ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠳᠤ ᠥᠪᠥᠷ ᠮᠣᠩᠭᠤᠯ ᠤᠨ ᠵᠢᠭᠤᠯᠴᠢᠯᠠᠯ ᠤᠨ ᠣᠷᠣᠯᠭ᠎ᠠ 43.71 ᠳ᠋ᠥᠩᠰᠢᠭᠤᠷ ᠲᠥᠭᠦᠷᠢᠭ ᠲᠤ ᠬᠦᠷᠴᠦ  ᠠᠳᠠᠯᠢ ᠬᠤᠭᠤᠴᠠᠭᠠᠨ ᠤ ᠬᠢ ᠠᠴᠠ 20.11% ᠨᠡᠮᠡᠭᠳᠡᠵᠡᠶ
ᠨᠡᠶᠢᠲᠡᠯᠡᠭᠰᠡᠨ ᠴᠠᠭ᠄
2018/5/3
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠥᠭᠵᠢᠯᠲᠡ ᠶᠢᠨ ᠵᠥᠪᠯᠡᠯ ᠤᠨ ᠪᠦᠷᠢᠳᠬᠡᠯ ᠠᠴᠠ ᠦᠵᠡᠪᠡᠯ᠂ 4 ᠳ᠋ᠦ᠋ᠭᠡᠷ ᠰᠠᠷ᠎ᠠ ᠶᠢᠨ 29᠎ ᠤ ᠡᠳᠦᠷ ᠠᠴᠠ 5 ᠳ᠋ᠤᠭᠠᠷ ᠰᠠᠷ᠎ᠠ ᠶᠢᠨ 1᠎ ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠵᠢᠭᠤᠯᠴᠢᠯᠠᠯ ᠤᠨ ᠬᠦᠯᠢᠶᠡᠨ ᠠᠪᠤᠭᠰᠠᠨ ᠶᠡᠷᠦᠩᠬᠡᠢ ᠬᠥᠮᠦᠨ ᠤ ᠲᠤᠭ᠎ᠠ ᠨᠢ 643.23 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 47.59%᠎ ᠪᠠᠷ ᠨᠡᠮᠡᠭᠳᠡᠵᠡᠶ︔ ᠵᠢᠭᠤᠯᠴᠢᠯᠠᠯ ᠤᠨ ᠦᠢᠯᠡᠰ ᠤᠨ ᠶᠡᠷᠦᠩᠬᠡᠶ ᠣᠷᠣᠯᠭ᠎ᠠ ᠨᠢ 43.71 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠬᠢ ᠲᠠᠢ ᠬᠠᠷᠢᠴᠠᠭᠤᠯᠪᠠᠯ 3.72 ᠳ᠋ᠥᠩᠰᠢᠭᠤᠷ ᠲᠥᠭᠦᠷᠢᠭ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 20.11% ᠨᠡᠮᠡᠭᠳᠡᠵᠡᠢ᠃      ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ 32 ᠭᠤᠣᠯᠳᠠᠯᠭ᠎ᠠ ᠲᠠᠢ ᠬᠢᠨᠠᠨ ᠬᠡᠮᠵᠢᠭᠰᠡᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠳᠣᠲᠣᠷ᠎ᠠ᠂ 16 ᠦᠵᠡᠮᠵᠢ ᠶᠢᠨ ᠣᠷᠣᠨ ᠤ ᠡᠳᠦᠷ ᠪᠦᠷᠢ ᠶᠢᠨ ᠬᠦᠯᠢᠶᠡᠨ ᠠᠪᠤᠭᠰᠠᠨ ᠬᠦᠮᠦᠨ ᠤ ᠲᠤᠭ᠎ᠠ ᠨᠢ 5000᠎ ᠶᠢ ᠳᠠᠪᠠᠵᠤ᠂ ᠨᠡᠶᠢᠲᠡ ᠣᠷᠣᠯᠭ᠎ᠠ ᠨᠢ 350 ᠲᠦᠮᠡᠨ ᠲᠥᠭᠦᠷᠢᠭ ᠢ ᠳᠠᠪᠠᠭᠰᠠᠨ ᠭᠤᠣᠯᠳᠠᠯᠭ᠎ᠠ ᠲᠠᠢ ᠦᠵᠡᠮᠵᠢ ᠶᠢᠨ ᠣᠷᠣᠨ 18 ᠪᠠᠶᠢᠨ᠎ᠠ᠃ ᠥᠪᠥᠷ ᠮᠣᠩᠭᠤᠯ ᠤᠨ ᠡᠯ᠎ᠡ ᠭᠠᠵᠠᠷ ᠤᠨ ᠵᠢᠭᠤᠯᠴᠢᠯᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠢᠭᠤᠯᠴᠢᠯᠠᠯ ᠤᠨ ᠠᠮᠤᠷ ᠲᠦᠪᠰᠢᠨ ᠤ ᠠᠵᠢᠯ ᠢᠶᠠᠨ ᠴᠢᠩᠭᠠᠳᠬᠠᠵᠤ᠂ 24 ᠴᠠᠭ ᠢᠶᠠᠷ ᠨᠡᠪᠲᠡᠷᠡᠬᠦ ᠵᠢᠭᠤᠯᠴᠢᠯᠠᠯ ᠤᠨ ᠠᠮᠤᠷ ᠲᠥᠪᠰᠢᠨ ᠤ ᠵᠢᠵᠢᠭᠦᠷ ᠤᠨ ᠤᠲᠠᠰᠤ ᠶᠢ ᠨᠡᠶᠢᠭᠡᠮ ᠨᠡᠶᠢᠲᠡ ᠳᠤ ᠨᠡᠶᠢᠲᠡᠯᠡᠨ᠂ ᠵᠢᠭᠤᠯᠴᠢᠯᠠᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠪᠠ᠃ ᠠᠮᠠᠷᠠᠯᠲᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠵᠢᠭᠤᠯᠴᠢᠯᠠᠯ ᠤᠨ ᠬᠥᠭᠵᠢᠯᠲᠡ ᠶᠢᠨ ᠵᠥᠪᠯᠡᠯ ᠳᠤ ᠵᠢᠭᠤᠯᠴᠢᠯᠠᠯ ᠤᠨ ᠵᠠᠭᠠᠯᠳᠤᠯᠭ᠎ᠠ ᠬᠢᠭᠰᠡᠨ ᠬᠦᠮᠦᠨ ᠦᠭᠡᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号