ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 10325 ᠡᠷᠦᠬᠡ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ ᠦᠨᠡᠮᠰᠢᠨ ᠲᠤᠭᠲᠠᠭᠠᠪᠠ
ᠨᠡᠶᠢᠲᠡᠯᠡᠭᠰᠡᠨ ᠴᠠᠭ᠄
2018/5/30
     ᠥᠪᠥᠷ ᠮᠣᠩᠭᠤᠯ ᠡᠨᠡ ᠵᠢᠯ ᠠᠴᠠ ᠡᠬᠢᠯᠡᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠣᠯ ᠴᠣᠭᠴᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠳᠭᠡᠪᠡ᠃ 2020 ᠣᠨ ᠪᠣᠯᠬᠤ ᠳᠤ᠂ ᠪᠦᠬᠦ ᠣᠷᠣᠨ ᠳᠤ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ 3 ᠲᠦᠮᠡᠨ ᠡᠷᠦᠭᠡ ᠠᠴᠠ ᠳᠡᠭᠡᠭᠰᠢ ᠦᠨᠡᠮᠰᠢᠨ ᠲᠤᠭᠲᠠᠭᠠᠵᠤ᠂ ᠮᠠᠯᠴᠢᠨ ᠲᠠᠷᠢᠶᠠᠴᠢᠳ ᠤᠨ ᠲᠤᠰᠬᠠᠶ ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ ᠶᠢ ᠵᠢᠯ ᠪᠦᠷᠢ 10%᠎ ᠠᠴᠠ ᠳᠡᠭᠡᠭᠰᠢ ᠨᠡᠮᠡᠭᠳᠡᠭᠦᠯᠵᠤ᠂ ᠬᠥᠳᠡᠭᠡ ᠠᠵᠤ ᠠᠬᠤᠶ ᠶᠢᠨ ᠦᠢᠯᠡᠳᠪᠦᠷᠢᠯᠡᠯ ᠤᠨ ᠨᠠᠶᠢᠳᠠᠨ ᠬᠠᠮᠢᠶᠠᠷᠠᠭᠤᠯᠬᠤ ᠦᠢᠯᠡᠴᠢᠯᠡᠭᠡ ᠶᠢᠨ ᠵᠣᠬᠢᠶᠠᠨ ᠪᠠᠶᠢᠭᠤᠯᠤᠯᠲᠠ ᠶᠢ 8000᠎ ᠠᠴᠠ ᠳᠡᠭᠡᠭᠰᠢ ᠳᠤ ᠬᠦᠷᠦᠬᠦᠯᠵᠤ᠂ ᠭᠡᠷ ᠪᠦᠯᠢ ᠶᠢᠨ ᠡᠵᠡᠩᠨᠡᠯᠲᠡ ᠪᠠᠷ ᠰᠠᠭᠤᠷᠢ ᠪᠤᠯᠭᠠᠨ᠂ ᠬᠤᠷᠰᠢᠬᠤ ᠪᠠ ᠬᠠᠮᠲᠤᠷᠠᠯᠴᠠᠬᠤ ᠪᠠᠷ ᠬᠤᠯᠪᠣᠭᠠᠰᠤ ᠪᠤᠯᠭᠠᠨ᠂ ᠨᠡᠶᠢᠭᠡᠮᠴᠢᠯᠡᠭᠰᠡᠨ ᠦᠢᠯᠡᠴᠢᠯᠡᠭᠡ ᠪᠠᠷ ᠲᠤᠯᠭᠠᠭᠤᠷᠢ ᠪᠣᠯᠭᠠᠭᠰᠠᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠰᠢᠰᠲ᠋ᠧᠮᠵᠢ ᠶᠢ ᠪᠠᠶᠢᠭᠤᠯᠬᠤ ᠪᠠᠷ ᠪᠠᠶᠢᠨ᠎ᠠ᠃      ᠣᠶᠢᠷ᠎ᠠ ᠶᠢᠨ ᠵᠢᠯ ᠤᠳ ᠲᠤ᠂ ᠥᠪᠥᠷ ᠮᠤᠩᠭᠤᠯ ᠬᠦᠲᠦᠴᠢ ᠠᠵᠤ ᠠᠬᠤᠶᠢᠯᠠᠯ ᠢ ᠬᠦᠭᠵᠢᠬᠦᠯᠬᠦ᠂ ᠠᠵᠤ ᠦᠢᠯᠡᠰᠵᠢᠯᠲᠡ ᠶᠢᠨ ᠬᠠᠮᠲᠤᠷᠠᠭᠰᠠᠨ ᠴᠣᠭᠴᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠮᠠᠯᠴᠢᠨ ᠲᠠᠷᠢᠶᠠᠴᠢᠳ ᠤᠨ ᠬᠤᠷᠰᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠡᠷᠭᠡ ᠲᠠᠯ᠎ᠠ ᠪᠠᠷ ᠠᠯᠢ ᠤᠯᠠᠨ ᠪᠢᠴᠢᠭ ᠮᠠᠲ᠋ᠧᠷᠢᠶᠠᠯ ᠢ ᠨᠡᠶᠢᠲᠡᠯᠡᠨ ᠬᠡᠷᠡᠭᠵᠢᠭᠦᠯᠵᠦ᠂ ᠡᠵᠡᠩᠨᠡᠯᠲᠡ ᠶᠢᠨ ᠭᠤᠤᠯ ᠴᠣᠭᠴᠠ ᠴᠦ ᠶᠡᠭᠡ ᠪᠠᠷ ᠬᠦᠭᠵᠢᠭᠰᠡᠨ ᠪᠠᠶᠢᠨ᠎ᠠ᠃ 2017 ᠣᠨ ᠤ ᠡᠴᠦᠰ ᠪᠣᠯᠲᠠᠯ᠎ᠠ᠂ ᠪᠦᠬᠦ ᠣᠷᠣᠨ ᠤ ᠦᠨᠡᠮᠰᠢᠨ ᠲᠣᠭᠲᠠᠭᠠᠭᠰᠠᠨ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ 10325 ᠡᠷᠦᠭᠡ ᠳᠤ ᠬᠦᠷᠴᠦ᠂ ᠳᠠᠩᠰᠠᠯᠠᠭᠤᠯᠤᠨ ᠪᠦᠷᠢᠳᠬᠡᠭᠦᠯᠦᠭᠰᠡᠨ ᠬᠤᠷᠰᠢᠶ᠎ᠠ 8.21 ᠲᠦᠮᠡᠨ ᠡᠷᠦᠭᠡ ᠪᠠᠶᠢᠵᠤ᠂ ᠪᠦᠬᠦ ᠣᠷᠣᠨ ᠤ ᠪᠣᠷᠣᠯᠠᠭᠤᠯᠭ᠎ᠠ ᠶᠢᠨ ᠣᠷᠣᠯᠭ᠎ᠠ ᠨᠢ 500 ᠲᠦᠮᠡᠨ ᠲᠥᠭᠦᠷᠢᠭ ᠠᠴᠠ ᠳᠡᠭᠡᠭᠰᠢᠬᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠣᠯᠪᠠᠰᠤᠷᠠᠭᠤᠯᠬᠤ ᠠᠵᠤ ᠠᠬᠤᠶᠢᠯᠠᠯ 1802 ᠡᠷᠦᠬᠡ ᠪᠠᠶᠢᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠨᠠᠶᠢᠳᠠᠨ ᠬᠠᠮᠢᠶᠠᠷᠠᠭᠤᠯᠬᠤ ᠦᠢᠯᠡᠴᠢᠯᠡᠭᠡ ᠶᠢᠨ ᠲᠠᠯᠠᠪᠠᠶ ᠨᠢ 1200 ᠭᠠᠷᠤᠶ ᠲᠦᠮᠡᠨ ᠮᠦ ᠳᠤ ᠬᠦᠷᠴᠡᠶ᠃      ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠡᠷᠡᠭᠦᠯ ᠬᠥᠭᠵᠢᠯᠲᠡ ᠶᠢ ᠤᠯᠠᠮ ᠨᠢᠭᠡ ᠠᠯᠬᠤᠮ ᠲᠡᠳᠬᠦᠨ ᠳᠡᠮᠵᠢᠵᠤ᠂ ᠮᠠᠯᠴᠢᠨ ᠲᠠᠷᠢᠶᠠᠴᠢᠳ ᠤᠨ ᠲᠤᠰᠬᠠᠶ ᠬᠤᠷᠰᠢᠶ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠬᠥᠳᠡᠭᠡ ᠠᠵᠤ ᠠᠬᠤᠶ ᠶᠢᠨ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠳ ᠤᠨ ᠵᠢᠵᠢᠭ ᠡᠷᠥᠭᠡ ᠶᠢ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠎ ᠯᠦᠭᠡ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠬᠤ ᠶᠢᠨ ᠲᠤᠯᠠᠳᠠ᠂ ᠪᠦᠬᠦ ᠣᠷᠣᠨ ᠤ ᠡᠯ᠎ᠡ ᠭᠠᠵᠠᠷ ᠤᠳ ᠤᠯᠠᠨ ᠵᠦᠢᠯ ᠤᠨ ᠬᠡᠯᠪᠡᠷᠢ ᠪᠠᠷ᠂ ᠡᠵᠡᠩᠨᠡᠯᠲᠡ ᠶᠢᠨ ᠭᠤᠤᠯ ᠴᠣᠭᠴᠠ ᠶᠢᠨ ᠳᠠᠭᠠᠭᠤᠯᠤᠭᠴᠢ᠂ ᠤᠳᠤ ᠦᠶ᠎ᠡ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠵᠠᠯᠠᠭᠤ ᠡᠵᠡᠨ ᠪᠣᠯᠤᠨ ᠮᠠᠯᠵᠢᠬᠤ ᠲᠠᠷᠢᠶᠠᠯᠠᠬᠤ ᠣᠷᠣᠨ ᠤ ᠪᠣᠳᠠᠲᠤ ᠬᠡᠷᠡᠭᠯᠡᠭᠡᠨ ᠤ ᠴᠢᠳᠠᠪᠤᠷᠢᠲᠠᠨ ᠳᠤ ᠪᠤᠯᠪᠠᠰᠤᠷᠠᠭᠤᠯᠤᠯ ᠬᠢᠭᠰᠡᠨ ᠤ ᠬᠠᠮᠲᠤ ᠡᠵᠡᠩᠨᠡᠯᠲᠡ ᠶᠢᠨ ᠭᠤᠣᠯ ᠴᠣᠭᠴᠠ ᠶᠢ ᠬᠥᠲᠥᠯᠥᠨ ᠵᠢᠯᠣᠭᠤᠳᠴᠤ ᠭᠠᠵᠠᠷ ᠰᠢᠷᠣᠶ ᠨᠤᠲᠤᠭ ᠪᠡᠯᠴᠢᠭᠡᠷ ᠤᠨ ᠡᠷᠭᠢᠯᠲᠡ ᠪᠠᠷ ᠳᠠᠮᠵᠢᠭᠤᠯᠤᠨ ᠵᠣᠬᠢᠬᠤ ᠬᠡᠪᠴᠢᠶᠡᠨ ᠤ ᠡᠵᠡᠩᠨᠡᠯᠲᠡ ᠶᠢ ᠬᠥᠭᠵᠢᠭᠦᠯᠵᠦ᠂ ᠭᠠᠵᠠᠷ ᠰᠢᠷᠣᠶ ᠶᠢᠨ ᠡᠷᠭᠢᠯᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠭᠠᠵᠠᠷ ᠰᠢᠷᠣᠶ ᠶᠢᠨ ᠡᠷᠭᠢᠯᠲᠡ ᠶᠢᠨ ᠦᠢᠯᠡᠴᠢᠯᠡᠭᠡ ᠶᠢ ᠰᠠᠶᠢᠲᠤᠷ ᠬᠢᠪᠡ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠡᠳ᠋ ᠤᠨ ᠵᠠᠰᠠᠭ ᠭᠠᠶᠢᠯᠢ ᠲᠠᠲᠠᠪᠤᠷᠢ᠂ ᠭᠠᠵᠠᠷ ᠴᠠᠬᠢᠯᠭᠠᠨ  ᠤᠰᠤ ᠬᠡᠷᠡᠭᠯᠡᠬᠦ᠂ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠪᠡᠯᠡᠳᠬᠡᠮᠵᠢ᠂ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ᠂ ᠳᠠᠭᠠᠳᠬᠠᠯ ᠤᠨ ᠪᠠᠲᠤᠯᠠᠭ᠎ᠠ᠂ ᠡᠵᠡᠩᠨᠡᠨ ᠪᠣᠷᠣᠯᠠᠭᠤᠯᠬᠤ ᠵᠠᠬ᠎ᠠ ᠳᠡᠯᠭᠡᠭᠦᠷ᠂ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ 7 ᠲᠠᠯ᠎ᠠ ᠪᠠᠷ᠂ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠤᠯ ᠴᠣᠭᠴᠠ ᠶᠢ ᠪᠣᠳᠠᠲᠠᠶ ᠲᠡᠳᠬᠦᠬᠦ ᠲᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠲᠤᠲᠤᠷᠬᠠᠶᠢᠯᠠᠬᠤ ᠪᠠᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号