5 ᠳ᠋ᠤᠭᠠᠷ ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶ᠎ᠠ ᠶᠢᠨ ᠲᠠᠪᠤᠳᠤᠭᠠᠷ ᠬᠤᠷᠠᠯ ᠬᠦᠬᠡᠬᠤᠳᠠ ᠳᠤ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠠ᠃ | ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠦᠷᠢᠯᠳᠦᠭᠦᠨ ᠤᠳᠤ 60 ᠬᠦᠮᠦᠨ ᠪᠤᠢ᠃ ᠡᠨᠡ ᠤᠳᠠᠭ᠎ᠠ ᠶᠢᠨ | ᠪᠦᠭᠦᠳᠡ ᠬᠤᠷᠠᠯ ᠳᠤ 53 ᠬᠦᠮᠤᠨ ᠤᠷᠤᠯᠴᠠᠵᠦ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ | ᠨᠡᠶᠢᠴᠡᠪᠡ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶ᠎ᠠ ᠶᠢᠨ ᠪᠠᠶᠢᠡᠭᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠢ | ᠡᠷᠬᠢᠯᠡᠵᠦ᠂ ᠲᠡᠳ᠋ ᠡᠷᠬᠢᠯᠡᠭᠴᠢ ᠡᠤ ᠲᠤᠸᠠᠨ ᠶᠢᠩ᠂ ᠯᠢ ᠷᠦᠡᠭ ᠰᠢ᠂ ᠯᠢᠶᠠᠨ ᠰᠤ᠋᠂ ᠾᠧ ᠶᠠᠨ ᠯᠢᠩ᠂ ᠨᠠᠷᠢᠨ | ᠪᠢᠴᠢᠭ ᠤᠨ ᠲᠠᠷᠤᠭ᠎ᠠ ᠱᠢ ᠸᠧᠨ ᠰᠢᠤᠸᠠᠢ ᠵᠢᠴᠢ ᠪᠠᠶᠢᠡᠭᠭᠤ ᠶᠢᠨ ᠭᠡᠰᠢᠭᠦᠳ ᠬᠤᠷᠠᠯ ᠳᠤ ᠤᠷᠤᠯᠴᠠᠵᠠᠢ᠃ | ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠡᠸᠤ ᠶᠠᠩ ᠰᠢᠶᠤᠤ ᠬᠤᠢ᠂ ᠦᠪᠡᠷᠳᠡᠭᠡᠨ ᠵᠠᠰᠠᠬᠤ ᠤᠷᠤᠨ ᠤ | ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶ᠎ᠠ ᠶᠢᠨ ᠲᠠᠷᠤᠭ᠎ᠠ ᠶᠠᠩ ᠽᠦᠡᠭ ᠷᠧᠨ᠂ ᠦᠪᠡᠷᠳᠡᠭᠡᠨ ᠵᠠᠰᠠᠬᠤ | ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠯᠢ ᠴᠢ ᠯᠢᠨ ᠬᠤᠷᠠᠯ ᠳᠤ ᠰᠤᠯᠠ | ᠤᠷᠤᠯᠴᠠᠵᠠᠢ᠃ | ᠬᠤᠷᠠᠯ ᠤᠨ ᠵᠦᠪᠯᠡᠭᠦ ᠵᠦᠢᠯᠡᠰ ᠢ ᠪᠠᠳᠤᠯᠠᠬᠰᠠᠨ ᠤ ᠲᠠᠷᠠᠭ᠎ᠠ᠂ ᠬᠤᠷᠠᠯ ᠠᠴᠠ ᠦᠪᠡᠷᠳᠡᠭᠡᠨ ᠵᠠᠰᠠᠬᠤ ᠤᠷᠤᠨ | ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠦᠪᠯᠡᠯ ᠤᠨ ᠲᠡᠳ᠋ ᠡᠷᠬᠢᠯᠡᠭᠴᠢ | ᠭᠡᠰᠢᠭᠦᠨ ᠲᠤᠤ ᠵᠢᠶᠠᠨ ᠤ ᠬᠢᠭᠰᠡᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠳᠠᠯ ᠠᠬᠤᠢ ᠶᠢᠨ | ᠬᠠᠮᠢᠶᠠᠷᠤᠯᠳᠠ ᠶᠢᠨ ᠲᠦᠷᠢᠮ ︵ᠵᠠᠰᠠᠪᠤᠷᠢ ᠣᠷᠤᠭᠤᠯᠬᠤ ᠲᠦᠰᠦᠯ ᠤᠨ ᠵᠠᠰᠠᠪᠣᠷᠢ ᠣᠷᠣᠭᠤᠯᠣᠭᠰᠠᠨ ᠨᠤᠤᠷᠠᠬ︶︾ ᠢ | ᠬᠢᠨᠡᠨ ᠵᠦᠪᠯᠡᠭᠰᠡᠨ ᠦᠷ᠎ᠠ ᠳ᠋ᠥᠩ ᠤᠨ ᠲᠤᠬᠠᠢ ᠮᠡᠳᠡᠭᠦᠯᠦᠯᠳᠡ︔ ᠦᠪᠡᠷᠳᠡᠭᠡᠨ ᠵᠠᠰᠠᠬᠤ ᠤᠷᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠠᠵᠢᠯᠳᠠᠨ ᠤ ᠶᠠᠪᠤᠳᠠᠯ ᠲᠦᠯᠦᠭᠡᠯᠡᠭᠴᠢ ᠶᠢᠨ | ᠰᠤᠩᠭᠤᠭᠤᠯᠢ ᠶᠢᠨ ᠠᠵᠢᠯ ᠤᠨ ᠵᠦᠪᠯᠡᠯ ᠤᠨ ᠡᠷᠬᠢᠯᠡᠭᠴᠢ ᠭᠠᠨᠭ᠍ᠳᠡᠮᠤᠷ ᠤᠨ ᠬᠢᠭᠰᠡᠨ ︽ᠦᠪᠤᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ | ᠰᠠᠨᠠᠭᠤᠯᠭ᠎ᠠ᠂ ᠰᠢᠭᠦᠮᠵᠢᠯᠠᠯ ᠪᠠ ᠰᠠᠨᠠᠯ ᠢ ᠰᠢᠢᠳᠪᠤᠷᠢᠯᠡᠭᠦ ᠠᠷᠭ᠎ᠠ ᠳᠤ ᠵᠠᠰᠠᠪᠤᠷᠢ ᠤᠷᠤᠭᠤᠯᠤᠬᠰᠠᠨ ᠨᠤᠤᠷᠠᠬ ︵ | ᠲᠦᠰᠦᠯ︶︾ ᠤᠨ ᠲᠤᠬᠠᠢ ᠲᠤᠳᠤᠷᠬᠠᠶᠢᠯᠠᠯᠳᠠ︔ ᠥᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠠᠤᠯᠢ ᠲᠦᠷᠢᠮ ᠤᠨ ᠠᠵᠢᠯ ᠤᠨ ᠵᠦᠪᠯᠡᠯ ᠤᠨ ᠡᠷᠬᠢᠯᠡᠭᠴᠢ | ᠵᠠᠩ ᠮᠢᠨ ᠤ ᠬᠢᠭᠰᠡᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠠᠯᠵᠢᠬᠤ ᠲᠠᠷᠢᠶᠠᠯᠠᠬᠤ ᠤᠷᠤᠨ ᠤ | ᠬᠠᠮᠳᠣ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠢᠨᠠᠨ ᠪᠤᠳᠤᠬᠤ ᠲᠦᠷᠢᠮ︾ ᠵᠡᠷᠭᠡ 6 ᠤᠷᠤᠨ | ᠨᠤᠳᠤᠬ ᠤᠨ ᠴᠢᠨᠠᠷᠳᠠᠢ ᠬᠠᠤᠯᠢ ᠳᠣᠭᠳᠠᠭᠠᠯ ᠢ ᠬᠦᠴᠦᠨ ᠦᠭᠡᠢ ᠪᠤᠯᠭᠠᠬᠤ ᠪᠠᠷ ᠲᠡᠪᠰᠢᠭᠦᠯᠭᠦ ᠲᠤᠬᠠᠢ ᠰᠠᠨᠠᠯ | ᠵᠦᠪᠯᠡᠯᠭᠡ ᠶᠢᠨ ᠲᠤᠳᠤᠷᠬᠠᠶᠢᠯᠠᠯᠳᠠ︔ ᠪᠤᠭᠤᠳᠤ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠰᠢᠤᠢ ᠳ᠋ᠧ ᠯᠢᠨ ᠤ ᠬᠢᠭᠰᠡᠨ ︽ᠪᠤᠭᠤᠳᠤ ᠬᠤᠳᠠ ᠶᠢᠨ ᠠᠭᠠᠷ | ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠲᠦᠷᠢᠮ︾ ᠤᠨ ᠲᠤᠬᠠᠢ ᠲᠤᠳᠤᠷᠬᠠᠶᠢᠯᠠᠯᠳᠠ ᠶᠢ ᠰᠤᠨᠤᠰᠪᠠ᠃ | ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶ᠎ᠠ ᠶᠢᠨ ᠲᠦᠯᠦᠭᠡᠯᠡᠭᠴᠢ ᠶᠢᠨ ᠬᠢᠷᠢ ᠭᠡᠮ ᠢ ᠬᠢᠨᠠᠨ ᠪᠠᠶᠢᠴᠠᠭᠠᠬᠤ ᠵᠦᠪᠯᠡᠯ ᠤᠨ ᠲᠡᠳ᠋ | ᠡᠷᠬᠢᠯᠡᠭᠴᠢ ᠭᠡᠰᠢᠭᠦᠨ ᠭᠠᠨᠭ᠍ᠳᠡᠮᠤᠷ ᠤᠨ ᠭᠢᠭᠰᠡᠨ ︽ᠤᠨᠴᠠ ᠵᠠᠷᠢᠮ ᠲᠦᠯᠦᠭᠡᠯᠡᠭᠴᠢ ᠶᠢᠨ ᠲᠦᠯᠦᠭᠡᠯᠡᠭᠴᠢ ᠶᠢᠨ ᠭᠢᠷᠢ | ᠭᠡᠮ ᠤᠨ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠦᠯᠦᠭᠡᠯᠡᠭᠴᠢ ᠶᠢᠨ ᠭᠢᠷᠢ | ᠭᠡᠮ ᠢ ᠬᠢᠨᠠᠨ ᠪᠠᠶᠢᠴᠠᠭᠠᠬᠤ ᠵᠦᠪᠯᠡᠯ ᠤᠨ ᠮᠡᠳᠡᠭᠦᠯᠦᠯᠳᠡ ︵ᠲᠦᠰᠦᠯ︶︾ ᠶᠢ ᠰᠤᠨᠤᠰᠴᠠᠢ᠃ ᠬᠤᠷᠠᠯ ᠠᠴᠠ ᠪᠠᠰᠠ | ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠡᠸᠤ ᠶᠠᠩ ᠰᠢᠶᠤᠤ ᠬᠤᠢ ᠶᠢᠨ ᠬᠢᠭᠰᠡᠨ ᠦᠪᠡᠷᠳᠡᠭᠡᠨ | ᠵᠠᠰᠠᠬᠤ ᠤᠷᠤᠨ ᠤ ᠲᠡᠭᠡᠳᠤ ᠰᠢᠨ᠎ᠠ ᠮᠡᠷᠭᠡᠵᠢᠯ ᠤᠨ ᠠᠵᠦ ᠦᠢᠯᠡᠰ ᠤᠨ ᠬᠦᠭᠵᠢᠯᠳᠠ ᠶᠢ ᠠᠬᠢᠭᠤᠯᠤᠬᠰᠠᠨ ᠪᠠᠶᠢᠳᠠᠯ | ᠤᠨ ᠲᠤᠬᠠᠢ ᠮᠡᠳᠡᠭᠦᠯᠦᠯᠳᠡ ᠪᠤᠯᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ | ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠡᠷᠬᠢᠯᠡᠭᠴᠢ ᠹᠦ᠋ ᠶᠦᠡᠭ ᠴᠦᠨ ᠤ ᠬᠢᠭᠰᠡᠨ ᠦᠪᠡᠷᠳᠡᠭᠡᠨ ᠵᠠᠰᠠᠬᠤ | ᠤᠷᠤᠨ ᠤ ᠬᠠᠷᠢᠶᠠᠳᠤ ᠶᠢᠨ ᠶᠠᠪᠤᠳᠠᠯ ᠤᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠳᠡ ᠶᠢ ᠰᠤᠨᠤᠰᠪᠠ᠃ |