ᠥᠪᠥᠷ ᠮᠣᠩᠭᠤᠯ ᠤᠨ ᠪᠥᠬᠦ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠠᠵᠢᠯ ᠨᠢᠭᠡᠨᠲᠡ ᠪᠦᠬᠦ ᠲᠠᠯ᠎ᠠ ᠪᠠᠷ | ᠡᠬᠢᠯᠡᠵᠦ᠂ ᠪᠥᠬᠦ ᠣᠷᠣᠨ ᠤ 45 ᠬᠤᠰᠢᠭᠤ ᠰᠢᠶᠠᠨ ᠤ 225 ᠴᠢᠭᠢᠭ ᠤᠨ ᠪᠠᠶᠢᠳᠠᠯ ᠢ ᠬᠢᠨᠠᠨ ᠬᠡᠮᠵᠢᠬᠦ ᠪᠠᠶᠢᠷᠢ | ᠲᠤᠭᠲᠠᠭᠠᠬᠤ ᠴᠢᠭ᠋ ᠤᠨ ᠬᠢᠨᠠᠨ ᠬᠡᠮᠵᠢᠭᠰᠡᠨ ᠦᠷ᠎ᠡ ᠳ᠋ᠦᠩ ᠠᠴᠠ ᠦᠵᠡᠪᠡᠯ᠄ ᠪᠦᠬᠦ ᠣᠷᠣᠨ ᠤ 1 ᠳ᠋ᠦᠩᠰᠢᠭᠤᠷ | ᠭᠠᠷᠤᠶ ᠮᠦ ᠲᠠᠷᠢᠶᠠᠨ ᠭᠠᠵᠠᠷ ᠤᠨ ᠳᠣᠲᠣᠷ᠎ᠠ᠂ ᠬᠥᠷᠥᠰᠥ ᠰᠢᠷᠣᠶ ᠶᠢᠨ ᠴᠢᠬᠢᠭ ᠳᠡᠩᠳᠡᠭᠦᠦ ᠶᠡᠭᠡ ᠲᠠᠯᠠᠪᠠᠶ ᠨᠢ ᠪᠠᠷᠤᠭ | 4% ᠪᠠᠶᠢᠵᠤ᠂ ᠭᠤᠣᠯᠳᠠᠭᠤ ᠪᠠᠶᠠᠨᠨᠠᠭᠤᠷ ᠬᠤᠲᠠ ᠶᠢᠨ ᠬᠡᠰᠡᠭ ᠭᠠᠵᠠᠷ ᠤᠷᠤᠨ ᠳᠤ ᠲᠦᠪᠯᠡᠷᠡᠵᠦ ᠪᠠᠶᠢᠨ᠎ᠠ︔ | ᠬᠥᠷᠥᠰᠥᠨ ᠤ ᠴᠢᠭᠢᠭ ᠤᠨ ᠲᠣᠬᠢᠷᠠᠮᠵᠢᠲᠠᠶ ᠲᠠᠯᠠᠪᠠᠶ ᠨᠢ ᠪᠠᠷᠤᠭ 68% ᠪᠠᠶᠢᠨ᠎ᠠ︔ ᠬᠥᠷᠥᠰᠥᠨ ᠤ ᠴᠢᠭᠢᠭ | ᠬᠦᠷᠦᠯᠴᠡᠬᠦ ᠦᠭᠡᠢ ᠪᠠᠶᠢᠬᠤ ᠲᠠᠯᠠᠪᠠᠶ ᠨᠢ ᠪᠠᠷᠤᠭ 28% ᠪᠠᠶᠢᠨ᠎ᠠ︔ ᠨᠢᠳᠤᠨᠤᠨ ᠤ ᠠᠳᠠᠯᠢ ᠬᠤᠭᠤᠴᠠᠭ᠎ᠠ ᠲᠠᠢ | ᠠᠳᠠᠯᠢᠳᠬᠠᠪᠠᠯ ᠴᠢᠭᠢᠭ ᠤᠨ ᠪᠠᠶᠢᠳᠠᠯ ᠨᠢ ᠬᠦᠷᠦᠯᠴᠡᠬᠦ ᠦᠭᠡᠢ ᠲᠠᠯᠠᠪᠠᠶ ᠪᠠᠷᠤᠭ 11 ᠵᠠᠭᠤᠨ ᠤ ᠴᠡᠭ ᠨᠡᠮᠡᠭᠳᠡᠵᠦ᠂ | ᠴᠢᠭᠢᠭ ᠨᠢ ᠲᠣᠬᠢᠷᠠᠮᠵᠢᠲᠠᠶ ᠲᠠᠯᠠᠪᠠᠶ ᠪᠠᠷᠤᠭ 11 ᠵᠠᠭᠤᠨ ᠤ ᠴᠡᠭ ᠪᠠᠭᠠᠰᠪᠠ᠃ | ᠴᠠᠭ ᠠᠭᠤᠷ ᠤᠨ ᠵᠢᠱᠢᠯᠲᠡ ᠪᠠᠷ᠂ ᠤᠶᠢᠷ᠎ᠠ ᠶᠢᠨ ᠬᠤᠭᠤᠴᠠᠭᠠᠨ ᠳᠤ ᠮᠠᠨ ᠤ ᠣᠷᠣᠨ ᠤ ᠵᠡᠭᠦᠨ ᠬᠡᠰᠡᠭ ᠤᠨ | ᠭᠠᠵᠠᠷ ᠣᠷᠣᠨ ᠤ ᠠᠭᠠᠷ ᠤᠨ ᠳᠤᠯᠠᠭᠠᠨ ᠨᠡᠯᠢᠶᠡᠳ ᠶᠡᠭᠡ ᠬᠡᠯᠪᠡᠯᠵᠡᠵᠦ᠂ ᠪᠥᠬᠦ ᠣᠷᠣᠨ ᠤ ᠶᠡᠬᠡᠩᠬᠢ ᠭᠠᠵᠠᠷ ᠲᠤ | ᠠᠳᠠᠯᠢ ᠪᠤᠰᠤ ᠬᠡᠮᠵᠢᠶᠡᠨ ᠤ ᠪᠤᠷᠤᠭ᠎ᠠ ᠤᠷᠤᠨ᠎ᠠ᠃ ᠡᠮᠦᠨᠡᠬᠢ ᠬᠤᠭᠤᠴᠠᠭᠠᠨ ᠳᠤ ᠪᠥᠬᠦ ᠣᠷᠣᠨ ᠤ ᠶᠡᠬᠡᠩᠬᠢ | ᠭᠠᠵᠠᠷ ᠲᠤ ᠬᠡᠳᠦᠶᠢᠪᠡᠷ ᠪᠤᠷᠤᠭ᠎ᠠ ᠤᠷᠤᠵᠤ᠂ ᠵᠣᠬᠢᠬᠤ ᠴᠠᠭ ᠬᠤᠭᠤᠴᠠᠭᠠᠨ ᠳᠣᠲᠣᠷ᠎ᠠ ᠬᠠᠪᠤᠷ ᠤᠨ ᠲᠠᠷᠢᠶᠠᠯᠠᠭ᠎ᠠ | ᠦᠢᠯᠡᠳᠪᠦᠷᠢᠯᠡᠯ ᠳᠤ ᠢᠳᠡᠪᠬᠢᠲᠡᠶ ᠨᠥᠯᠥᠭᠡ ᠦᠵᠡᠭᠦᠯᠦᠭᠰᠡᠨ ᠪᠤᠯᠪᠠᠴᠤ᠂ ᠤᠶᠢᠷ᠎ᠠ ᠶᠢᠨ ᠬᠤᠭᠤᠴᠠᠭᠠᠨ ᠳᠤ | ᠠᠭᠠᠷ ᠤᠨ ᠳᠤᠯᠠᠭᠠᠨ ᠨᠡᠯᠢᠶᠡᠳ ᠲᠦᠷᠭᠡᠨ ᠳᠡᠭᠡᠭᠰᠢᠯᠡᠵᠦ᠂ ᠤᠯᠠᠨᠲᠠ ᠶᠡᠭᠡ ᠰᠠᠯᠬᠢ ᠭᠠᠷᠴᠤ᠂ ᠬᠥᠷᠥᠰᠥᠨ | ᠭᠠᠳᠠᠷᠭᠤ ᠶᠢᠨ ᠣᠰᠣᠨ ᠤ ᠠᠭᠤᠷᠰᠢᠯᠲᠠ ᠶᠢ ᠲᠦᠷᠭᠡᠳᠬᠡᠨ᠎ᠡ︔ ᠵᠢᠱᠢᠯᠲᠡ ᠪᠠᠷ ᠵᠡᠭᠦᠨ ᠪᠡᠶ᠎ᠡ ᠶᠢᠨ ᠡᠮᠦᠨᠡᠭᠦᠷ ᠪᠣᠯᠤᠨ | ᠳᠤᠮᠳᠠ ᠪᠠᠷᠠᠭᠤᠨ ᠬᠡᠰᠡᠭ ᠤᠨ ᠬᠡᠰᠡᠭ ᠭᠠᠵᠠᠷ ᠣᠷᠣᠨ ᠤ ᠴᠢᠭᠢᠭ ᠨᠢ ᠮᠠᠭᠤᠳᠠᠵᠤ᠂ ᠬᠠᠪᠤᠷ ᠤᠨ ᠲᠠᠷᠢᠶᠠᠯᠠᠭ᠎ᠠ ᠶᠢᠨ | ᠰᠡᠭᠦᠯᠴᠢ ᠪᠠᠷ ᠭᠠᠩᠳᠠᠬᠤ ᠲᠣᠬᠢᠶᠠᠯᠳᠤᠮᠵᠢ ᠨᠡᠯᠢᠶᠡᠳ ᠶᠡᠭᠡ ᠪᠠᠶᠢᠵᠤ᠂ ᠪᠤᠰᠤᠳ ᠭᠠᠵᠠᠷ ᠣᠷᠣᠨ ᠤ ᠴᠢᠭᠢᠭ ᠨᠢ | ᠲᠣᠬᠢᠷᠠᠮᠵᠢᠲᠠᠶ ᠪᠠᠶᠢᠨ᠎ᠠ᠃ ᠬᠠᠪᠤᠷ ᠤᠨ ᠲᠠᠷᠢᠶᠠᠯᠠᠭ᠎ᠠ ᠶᠢᠨ ᠰᠡᠭᠦᠯᠴᠢ ᠶᠢᠨ ᠦᠶ᠎ᠡ ᠶᠢᠨ ᠦᠢᠯᠡᠳᠪᠦᠷᠢᠯᠡᠯ ᠤᠨ ᠪᠠᠶᠢᠳᠠᠯ | ᠲᠡᠶᠢᠮᠦ ᠰᠠᠶᠢᠢᠨ ᠪᠢᠰᠢ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠰᠠᠨᠠᠭᠤᠯᠬᠤ ᠨᠢ ᠡᠯ᠎ᠡ | ᠭᠠᠵᠠᠷ ᠤᠨ ᠬᠢᠨ ᠴᠠᠭ ᠠᠭᠤᠷ ᠪᠠ ᠴᠢᠭᠢᠭ ᠤᠨ ᠬᠤᠪᠢᠷᠠᠯᠲᠠ ᠶᠢᠨ ᠪᠠᠶᠢᠳᠠᠯ ᠢ ᠨᠢᠭᠲᠠ ᠠᠩᠬᠠᠷᠴᠤ᠂ ᠪᠣᠳᠠᠲᠠᠶ | ᠪᠠᠶᠢᠳᠠᠯ ᠳᠠᠭᠠᠨ ᠲᠤᠬᠢᠷᠠᠭᠤᠯᠵᠤ᠂ ᠲᠠᠷᠢᠬᠤ ᠠᠵᠢᠯ ᠢ ᠰᠠᠶᠢᠲᠤᠷ ᠬᠢᠵᠦ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ | ᠬᠠᠪᠤᠷ ᠤᠨ ᠲᠠᠷᠢᠶᠠᠯᠠᠭ᠎ᠠ ᠶᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠠᠪᠤᠷ ᠤᠨ | ᠪᠣᠷᠣᠭᠠᠨ ᠳᠤᠰᠤ ᠭᠡᠳᠡᠭ᠂ ᠤᠶᠢᠷ᠎ᠠ ᠶᠢᠨ ᠬᠤᠭᠤᠴᠠᠭᠠᠨ ᠳᠤ ᠪᠦᠬᠦ ᠣᠷᠣᠨ ᠤ ᠬᠡᠰᠡᠭ ᠭᠠᠵᠠᠷ ᠣᠷᠣᠨ ᠳᠤ ᠨᠡᠶᠢᠳᠡᠮ | ᠪᠣᠷᠤᠭ᠎ᠠ ᠣᠷᠣᠵᠤ᠂ ᠬᠠᠭᠤᠷᠠᠢ ᠶᠢᠨ ᠲᠠᠷᠢᠶᠠᠯᠠᠭ᠎ᠠ ᠳᠤ ᠲᠦᠢᠯ ᠤᠨ ᠠᠰᠢᠭᠲᠠᠶ ᠲᠤᠯᠠ᠂ ᠲᠠᠷᠢᠶᠠᠴᠢᠳ ᠴᠢᠭᠢᠭ ᠢ | ᠵᠠᠪᠳᠤᠨ ᠲᠠᠷᠢᠬᠤ ᠬᠡᠷᠡᠭᠲᠡᠶ᠃ ᠨᠢᠭᠡ ᠳᠤ ᠡᠷᠳᠡᠨᠢ ᠰᠢᠰᠢ ᠲᠠᠷᠢᠬᠤ ᠲᠠᠷᠢᠶᠠᠴᠢᠨ ᠡᠷᠦᠬᠡ ᠲᠠᠷᠢᠶᠠᠨ ᠭᠠᠵᠠᠷ ᠤᠨ | ᠴᠢᠭᠢᠭ ᠤᠨ ᠪᠠᠶᠢᠳᠠᠯ ᠲᠠᠢ ᠪᠠᠨ ᠤᠶᠠᠯᠳᠤᠭᠤᠯᠤᠨ᠂ ᠴᠢᠭᠢᠭ ᠤᠨ ᠪᠠᠶᠢᠳᠠᠯ ᠳᠤ ᠲᠤᠬᠢᠷᠠᠭᠤᠯᠤᠨ ᠲᠠᠷᠢᠵᠤ᠂ ᠴᠢᠭᠢᠭ | ᠠᠭᠤᠷᠰᠢᠬᠤ ᠶᠢ ᠪᠠᠭᠠᠰᠬᠠᠬᠤ ᠶᠢᠨ ᠲᠤᠰᠠᠳᠠ᠂ ᠰᠢᠭᠤᠳ ᠰᠤᠪᠠᠭ ᠮᠠᠯᠲᠠᠨ ᠲᠠᠷᠢᠵᠤ᠂ ᠨᠥᠬᠦᠴᠡᠯ ᠪᠦᠬᠦᠢ ᠭᠠᠵᠠᠷ | ᠣᠷᠣᠨ ᠪᠦᠷᠬᠦᠭᠦᠯ ᠤᠨ ᠳᠣᠣᠷ᠎ᠠ ᠤᠰᠤᠯᠠᠬᠤ ᠤᠰᠤ ᠪᠤᠷᠳᠦᠭᠤᠷ ᠢ ᠨᠢᠭᠡ ᠴᠤᠭᠴᠠᠵᠢᠭᠤᠯᠬᠤ ᠵᠡᠷᠭᠡ ᠡᠷᠳᠡᠨᠢ ᠰᠢᠰᠢ | ᠲᠠᠷᠢᠵᠤ ᠤᠷᠭᠤᠭᠤᠯᠬᠤ ᠰᠢᠨ᠎ᠡ ᠮᠡᠷᠭᠡᠵᠢᠯ ᠢ ᠢᠳᠡᠪᠬᠢᠲᠡᠢ ᠬᠡᠷᠡᠭᠯᠡᠬᠦ ᠬᠡᠷᠡᠭᠲᠡᠢ︔ ᠬᠤᠶᠠᠷ ᠲᠤ ᠵᠦᠢ ᠵᠣᠬᠢᠰᠲᠠᠶ ᠪᠠᠷ | ᠪᠤᠷᠳᠤᠭᠤᠷ ᠤᠷᠤᠭᠤᠯᠵᠤ᠂ ᠹᠣᠰᠹᠣᠷ ᠪᠤᠷᠳᠤᠭᠤᠷ ᠪᠠ ᠺᠠᠯᠢ ᠪᠤᠷᠳᠤᠭᠤᠷ ᠢ ᠡᠷᠳᠡᠨᠢ ᠰᠢᠰᠢ ᠲᠠᠷᠢᠵᠤ ᠪᠦᠷᠬᠦᠭᠦᠯ | ᠳᠡᠪᠢᠰᠬᠦ ᠦᠶᠡᠰ ᠪᠦᠬᠦᠨ ᠢ ᠭᠦᠨ ᠤᠷᠤᠭᠤᠯᠵᠤ᠂ ᠠᠽᠣᠲ ᠤᠨ ᠪᠤᠷᠳᠤᠭᠤᠷ ᠢ ᠤᠳᠠᠭ᠎ᠠ ᠬᠤᠪᠢᠶᠠᠨ ᠤᠷᠤᠭᠤᠯᠬᠤ | ᠬᠡᠷᠡᠭᠲᠡᠢ︔ ᠭᠤᠷᠪᠠ ᠳᠤ ᠲᠥᠮᠥᠰᠥ᠂ ᠰᠢᠷ᠎ᠠ ᠪᠤᠷᠴᠠᠭ᠂ ᠨᠡᠷᠡᠨ ᠬᠤᠸᠠᠷ᠂ ᠪᠦᠳᠦᠭᠦᠯᠢᠭ ᠠᠮᠤ ᠡᠯᠳᠡᠪ ᠵᠦᠢᠯ ᠤᠨ | ᠪᠤᠷᠴᠠᠭ ᠲᠠᠷᠢᠬᠤ ᠵᠢᠴᠢ ᠡᠪᠡᠰᠦ ᠲᠠᠷᠢᠬᠤ ᠭᠠᠵᠠᠷ ᠣᠷᠣᠨ ᠲᠠᠷᠢᠬᠤ ᠲᠥᠯᠥᠪᠯᠡᠭᠡ ᠵᠢᠴᠢ ᠬᠥᠷᠥᠰᠥ ᠰᠢᠷᠣᠶ ᠶᠢᠨ | ᠴᠢᠭᠢᠭ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠡᠭᠦᠨ ᠤ ᠬᠠᠮᠲᠤ᠂ ᠴᠢᠬᠤᠯᠠ ᠵᠠᠩᠭᠢᠯᠠᠭ᠎ᠠ ᠶᠢᠨ | ᠴᠢᠭ᠋ ᠲᠤ ᠪᠤᠭᠤᠳᠠᠢ ᠶᠢᠨ ᠲᠠᠷᠢᠶᠠᠨ ᠤ ᠬᠠᠮᠢᠶᠠᠷᠤᠯᠲᠠ ᠶᠢ ᠰᠠᠶᠢᠲᠤᠷ ᠠᠳᠬᠤᠬᠤ ᠬᠡᠷᠡᠭᠲᠡᠢ︔ ᠭᠤᠣᠯᠳᠠᠯᠭ᠎ᠠ ᠲᠠᠢ | ᠣᠷᠣᠨ ᠪᠦᠰᠡ ᠭᠠᠩ ᠬᠠᠭᠰᠠᠷᠠᠭᠠᠨ ᠲᠠᠢ ᠲᠡᠮᠡᠴᠡᠵᠦ ᠴᠢᠬᠢᠭ ᠢ ᠬᠠᠮᠠᠭᠠᠯᠠᠬᠤ ᠮᠡᠷᠭᠡᠵᠢᠯ ᠢ ᠰᠠᠶᠢᠲᠤᠷ ᠬᠡᠷᠡᠭᠯᠡᠬᠦ | ᠬᠡᠷᠡᠭᠲᠡᠢ᠃ |