ᠮᠠᠨ ᠤ ᠣᠷᠣᠨ ᠭᠡᠷᠡᠯ ᠢᠶᠠᠷ ᠴᠠᠬᠢᠯᠭᠠᠨ ᠭᠠᠷᠭᠠᠵᠤ ᠬᠡᠷᠡᠭᠯᠡᠬᠦ ᠶᠢᠨ ᠳᠠᠭᠠᠭᠤᠯᠤᠭᠴᠢ ᠵᠢᠱᠢᠶ᠎ᠡ ᠦᠵᠡᠭᠦᠯᠬᠦ ᠠᠩᠬᠠᠳᠠᠭᠴᠢ ᠰᠠᠭᠤᠷᠢᠨ ᠭᠠᠵᠠᠷ ᠤᠨ ᠳᠦᠷᠦᠯ ᠵᠦᠢᠯ ᠢ ᠡᠬᠢᠯᠡᠨ ᠪᠦᠳᠦᠭᠡᠨ ᠪᠠᠶᠢᠭᠤᠯᠪᠠ
ᠨᠡᠶᠢᠲᠡᠯᠡᠭᠰᠡᠨ ᠴᠠᠭ᠄
2018/5/30
     5 ᠳ᠋ᠤᠭᠠᠷ ᠰᠠᠷ᠎ᠠ ᠶᠢᠨ 29᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠭᠡᠷᠡᠯ ᠢᠶᠠᠷ ᠴᠠᠬᠢᠯᠭᠠᠨ ᠭᠠᠷᠭᠠᠵᠤ ᠬᠡᠷᠡᠭᠯᠡᠬᠦ ᠶᠢᠨ ᠳᠠᠭᠠᠭᠤᠯᠤᠭᠴᠢ ᠵᠢᠱᠢᠶ᠎ᠡ ᠦᠵᠡᠭᠦᠯᠬᠦ ᠠᠩᠬᠠᠳᠠᠭᠴᠢ ᠰᠠᠭᠤᠷᠢᠨ ᠭᠠᠵᠠᠷ ᠤᠨ ᠲᠥᠷᠥᠯ ᠵᠦᠢᠯ ᠢ ᠳᠠᠯᠠᠳ ᠬᠤᠰᠢᠭᠤ ᠳᠤ ᠪᠠᠶᠢᠭᠤᠯᠵᠤ ᠡᠬᠢᠯᠡᠪᠡ᠃      ᠲᠡᠯᠡᠦᠠ ᠭᠡᠷᠡᠯ ᠢᠶᠠᠷ ᠴᠠᠬᠢᠯᠭᠠᠨ ᠭᠠᠷᠭᠠᠵᠤ ᠬᠡᠷᠡᠭᠯᠡᠬᠦ ᠶᠢᠨ ᠳᠠᠭᠠᠭᠤᠯᠤᠭᠴᠢ ᠵᠢᠱᠢᠶ᠎ᠡ ᠦᠵᠡᠭᠦᠯᠬᠦ ᠠᠩᠬᠠᠳᠠᠭᠴᠢ ᠰᠠᠭᠤᠷᠢᠨ ᠭᠠᠵᠠᠷ ᠤᠨ ᠲᠥᠷᠥᠯ ᠵᠦᠢᠯ ᠤᠨ ᠲᠦᠯᠦᠪᠵᠢᠭᠦᠯᠦᠭᠰᠡᠨ ᠪᠠᠭᠲᠠᠭᠠᠮᠵᠢ ᠨᠢ 200 ᠲᠦᠮᠡᠨ ᠺᠢᠯᠣᠸᠠᠲ᠂ ᠲᠦᠷᠦᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 150 ᠳ᠋ᠦᠩᠰᠢᠭᠤᠷ ᠲᠥᠭᠦᠷᠢᠭ ᠪᠣᠯᠤᠨ᠎ᠠ᠃ ᠨᠢᠭᠡᠳᠦᠭᠡᠷ ᠬᠤᠭᠤᠴᠠᠭᠠᠨ ᠤ ᠲᠦᠯᠦᠪᠵᠢᠭᠦᠯᠦᠭᠰᠡᠨ ᠪᠠᠭᠲᠠᠭᠠᠮᠵᠢ ᠨᠢ 50 ᠲᠦᠮᠡᠨ ᠺᠢᠯᠣᠸᠠᠲ᠂ ᠪᠡᠯᠡ ᠣᠷᠣᠭᠤᠯᠤᠯᠲᠠ ᠨᠢ 37.5 ᠳ᠋ᠦᠩᠰᠢᠭᠤᠷ ᠲᠥᠭᠦᠷᠢᠭ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 8 ᠳ᠋ᠦᠩᠰᠢᠭᠤᠷ ᠭᠧᠷᠠᠳᠦ᠋ᠰ ᠪᠣᠯᠤᠨ᠎ᠠ᠃ ᠭᠤᠣᠯᠳᠠᠭᠤ ︽ᠭᠡᠷᠡᠯ ᠸᠣᠯᠲ + ᠡᠯᠡᠰᠦ ᠶᠢ ᠵᠠᠰᠠᠬᠤ + ᠲᠠᠷᠢᠶᠠᠯᠠᠩ ᠤᠢ ᠰᠢᠭᠤᠶ + ᠵᠢᠭᠤᠯᠴᠢᠯᠠᠯ︾᠎ ᠤᠨ ᠵᠠᠭᠪᠤᠷ ᠢᠶᠠᠷ ᠳᠠᠮᠵᠢᠭᠤᠯᠤᠨ᠂ ᠡᠯᠡᠰᠦᠨ ᠴᠥᠯ ᠤᠨ ᠠᠮᠢ ᠠᠬᠤᠢ ᠶᠢ ᠵᠠᠰᠠᠬᠤ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠭᠠᠷᠭᠠᠬᠤ ᠠᠵᠤ ᠦᠢᠯᠡᠰ᠂ ᠡᠯᠡᠰᠦᠨ ᠴᠦᠯ ᠤᠨ ᠲᠠᠷᠢᠶᠠᠯᠠᠩ ᠤᠢ ᠰᠢᠭᠤᠶ ᠶᠢᠨ ᠠᠵᠤ ᠦᠢᠯᠡᠰ᠂ ᠡᠯᠡᠰᠦᠨ ᠴᠦᠯ ᠤᠨ ᠤᠨᠴᠠᠯᠢᠬᠳᠦ ᠵᠢᠭᠤᠯᠴᠢᠯᠠᠯ ᠵᠡᠷᠭᠡ ᠣᠯᠠᠨ ᠠᠵᠤ ᠦᠢᠯᠡᠰ ᠢ ᠡᠮᠬᠢᠯᠡᠨ ᠨᠡᠶᠢᠯᠡᠭᠦᠯᠵᠦ ᠬᠦᠭᠵᠢᠭᠦᠯᠬᠦ ᠶᠢ ᠲᠦᠯᠬᠢᠨ ᠠᠬᠢᠭᠤᠯᠵᠤ᠂ ᠭᠠᠵᠠᠷ ᠣᠷᠣᠨ ᠤ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠪᠡᠶᠡᠯᠡᠭᠦᠯᠬᠦ ᠪᠤᠯᠤᠨ᠎ᠠ᠃      ᠲᠡᠯᠡᠦᠠ ᠭᠡᠷᠡᠯ ᠢᠶᠠᠷ ᠴᠠᠬᠢᠯᠭᠠᠨ ᠭᠠᠷᠭᠠᠵᠤ ᠬᠡᠷᠡᠭᠯᠡᠬᠦ ᠶᠢᠨ ᠳᠠᠭᠠᠭᠤᠯᠤᠭᠴᠢ ᠵᠢᠱᠢᠶ᠎ᠡ ᠦᠵᠡᠭᠦᠯᠬᠦ ᠠᠩᠬᠠᠳᠤᠭᠴᠢ ᠰᠠᠭᠤᠷᠢᠨ ᠭᠠᠵᠠᠷ ᠤᠨ ᠲᠦᠷᠦᠯ ᠵᠦᠢᠯ ᠢ ᠪᠣᠯ ᠤᠯᠤᠰ ᠤᠨ ᠡᠨᠧᠷᠭᠢ ᠶᠢᠨ ᠲᠣᠪᠴᠢᠶ᠎ᠠ ᠠᠴᠠ ᠲᠣᠭᠲᠠᠭᠠᠭᠰᠠᠨ ᠥᠪᠥᠷ ᠮᠣᠩᠭᠤᠯ ᠤᠨ ᠴᠣᠷ ᠤᠨ ᠭᠠᠭᠴᠠ ᠭᠡᠷᠡᠯ ᠢᠶᠠᠷ ᠴᠠᠬᠢᠯᠭᠠᠨ ᠭᠠᠷᠭᠠᠵᠤ ᠬᠡᠷᠡᠭᠯᠡᠬᠦ ᠶᠢᠨ ᠳᠠᠭᠠᠭᠤᠯᠤᠭᠴᠢ ᠵᠢᠱᠢᠶ᠎ᠡ ᠦᠵᠡᠭᠦᠯᠬᠦ ᠠᠩᠬᠠᠳᠤᠭᠴᠢ ᠰᠠᠭᠤᠷᠢᠨ ᠭᠠᠵᠠᠷ ᠪᠤᠯᠤᠨ᠎ᠠ᠃ ᠬᠥᠪᠴᠢ ᠡᠯᠡᠰᠦᠨ ᠴᠦᠯ ᠤᠢ ᠰᠢᠭᠤᠶ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠵᠦᠩ ᠵᠢᠶᠧ ᠨᠧᠩ ᠨᠡᠷᠡᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠵᠦᠩ ᠭᠤᠸᠠᠩ ᠾᠧ ᠨᠠᠷᠠᠨ ᠡᠨᠧᠷᠬᠢ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ ᠬᠠᠮᠲᠤ ᠪᠠᠷ ᠪᠡᠯᠡ ᠣᠷᠣᠭᠤᠯᠵᠤ ᠪᠠᠶᠢᠭᠤᠯᠵᠤ ᠪᠠᠶᠢᠭ᠎ᠠ ᠶᠤᠮ᠃ ᠰᠠᠭᠤᠷᠢᠨ ᠭᠠᠵᠠᠷ ᠤᠨ ᠶᠡᠷᠦᠩᠬᠡᠶ ᠲᠡᠯᠡᠪᠡᠢ ᠨᠢ 10 ᠲᠦᠮᠡᠨ ᠮᠦ᠂ ᠣᠳᠣ ᠨᠢᠭᠡᠨᠲᠡ ᠲᠡᠭᠰᠢᠯᠡᠭᠰᠡᠨ ᠲᠠᠯᠠᠪᠠᠢ ᠨᠢ 2.6 ᠲᠦᠮᠡᠨ ᠮᠥ ᠪᠠᠶᠢᠵᠤ᠂ ᠨᠡᠶᠢᠲᠡ 2.6 ᠳ᠋ᠦᠩᠰᠢᠭᠤᠷ ᠲᠥᠭᠦᠷᠢᠭ ᠪᠡᠯᠡ ᠤᠷᠤᠭᠤᠯᠪᠠ᠂ ︽ᠭᠤᠷᠪᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾ ᠵᠡᠷᠭᠡ ᠡᠮᠦᠨᠡᠬᠢ ᠬᠤᠭᠤᠴᠠᠭᠠᠨ ᠤ ᠠᠵᠢᠯ ᠣᠳᠣ ᠶᠠᠭ ᠠᠬᠢᠴᠠ ᠶᠢᠨ ᠳᠤᠮᠳᠠ ᠪᠠᠶᠢᠵᠤ᠂ ᠰᠠᠭᠤᠷᠢᠨ ᠭᠠᠵᠠᠷ ᠤᠨ ᠭᠡᠷᠡᠯ ᠸᠣᠯᠲ ᠤᠨ ᠲᠥᠷᠥᠯ ᠵᠦᠢᠯ ᠤᠨ ᠰᠠᠭᠤᠷᠢᠰᠢᠵᠤ ᠪᠦᠳᠦᠭᠡᠨ ᠪᠠᠶᠢᠭᠤᠯᠤᠯᠲᠠ ᠬᠢᠬᠦ ᠨᠦᠭᠦᠴᠡᠯ ᠢ ᠨᠢᠭᠡᠨᠲᠡ ᠪᠦᠷᠢᠯᠳᠦᠭᠦᠯᠪᠡ᠃      ᠣᠷᠳᠣᠰ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ᠂ ᠪᠣᠬᠢᠷᠲᠤᠯ ᠦᠭᠡᠢ ᠬᠥᠭᠵᠢᠯᠲᠡ᠂ ᠴᠡᠪᠡᠷ ᠬᠦᠭᠵᠢᠯᠲᠡ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠪᠠᠰᠠ ᠨᠢᠭᠡᠨ ᠴᠢᠬᠤᠯᠠ ᠶᠡᠭᠡ ᠲᠦᠷᠦᠯ ᠵᠦᠢᠯ ᠪᠤᠯᠤᠭᠰᠠᠨ ᠤ ᠬᠤᠪᠢ ᠳᠤ᠂ ᠲᠤᠰ ᠲᠦᠷᠦᠯ ᠵᠦᠢᠯ ᠢ ᠡᠨᠡ ᠵᠢᠯ ᠤᠨ ᠡᠴᠦᠰ ᠢᠶᠠᠷ ᠪᠠᠶᠢᠭᠤᠯᠵᠤ ᠳᠠᠭᠤᠰᠬᠠᠬᠤ ᠪᠠᠷ ᠵᠢᠱᠢᠵᠦ ᠪᠠᠶᠢᠬᠤ ᠪᠦᠭᠡᠳ 10 ᠲᠦᠮᠡᠨ ᠮᠥ ᠡᠯᠡᠰᠦᠷᠬᠡᠭᠵᠢᠭᠰᠡᠨ ᠭᠠᠵᠠᠷ ᠰᠢᠷᠣᠶ ᠶᠢ ᠪᠦᠲᠦᠮᠵᠢᠲᠡᠶ ᠰᠡᠷᠭᠡᠶᠢᠯᠡᠨ ᠵᠠᠰᠠᠵᠤ᠂ ᠪᠠᠷᠤᠭ 20 ᠲᠦᠮᠡᠨ ᠮᠦ ᠭᠠᠵᠠᠷ ᠲᠠᠯᠠᠪᠠᠢ ᠶᠢᠨ ᠰᠠᠯᠬᠢ ᠶᠢ ᠬᠠᠯᠬᠠᠯᠠᠵᠤ ᠡᠯᠡᠰᠦ ᠶᠢ ᠲᠤᠭᠲᠠᠪᠤᠷᠢᠵᠢᠭᠤᠯᠵᠤ᠂ ᠠᠮᠢ ᠠᠬᠤᠢ ᠶᠢ ᠰᠠᠶᠢᠵᠢᠷᠠᠭᠤᠯᠵᠤ᠂ ᠲᠤᠬᠠᠶ ᠶᠢᠨ ᠭᠠᠵᠠᠷ ᠤᠨ ᠣᠶ ᠰᠢᠭᠤᠶ ᠶᠢᠨ ᠪᠦᠷᠬᠦᠴᠡ ᠶᠢᠨ ᠨᠤᠷᠮ᠎ᠠ ᠶᠢ 0.6 ᠵᠠᠭᠤᠨ ᠤ ᠴᠡᠭ ᠳᠡᠭᠡᠭᠰᠢᠯᠡᠭᠦᠯᠬᠦ ᠪᠦᠭᠡᠳ ᠡᠭᠦᠨ ᠤ ᠬᠠᠮᠲᠤ ᠵᠢᠯ ᠳᠤ 3 ᠳ᠋ᠦᠩᠰᠢᠭᠤᠷ ᠲᠥᠭᠦᠷᠢᠭ ᠭᠠᠶᠢᠯᠢ ᠲᠠᠲᠠᠪᠤᠷᠢ ᠶᠢ ᠪᠡᠶᠡᠯᠡᠭᠦᠯᠵᠦ᠂ 1500 ᠡᠷᠦᠬᠡ ᠮᠠᠯᠴᠢᠨ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ 2000 ᠭᠠᠷᠤᠶ ᠬᠦᠮᠦᠨ ᠳᠤ ᠠᠵᠢᠯ ᠤᠯᠭᠤᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号