᠡᠨ ᠳᠤ ᠰᠢᠯᠢᠳᠡᠭ ᠡᠬᠢ ᠪᠠᠶᠠᠯᠢᠬ ᠪᠤᠯᠤᠨ ᠤᠶᠢᠯᠡᠴᠢᠯᠡᠭᠡ ᠬᠦᠷᠬᠡᠨ ᠦᠭᠴᠤ᠂ ᠰᠠᠶᠢᠨ ᠲᠤᠷᠠᠴᠤᠳ ᠤᠨ ᠤᠶᠢᠯᠡᠴᠢᠯᠡᠬᠡᠨ ᠤ ᠠᠵᠢᠯᠯᠠᠭ᠎ᠠ ᠪᠤᠳᠠᠳᠤ ᠦᠷ᠎ᠠ ᠪᠦᠳᠦᠮᠵᠢ ᠤᠯᠬᠤ ᠶᠢ ᠪᠠᠳᠤᠯᠠᠬᠤ ᠭᠡᠷᠡᠭᠳᠠᠢ ᠬᠡᠪᠠ᠃      ᠤᠶᠢᠯᠠᠭᠠᠬᠰᠠᠨ ᠢᠶᠠᠷ᠂ ᠤᠳᠤᠬᠠᠨ ᠳᠤ᠂ ᠦᠪᠡᠷᠳᠡᠬᠡᠨ ᠵᠠᠰᠠᠬᠤ ᠤᠷᠤᠨ ᠤ ᠭᠡᠰᠡᠭ ᠶᠡᠭᠡ ᠲᠡᠭᠡᠳᠤ ᠰᠤᠷᠭᠠᠭᠤᠯᠢ ᠪᠤᠯᠤᠨ ᠰᠤᠶᠤᠯ ᠤᠨ ᠨᠢᠬᠡᠴᠠ ᠶᠢᠨ ᠬᠢᠨ ᠨᠢᠭᠡᠨᠳᠠ ᠶᠠᠳᠠᠭᠤ ᠠᠴᠠ ᠠᠩᠭᠢᠵᠢᠷᠠᠭᠤᠯᠤᠬᠤ ᠰᠢᠪᠲᠤᠯᠤᠯᠲᠠ ᠶᠢᠨ ᠲᠠᠶᠢᠯᠠᠯᠳᠤᠭᠠᠨ ᠢ ᠲᠤᠰᠠᠯᠠᠬᠤ ᠠᠵᠢᠯᠳᠠᠨ ᠠᠵᠢᠯᠴᠢᠨ ᠤ ᠰᠠᠶᠢᠨ ᠲᠤᠷᠠᠴᠤᠳ ᠤᠨ ᠤᠶᠢᠯᠡᠴᠢᠯᠡᠬᠡᠨ ᠤ ᠠᠩᠬᠢ ᠶᠢ ᠵᠤᠬᠢᠶᠠᠨ ᠪᠠᠶᠢᠭᠤᠯᠵᠤ᠂ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠤᠵᠢᠯ ᠰᠢᠨᠵᠢᠯᠡᠬᠦ ᠤᠬᠠᠭᠠᠨ ᠮᠡᠷᠬᠡᠵᠢᠯ ᠰᠤᠶᠤᠯ ᠡᠷᠡᠬᠦᠯ ᠬᠠᠮᠠᠭᠠᠯᠠᠯ ᠪᠠᠶ᠎ᠠ ᠶᠢᠨ ᠲᠠᠮᠢᠷ ᠤᠨ ᠠᠵᠢᠯᠴᠢᠨ ᠤ ᠡᠪᠯᠠᠯ ᠴᠤ ᠶᠠᠷᠤᠩᠬᠡᠢ ᠤᠶᠢᠯᠡᠴᠢᠯᠡᠬᠡᠨ ᠤ ᠠᠩᠬᠢ ᠪᠠᠶᠢᠭᠤᠯᠪᠡ᠂ ᠲᠡᠳᠡᠨᠠᠷ ᠰᠤᠷᠭᠠᠨ ᠬᠦᠮᠤᠵᠢᠯ ᠢ ᠬᠦᠷᠬᠡᠬᠦ᠂ ᠡᠮ ᠡᠮᠨᠡᠯᠬᠡ ᠶᠢ ᠬᠦᠷᠬᠡᠬᠦ᠂ ᠰᠢᠨᠵᠢᠯᠡᠬᠦ ᠤᠬᠠᠭᠠᠨ ᠮᠡᠷᠬᠡᠵᠢᠯ ᠢ ᠬᠦᠷᠬᠡᠬᠦ᠂ ᠰᠤᠶᠤᠯ ᠢ ᠬᠦᠷᠬᠡᠬᠦ᠂ ᠡᠷᠡᠬᠦᠯ ᠮᠡᠨᠳᠤ ᠶᠢ ᠬᠦᠷᠬᠡᠬᠦ ᠵᠡᠷᠬᠡ ᠰᠠᠶᠢᠨ ᠲᠤᠷᠠᠴᠤᠳ ᠤᠨ ᠤᠶᠢᠯᠡᠴᠢᠯᠡᠬᠡᠨ ᠤ ᠠᠵᠢᠯᠯᠠᠭ᠎ᠠ ᠦᠷᠨᠢᠬᠦᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠤ ᠢᠯᠠᠯᠳᠠ ᠶᠢ ᠤᠯᠬᠤ ᠳᠤ ᠬᠦᠴᠤ ᠪᠠᠨ ᠡᠷᠬᠦᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号