ᠥᠪᠥᠷ ᠮᠣᠩᠭᠤᠯ ᠬᠠᠷᠠᠮᠥ᠋ᠷᠡᠨ ᠬᠤᠶᠠᠷ ᠭᠠᠵᠠᠷ ᠤᠨ ᠪᠠᠶᠢᠴᠠᠭᠠᠬᠤ ᠪᠠᠶᠢᠭᠤᠯᠭ᠎ᠠ ᠠᠩᠬᠠᠳᠠᠭᠴᠢ ᠣᠷᠣᠨ ᠪᠦᠰᠡ ᠠᠯᠤᠰᠯᠠᠠᠨ ᠬᠠᠮᠵᠢᠯᠴᠠᠬᠤ ᠲᠣᠭᠲᠠᠴᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2018/5/30
     5 ᠳ᠋ᠤᠭᠠᠷ ᠰᠠᠷ᠎ᠠ ᠶᠢᠨ 28᠎ ᠤ ᠡᠳᠦᠷ᠂ ᠬᠥᠯᠥᠨ ᠪᠤᠶᠢᠷ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠬᠠᠷᠠᠮᠥ᠋ᠷᠡᠨ ᠮᠤᠵᠢ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠶᠡᠭᠡ ᠬᠢᠩᠭᠠᠨ ᠳᠠᠪᠠᠭᠠᠨ ᠤ ᠬᠤᠪᠢᠶᠠᠷᠢ ᠬᠤᠷᠢᠶ᠎ᠠ ︽ᠠᠮᠢ ᠠᠬᠤᠶ ᠶᠢ ᠪᠠᠶᠢᠴᠠᠭᠠᠬᠤ ᠣᠷᠣᠨ ᠪᠦᠰᠡ ᠬᠠᠮᠵᠢᠯᠴᠠᠬᠤ ᠦᠢᠯᠡᠴᠢᠯᠡᠭᠡ ᠶᠢ ᠴᠢᠩᠭᠠᠳᠬᠠᠬᠤ ᠪᠠ ᠶᠡᠭᠡ ᠬᠢᠩᠭᠠᠨ ᠳᠠᠪᠠᠭᠠᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠠᠲᠤᠯᠠᠠᠬᠤ ᠲᠤᠬᠠᠶ ᠰᠠᠨᠠᠯ︾᠎ ᠳᠤ ᠭᠠᠷ ᠤᠨ ᠦᠰᠦᠭ ᠵᠢᠷᠤᠪᠠ᠂ ᠡᠨᠡ ᠨᠢ ᠬᠤᠶᠠᠷ ᠭᠠᠵᠠᠷ ᠤᠨ ᠪᠠᠶᠢᠴᠠᠭᠠᠬᠤ ᠪᠠᠶᠢᠭᠤᠯᠭ᠎ᠠ ᠣᠷᠣᠨ ᠪᠦᠰᠡ ᠠᠯᠤᠰᠯᠠᠭᠰᠠᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠩᠬᠠᠳᠠᠭᠴᠢ ᠬᠠᠮᠵᠢᠯᠴᠠᠬᠤ ᠲᠣᠭᠲᠠᠴᠠ ᠶᠢ ᠵᠢᠩᠬᠢᠨᠢ ᠪᠠᠷ ᠡᠬᠢᠯᠡᠭᠦᠯᠦᠭᠰᠡᠨ ᠢ ᠬᠠᠷᠠᠭᠤᠯᠵᠤ ᠪᠣᠢ᠃        ᠤᠯᠠᠨ ᠵᠢᠯ ᠤᠨ ᠲᠤᠷᠰᠢ᠂ ᠬᠤᠶᠠᠷ ᠭᠠᠵᠠᠷ ᠤᠨ ᠪᠠᠶᠢᠴᠠᠭᠠᠬᠤ ᠪᠠᠶᠢᠭᠤᠯᠭ᠎ᠠ ᠨᠢ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠦ᠂ ᠬᠤᠶᠠᠷ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠨᠥᠬᠦᠴᠡᠯ ᠲᠣᠭᠲᠠᠭᠤᠨ ᠪᠠᠶᠢᠬᠤ ᠶᠢᠨ ᠵᠡᠷᠭᠡ ᠰᠠᠶᠢᠵᠢᠷᠠᠬᠤ ᠪᠠᠶᠢᠳᠠᠯ ᠲᠠᠢ ᠪᠣᠯᠪᠠ᠂ ᠭᠡᠪᠡᠴᠦ ᠦᠷ᠎ᠡ ᠪᠦᠲᠦᠮᠵᠢ ᠲᠣᠭᠲᠠᠪᠤᠷᠢᠲᠠᠶ ᠪᠢᠰᠢ᠂ ᠢᠯᠠᠩᠭᠤᠶ᠎ᠠ ᠣᠷᠣᠨ ᠪᠦᠰᠡ ᠠᠯᠤᠰᠯᠠᠨ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ ᠠᠰᠠᠭᠤᠳᠠᠯ ᠪᠠᠶᠢᠨ ᠲᠠᠬᠢᠨ ᠭᠠᠷᠴᠤ ᠪᠠᠶᠢᠨ᠎ᠠ᠃ ᠡᠨᠡ ᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ ᠲᠥᠯᠥᠭᠡ᠂ ᠬᠤᠶᠠᠷ ᠭᠠᠵᠠᠷ ᠤᠨ ᠪᠠᠶᠢᠴᠠᠭᠠᠬᠤ ᠪᠠᠶᠢᠭᠤᠯᠭ᠎ᠠ ᠣᠷᠣᠨ ᠪᠦᠰᠡ ᠬᠠᠮᠵᠢᠯᠴᠠᠨ ᠶᠡᠭᠡ ᠬᠢᠩᠭᠠᠨ ᠳᠠᠪᠠᠭᠠᠨ ᠤ ᠠᠮᠢ ᠠᠬᠤᠶ ᠶᠢᠨ ᠣᠷᠴᠢᠨ ᠲᠣᠭᠤᠷᠢᠨ ᠢ ᠬᠠᠮᠲᠤᠪᠠᠷ ᠬᠠᠮᠠᠭᠠᠯᠠᠬᠤ᠂ ᠬᠠᠷᠢᠯᠴᠠᠨ ᠬᠤᠯᠪᠣᠭᠠᠯᠠᠬᠤ᠂ ᠰᠤᠷᠠᠭ ᠵᠠᠩᠭᠢ ᠶᠢ ᠬᠠᠮᠲᠤᠪᠠᠷ ᠬᠦᠷᠲᠡᠬᠦ᠂ ᠬᠠᠮᠵᠢᠯᠴᠠᠨ ᠬᠡᠷᠡᠭ ᠰᠢᠢᠳᠪᠦᠷᠢᠯᠡᠬᠦ᠂ ᠬᠠᠮᠲᠤᠷᠠᠯᠴᠠᠨ ᠪᠣᠯᠪᠠᠰᠤᠷᠠᠭᠤᠯᠤᠯ ᠬᠢᠬᠦ᠂ ᠤᠬᠠᠭᠤᠯᠭ᠎ᠠ ᠪᠠᠨ ᠴᠢᠩᠭᠠᠳᠬᠠᠬᠤ ᠵᠡᠷᠭᠡ ᠲᠠᠪᠤᠨ ᠵᠦᠢᠯ ᠤᠨ ᠢᠵᠢ ᠪᠦᠷᠢᠨ ᠲᠣᠭᠲᠠᠴᠠ ᠶᠢ ᠬᠡᠷᠡᠭᠵᠢᠭᠦᠯᠬᠦ ᠪᠠᠷ ᠲᠣᠭᠲᠠᠵᠠᠢ᠃      ︽ᠰᠠᠨᠠᠯ︾᠎ ᠨᠢ ᠬᠤᠶᠠᠷ ᠭᠠᠵᠠᠷ ᠤᠨ ᠪᠠᠶᠢᠴᠠᠭᠠᠬᠤ ᠪᠠᠶᠢᠭᠤᠯᠭ᠎ᠠ ᠶᠢᠨ ᠳᠠᠪᠠᠭᠤᠯᠢᠭ ᠲᠤ ᠰᠠᠭᠤᠷᠢᠯᠠᠵᠤ᠂ ᠠᠮᠢ ᠠᠬᠤᠶ ᠶᠢᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠡᠳᠦᠷ ᠲᠤᠲᠤᠮ ᠤᠨ ᠬᠠᠷᠢᠯᠴᠠᠬᠤ ᠪᠠ ᠰᠣᠯᠢᠯᠴᠠᠬᠤ ᠲᠣᠭᠲᠠᠴᠠ ᠶᠢ ᠠᠩᠬ᠎ᠠ ᠠᠯᠬᠤᠮ ᠲᠣᠭᠲᠠᠭᠠᠵᠤ᠂ ᠬᠤᠶᠠᠷ ᠭᠠᠵᠠᠷ ᠤᠨ ᠬᠤᠲᠠ ᠶᠢᠨ ᠬᠤᠷᠢᠶ᠎ᠠ ︵ᠬᠤᠪᠢᠶᠠᠷᠢ ᠬᠤᠷᠢᠶ᠎ᠠ︶᠎ ᠶᠢᠨ ᠪᠠᠶᠢᠭᠤᠯᠭ᠎ᠠ ᠵᠡᠷᠭᠡ ᠳᠡᠭᠡᠨ ᠤᠳᠤᠷᠢᠳᠬᠤ ᠳᠤᠭᠤᠶᠢᠯᠠᠩ ᠪᠠᠶᠢᠭᠤᠯᠵᠤ᠂ ᠬᠠᠭᠠᠰ ᠵᠢᠯ ᠪᠦᠷᠢ ᠠᠯᠢ ᠴᠥᠭᠡᠨ ᠳᠡᠭᠡᠨ ᠨᠢᠭᠡ ᠤᠳᠠᠭ᠎ᠠ ᠬᠠᠮᠲᠤᠷᠠᠭᠰᠠᠨ ᠬᠤᠷᠠᠯ ᠬᠢᠵᠦ᠂ ᠶᠡᠭᠡ ᠬᠢᠩᠭᠠᠨ ᠳᠠᠪᠠᠭᠠᠨ ᠤ ᠭᠠᠵᠠᠷ ᠣᠷᠣᠨ ᠤ ᠴᠢᠬᠤᠯᠠ ᠶᠡᠭᠡ ᠠᠮᠢ ᠠᠬᠤᠶ ᠶᠢᠨ ᠪᠠᠶᠢᠴᠠᠭᠠᠬᠤ ᠬᠡᠷᠡᠭ ᠵᠢᠴᠢ ᠠᠵᠢᠯ ᠤᠨ ᠳᠤᠮᠳᠠ ᠭᠠᠷᠤᠭᠰᠠᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠰᠤᠳᠤᠯᠤᠨ ᠮᠠᠭᠠᠳᠯᠠᠵᠤ᠂ ᠪᠦᠲᠦᠮᠵᠢᠲᠡᠶ ᠰᠢᠢᠳᠪᠦᠷᠢᠯᠡᠬᠦ ᠠᠷᠭ᠎ᠠ ᠪᠤᠳᠤᠯᠭ᠎ᠠ ᠶᠢ ᠬᠠᠮᠲᠤᠪᠠᠷ ᠲᠣᠭᠲᠠᠭᠠᠵᠠᠢ᠃ ᠡᠭᠦᠨ ᠤ ᠬᠠᠮᠲᠤ᠂ ᠬᠤᠶᠠᠷ ᠭᠠᠵᠠᠷ ᠤᠨ ᠦᠨᠳᠦᠰᠦᠨ ᠱᠠᠲᠤᠨ ᠤ ᠪᠠᠶᠢᠴᠠᠭᠠᠬᠤ ᠬᠤᠷᠢᠶ᠎ᠠ ᠵᠣᠬᠢᠴᠠᠯᠳᠤᠭᠰᠠᠨ ᠬᠠᠷᠢᠯᠴᠠᠭ᠎ᠠ ᠰᠣᠯᠢᠯᠴᠠᠭᠠᠨ ᠤ ᠲᠣᠭᠲᠠᠴᠠ ᠶᠢ ᠵᠡᠷᠭᠡᠪᠡᠷ ᠪᠠᠶᠢᠭᠤᠯᠵᠤ᠂ ᠡᠮᠦᠨᠡᠬᠢ ᠨᠢ ᠪᠦᠬᠦᠯᠢ ᠴᠣᠭᠴᠠ ᠶᠢᠨ ᠲᠣᠬᠢᠷᠠᠭᠤᠯᠤᠯ ᠡᠵᠡᠮᠳᠡᠯ ᠢ ᠬᠠᠷᠢᠭᠤᠴᠠᠵᠤ᠂ ᠬᠤᠶᠢᠨᠠᠬᠢ ᠨᠢ ᠪᠣᠳᠠᠲᠠᠶ ᠬᠡᠷᠡᠭᠵᠢᠭᠦᠯᠬᠦ ᠶᠢ ᠬᠠᠷᠢᠭᠤᠴᠠᠬᠤ ᠶᠢ ᠲᠣᠳᠣᠷᠬᠠᠶᠢᠯᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号