ᠯᠢ ᠵᠢᠢ ᠡᡁᠧᠩ ᠪᠢᠴᠢᠬᠠᠨ ᠨᠠᠶᠢᠵᠠ ᠨᠡᠷ ᠲᠠᠢ ᠬᠠᠮᠳᠤ ︽6 · 1︾᠎ ᠤ ᠲᠡᠯᠡᠬᠡᠢ ᠶᠢᠨ ᠬᠡᠤᠬᠡᠳ ᠤᠨ ᠪᠠᠶᠠᠷ ᠢ ᠪᠡᠯᠭᠡᠯᠡᠪᠡ
ᠨᠡᠶᠢᠲᠡᠯᠡᠭᠰᠡᠨ ᠴᠠᠭ᠄
2018/5/31
      5 ᠳ᠋ᠤᠭᠠᠷ ᠰᠠᠷ᠎ᠠ ᠶᠢᠨ 30᠎ ᠤ ᠡᠳᠤᠷ ᠤᠨ ᠦᠳᠡ ᠶᠢᠨ ᠡᠮᠤᠨ᠎ᠡ᠂ ︽6 · 1︾᠎ ᠤ ᠲᠡᠯᠡᠬᠡᠢ ᠶᠢᠨ ᠬᠡᠤᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠥᠬᠡᠯᠡᠭᠴᠢᠳ‌‍ᠦᠨ ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠡᡁᠧᠩ ᠤᠯᠠᠭᠠᠨᠬᠠᠳᠠ ᠬᠤᠳᠠ ᠶᠢᠨ ᠰᠦᠩᠱᠠᠨ ᠲᠤᠭᠤᠷᠢᠭ ᠤᠨ ᠶᠡᠭᠡ ᠰᠦᠮ᠎ᠡ ᠪᠠᠯᠭᠠᠰᠤ ᠶᠢᠨ ᠪᠠᠭ᠎ᠠ ᠰᠦᠮ᠎ᠡ ᠲᠤᠰᠬᠤᠨ ᠳᠤ ᠬᠦᠷᠴᠦ᠂ ᠪᠠᠭ᠎ᠠ ᠰᠦᠮ᠎ᠡ ᠪᠠᠭ᠎ᠠ ᠰᠤᠷᠭᠠᠭᠤᠯᠢ ᠶᠢᠨ ᠬᠡᠤᠬᠡᠳ ᠤᠳ ᠢ ᠲᠤᠳᠤᠨᠤ ᠪᠠᠷ ᠡᠷᠬᠢᠨ ᠦᠵᠡᠵᠥ᠂ ᠬᠡᠤᠬᠡᠳ ᠤᠳ ᠲᠠᠢ ᠬᠠᠮᠳᠤ ᠪᠠᠶᠠᠷ ᠤᠨ ᠡᠳᠤᠷ ᠢ ᠪᠡᠯᠭᠡᠯᠡᠪᠡ᠃      5 ᠳ᠋ᠤᠭᠠᠷ ᠰᠠᠷ᠎ᠠ ᠶᠢᠨ 30᠎ ᠤ ᠡᠳᠤᠷ ᠤᠨ ᠦᠳᠡ ᠶᠢᠨ ᠡᠮᠤᠨ᠎ᠡ᠂ ︽6 · 1︾᠎ ᠤ ᠲᠡᠯᠡᠬᠡᠢ ᠶᠢᠨ ᠬᠡᠤᠬᠡᠳ ᠎ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠥᠬᠡᠯᠡᠭᠴᠢᠳ‌‍ᠦᠨ ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠡᡁᠧᠩ ᠤᠯᠠᠭᠠᠨᠬᠠᠳᠠ ᠬᠤᠳᠠ ᠶᠢᠨ ᠰᠦᠩᠱᠠᠨ ᠲᠤᠭᠤᠷᠢᠭ ᠤᠨ ᠶᠡᠭᠡ ᠰᠦᠮ᠎ᠡ ᠪᠠᠯᠭᠠᠰᠤ ᠶᠢᠨ ᠪᠠᠭ᠎ᠠ ᠰᠦᠮ᠎ᠡ ᠲᠤᠰᠬᠤᠨ ᠳᠤ ᠬᠦᠷᠴᠦ᠂ ᠪᠠᠭ᠎ᠠ ᠰᠦᠮ᠎ᠡ ᠪᠠᠭ᠎ᠠ ᠰᠤᠷᠭᠠᠭᠤᠯᠢ ᠶᠢᠨ ᠬᠡᠤᠬᠡᠳ ᠤᠳ ᠢ ᠲᠤᠳᠤᠨᠤ ᠪᠠᠷ ᠡᠷᠬᠢᠨ ᠦᠵᠡᠵᠥ᠂ ᠬᠡᠤᠬᠡᠳ ᠤᠳ ᠲᠠᠢ ᠬᠠᠮᠳᠤ ᠪᠠᠶᠠᠷ ᠤᠨ ᠡᠳᠤᠷ ᠢ ᠪᠡᠯᠬᠡᠯᠡᠨ᠂ ᠪᠦᠬᠦ ᠤᠷᠤᠨ ᠤ ᠦᠨᠳᠦᠰᠦᠳᠡᠨ ᠨᠦᠭᠦᠳ ᠎ ᠤᠨ ᠪᠠᠭᠠᠴᠤᠳ ᠬᠡᠤᠬᠡᠳ ᠲᠤ ᠰᠠᠶᠢᠨ ᠰᠠᠶᠢᠬᠠᠨ ᠢᠷᠦᠭᠡᠯ ᠵᠦᠩᠨᠡᠯ ᠳᠡᠪᠰᠢᠭᠦᠯᠪᠡ᠃      ᠪᠠᠶᠠᠷ ᠤᠨ ᠡᠳᠤᠷ᠂ ᠰᠤᠷᠭᠠᠭᠤᠯᠢ ᠶᠢᠨ ᠬᠦᠷᠢᠶ᠎ᠡ ᠪᠠᠶᠠᠷ ᠬᠦᠷ ᠢᠶᠠᠷ ᠪᠢᠯᠬᠠᠵᠤ ᠪᠠᠶᠢᠯ᠎ᠠ᠃ ᠰᠢᠨ᠎ᠡ ᠴᠠᠭ ᠦᠶ᠎ᠡ ᠶᠢᠨ ᠰᠦᠩᠱᠠᠨ ᠤ ᠰᠠᠶᠢᠨ ᠪᠠᠭᠠᠴᠤᠳ ᠪᠤᠯᠬᠤ ᠪᠠᠷ ᠴᠢᠷᠮᠡᠶᠢᠶ᠎ᠡ ᠬᠡᠬᠦ ︽6 · 1︾᠎ ᠤ ᠪᠠᠭᠠᠴᠤᠳ ᠤᠨ ᠬᠤᠰᠢᠭᠤᠴᠢ ᠠᠩᠬᠢ ᠶᠢᠨ ᠡᠳᠤᠷ ᠤᠨ ᠠᠵᠢᠯᠯᠠᠭ᠎ᠠ ᠶᠠᠪᠤᠭᠳᠠᠵᠥ ᠪᠠᠶᠢᠯ᠎ᠠ᠂ ᠯᠢ ᠵᠢᠢ ᠡᡁᠧᠩ ᠪᠠᠶᠠᠷ ᠪᠠᠶᠠᠰᠤᠯ ᠲᠠᠢ ᠪᠠᠷ ᠬᠡᠤᠬᠡᠳ ᠤᠳ ᠤᠨ ᠲᠤᠮᠳᠡ ᠬᠦᠷᠬᠦ ᠳᠤ ᠪᠠᠭᠠᠴᠤᠳ ᠤᠨ ᠬᠤᠰᠢᠭᠤᠴᠢ ᠠᠩᠬᠢ ᠶᠢᠨ ᠨᠢᠭᠡ ᠬᠡᠰᠢᠬᠦᠨ ᠲᠡᠬᠦᠨ ᠳᠤ ᠤᠯᠠᠭᠠᠨ ᠪᠦᠴᠡ ᠵᠡᠬᠦᠯᠬᠡᠪᠡ᠃ ᠯᠢ ᠵᠢᠢ ᠡᡁᠧᠩ ᠪᠢᠴᠢᠬᠠᠨ ᠨᠠᠶᠢᠵᠠ ᠨᠡᠷ ᠢ ᠪᠠᠶᠠᠷ ᠤᠨ ᠡᠳᠤᠷ ᠲᠡᠭᠡᠨ ᠪᠠᠶᠠᠷ ᠬᠦᠷ ᠲᠠᠢ ᠪᠠᠶᠢᠵᠥ᠂ ᠰᠤᠷᠤᠯᠴᠠᠨ ᠲᠠᠪᠰᠢᠵᠥ ᠡᠷᠡᠬᠦᠯ ᠢᠶᠠᠷ ᠦᠰᠦᠨ ᠪᠤᠶᠢᠵᠢᠬᠤ ᠶᠢ ᠨᠢ ᠢᠷᠦᠬᠡᠪᠡ᠃ ᠲᠠᠮᠢᠷ ᠤᠨ ᠲᠠᠯᠠᠪᠠᠢ ᠲᠡᠭᠡᠷ᠎ᠡ ᠬᠡᠤᠬᠡᠳ ᠤᠳ ᠵᠡᠪᠰᠡᠭ ᠤᠨ ᠡᠷᠳᠡᠮ ᠤᠨ ᠲᠠᠮᠢᠷ᠂ ᠪᠦᠮᠪᠦᠷ ᠪᠦᠵᠢᠭ ᠤᠨ ᠲᠤᠭᠯᠠᠯᠳᠡ ᠭᠠᠷᠭᠠᠵᠥ᠂ ︽ᠨᠠᠮᠤᠬᠳᠤ ᠲᠠᠯ᠎ᠠ ᠶᠢ ᠲᠤᠭᠤᠯᠤᠭᠰᠠᠠ ᠨᠢ︾᠂ ︽ᠳ᠋ᠠ ᠳ᠋ᠦ᠋ ᠡᡁᠧ ᠭᠤᠤᠯ ᠢ ᠭᠠᠳᠦᠯᠠᠬᠰᠠᠨ ᠨᠢ︾ ᠵᠡᠷᠬᠡ ᠭᠤᠤᠯ ᠰᠡᠳᠤᠪᠳᠤ ᠠᠵᠢᠯᠯᠠᠭ᠎ᠠ ᠳᠤ ᠤᠷᠤᠯᠴᠠᠵᠥ ᠪᠠᠶᠢᠪᠠ᠂ ᠯᠢ ᠵᠢᠢ ᠡᡁᠧᠩ ᠢᠨᠢᠶᠡᠮᠰᠦᠭᠯᠡᠭᠰᠡᠭᠡᠷ ᠪᠠᠶᠢᠨ ᠪᠠᠶᠢᠨ ᠵᠤᠭᠰᠤᠨ ᠰᠤᠨᠢᠷᠬᠠᠵᠥ᠂ ᠬᠡᠤᠬᠡᠳ ᠤᠳ ᠢ ᠵᠤᠷᠢᠬᠵᠢᠭᠤᠯᠵᠥ᠂ ᠯᠢ ᠵᠢᠢ ᠡᡁᠧᠩ ᠪᠦᠸᠧ ᠢ ᠠᠰᠠᠷ ᠤᠨ ᠤᠯᠠᠨ ᠴᠢᠳᠡᠪᠬᠢᠳᠤ ᠬᠢᠴᠢᠶᠡᠯ ᠤᠨ ᠬᠡᠷ ᠲᠤ ᠤᠷᠤᠵᠥ᠂ ᠬᠡᠤᠬᠡᠳ ᠤᠳ ᠲᠠᠢ ᠬᠠᠮᠳᠤ ︽ᠪᠢᠳᠡ ᠬᠤᠤᠰ ᠰᠡᠯᠢᠬᠦᠷ ᠢᠶᠠᠨ ᠰᠡᠯᠢᠶ᠎ᠡ︾᠂ ︽ᠪᠢᠳᠡ ᠪᠤᠯ ᠡᠪ ᠬᠠᠮᠳᠤ ᠶᠤᠰᠤᠨ ᠤ ᠵᠠᠯᠭᠠᠮᠵᠢᠯᠠᠬᠴᠢ︾ ᠬᠡᠬᠦ ᠲᠠᠭᠤᠤ ᠶᠢ ᠲᠠᠭᠤᠯᠠᠵᠠᠢ᠃ ᠨᠤᠮ ᠪᠢᠴᠢᠭ ᠤᠨ ᠤᠩᠰᠢᠯᠭ᠎ᠠ ᠶᠢᠨ ᠲᠠᠰᠤᠭ ᠲᠤ ᠬᠡᠤᠬᠡᠳ ᠤᠳ ︽ᠤᠯᠠᠭᠠᠨ ᠪᠦᠴᠡᠳᠠᠨ ᠤ ᠵᠢᠵᠢᠭ ᠨᠤᠮ ᠤᠨ ᠬᠤᠷᠤᠬᠠᠢ︾ ᠬᠡᠬᠦ ᠦᠯᠢᠬᠡᠷ ᠶᠠᠷᠢᠬᠤ ᠬᠤᠷᠡᠯ ᠬᠢᠵᠤ ᠪᠠᠶᠢᠯ᠎ᠠ᠂ ᠯᠢ ᠵᠢᠢ ᠡᡁᠧᠩ ᠰᠤᠨᠤᠰᠤᠭᠠᠳ ᠪᠠᠶᠢᠨ ᠪᠠᠶᠢᠨ ᠲᠤᠯᠤᠭᠠᠢ ᠲᠤᠬᠢᠨ ᠮᠠᠬᠳᠠᠵᠥ᠂ ᠬᠡᠤᠬᠡᠳ ᠤᠳ ᠲᠤ ᠪᠠᠶᠠᠷ ᠤᠨ ᠡᠳᠤᠷ ᠤᠨ ᠪᠡᠯᠡᠭ ᠬᠦᠷᠬᠡᠪᠡ᠃ ᠨᠢᠭᠡ ᠪᠢᠴᠢᠬᠠᠨ ᠨᠠᠶᠢᠵᠠ ᠶᠡᠷᠤᠩᠬᠡᠢ ᠱᠦᠵᠢ ᠰᠢ ᠶᠢᠨ ᠫᠢᠩ ᠤᠨ ᠶᠠᠷᠢᠭᠰᠠᠠ ︽ᠰᠢᠳᠤᠷᠭᠤ ᠪᠠᠷ ᠵᠢᠳᠬᠦᠵᠥ ᠤᠯᠤᠰ ᠲᠠᠭᠠᠨ ᠠᠴᠢ ᠬᠠᠷᠢᠭᠤᠯᠤᠬᠰᠠᠠ ᠨᠢ︾ ᠵᠡᠷᠬᠡ ᠦᠯᠢᠬᠡᠷ ᠢ ᠶᠠᠷᠢᠬᠤ ᠶᠢ ᠨᠢ ᠰᠤᠨᠤᠰᠤᠭᠠᠳ ᠯᠢ ᠵᠢᠢ ᠡᡁᠧᠩ ᠬᠦᠨ ᠰᠡᠳᠬᠢᠯᠬᠡ ᠲᠠᠢ ᠪᠠᠷ ᠪᠢᠴᠢᠬᠠᠨ ᠨᠠᠶᠢᠵᠠ ᠨᠠᠷ ᠲᠤ ︽ᠪᠠᠭᠠᠴᠤᠳ ᠬᠦᠴᠦᠷᠬᠡᠭ ᠪᠤᠯ ᠤᠯᠤᠰ ᠬᠦᠴᠦᠷᠬᠡᠭ᠂ ᠲᠠᠨᠠᠷ᠂ ᠦᠨᠦᠳᠦᠷ ᠪᠤᠯ ᠴᠤᠪᠤᠭᠤ ᠰᠡᠷᠬᠦᠯᠡᠩ ᠤᠯᠠᠭᠠᠨ ᠪᠦᠴᠡᠳᠡᠨ ᠮᠠᠷᠭᠠᠰᠢ ᠪᠤᠯ ᠠᠭᠤᠤ ᠶᠡᠭᠡ ᠡᠬᠡ ᠤᠯᠤᠰ ᠤᠨ ᠢᠶᠠᠨ ᠪᠦᠳᠦᠭᠡᠨ ᠪᠠᠶᠢᠢᠭᠤᠯᠤᠭᠴᠢ ᠶᠤᠮ᠃ ᠶᠡᠷᠤᠩᠬᠡᠢ ᠱᠦᠵᠢ ᠰᠢ ᠶᠢᠨ ᠫᠢᠩ ᠪᠤᠯᠤᠨ ᠨᠠᠮ ᠤᠨ ᠲᠦᠪ ᠬᠤᠷᠢᠶ᠎ᠡ ᠠᠴᠠ ᠪᠠᠭᠠᠴᠤᠳ ᠬᠡᠤᠬᠡᠳ ᠤᠨ ᠡᠷᠡᠬᠦᠯ ᠢᠶᠠᠷ ᠦᠰᠦᠨ ᠪᠤᠶᠢᠵᠢᠬᠤ ᠶᠢ ᠲᠤᠶᠢᠯ ᠢᠶᠠᠷ ᠬᠠᠯᠠᠮᠵᠢᠯᠠᠵᠥ ᠪᠠᠶᠢᠨ᠎ᠠ᠂ ᠪᠠᠭᠠᠴᠤᠳ ᠬᠡᠤᠬᠡᠳ ᠲᠠᠨᠠᠷ ᠬᠠᠷᠠᠬᠠᠨ ᠪᠠᠭ᠎ᠠ ᠠᠴᠠ ᠪᠠᠨ ᠬᠦᠮᠥᠨ ᠪᠤᠯᠬᠤ ᠶᠢ ᠰᠤᠷᠴᠦ᠂ ᠬᠠᠷᠠᠬᠠᠨ ᠪᠠᠭ᠎ᠠ ᠠᠴᠠ ᠪᠠᠨ ᠵᠤᠷᠢᠯᠲᠠ ᠬᠦᠰᠡᠯ ᠢᠶᠠᠨ ᠪᠤᠢ ᠪᠤᠯᠭᠠᠵᠤ᠂ ᠬᠠᠷᠠᠬᠠᠨ ᠪᠠᠭ᠎ᠠ ᠠᠴᠠ ᠪᠠᠨ ᠡᠬᠦᠳᠦᠨ ᠪᠦᠳᠦᠭᠡᠬᠦ ᠶᠢ ᠰᠤᠷᠴᠦ᠂ ᠡᠬᠡ ᠤᠯᠤᠰ ᠪᠤᠯᠤᠨ ᠠᠷᠠᠳ ᠲᠦᠮᠡᠨ ᠤ ᠦᠢᠯᠡᠰ ᠤᠨ ᠬᠦᠭᠵᠢᠯᠳᠡ ᠶᠢᠨ ᠵᠠᠯᠭᠠᠮᠵᠢᠯᠠᠭᠴᠢ ᠪᠤᠯᠬᠤ ᠪᠠᠷ ᠴᠢᠷᠮᠡᠶᠢᠭᠠᠷᠠᠢ︾ ᠭᠡᠵᠡᠢ᠃      ᠯᠢ ᠵᠢᠢ ᠡᡁᠧᠩ ᠵᠢᠭᠠᠵᠤ ᠭᠠᠷᠭᠠᠭᠰᠠᠨ ᠨᠢ᠂ ᠪᠠᠭᠠᠴᠤᠳ ᠬᠡᠤᠬᠡᠳ ᠤᠨ ᠦᠢᠯᠡᠰ ᠪᠤᠯ ᠠᠭᠤᠤ ᠶᠡᠭᠡ ᠪᠦᠭᠡᠳ ᠡᠷᠬᠢᠮ ᠲᠡᠭᠡᠳᠤ ᠦᠢᠯᠡᠰ ᠮᠥᠨ᠂ ᠡᠯ᠎ᠡ ᠱᠠᠳᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠶᠡᠷᠤᠩᠬᠡᠢ ᠱᠦᠵᠢ ᠰᠢ ᠶᠢᠨ ᠫᠢᠩ ᠤᠨ ᠪᠠᠭᠠᠴᠤᠳ ᠬᠡᠤᠬᠡᠳ ᠢ ᠬᠦᠮᠥᠵᠢᠬᠦᠯᠬᠦ ᠠᠵᠢᠯ ᠢ ᠰᠠᠶᠢᠳᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠥ᠂ ᠪᠠᠭᠠᠴᠤᠳ ᠬᠡᠤᠬᠡᠳ ᠢ ᠨᠢᠮᠪᠠᠢ ᠬᠦᠮᠥᠵᠢᠬᠦᠯᠬᠦ ᠶᠢ ᠠᠯᠤᠰ ᠬᠡᠳᠤ ᠳᠤ ᠬᠤᠯᠪᠤᠭᠳᠠᠬᠤ ᠪᠠᠶᠢᠯᠳᠤᠬᠤ ᠪᠤᠳᠤᠯᠭ᠎ᠠ ᠶᠢᠨ ᠡᠬᠦᠷᠬᠡ ᠪᠤᠯᠭᠠᠨ ᠠᠳᠬᠤᠵᠥ᠂ ᠤᠨᠴᠠᠭᠠᠶᠢᠯᠠᠨ ᠮᠠᠯᠵᠢᠬᠤ ᠲᠠᠷᠢᠶᠠᠯᠠᠬᠤ ᠤᠷᠤᠨ ᠤ ᠪᠠᠭᠠᠴᠤᠳ ᠬᠡᠤᠬᠡᠳ ᠤᠨ ᠬᠦᠮᠥᠵᠢᠯ ᠢ ᠴᠢᠬᠤᠯᠠᠴᠢᠯᠡᠨ ᠰᠠᠶᠢᠳᠤᠷ ᠠᠳᠬᠤᠵᠥ᠂ ᠰᠤᠷᠭᠠᠭᠤᠯᠢ ᠡᠷᠬᠢᠯᠡᠬᠦ ᠨᠦᠬᠦᠴᠡᠯ ᠢ ᠶᠡᠬᠡᠪᠡᠷ ᠰᠠᠶᠢᠵᠢᠷᠠᠭᠤᠯᠤᠨ᠂ ᠶᠠᠳᠠᠭᠤ ᠬᠦᠴᠢᠷᠳᠡᠯᠳᠡᠢ ᠪᠠᠭᠠᠴᠤᠳ ᠬᠡᠤᠬᠡᠳ ᠢ ᠲᠡᠩᠬᠡᠷᠡᠭᠦᠯᠦᠨ᠂ ᠰᠤᠷᠤᠯᠭ᠎ᠠ ᠪᠠᠨ ᠲᠤᠷᠭᠤᠨ ᠵᠤᠭᠰᠤᠬᠤ ᠶᠢ ᠨᠢ ᠬᠢᠵᠠᠭᠠᠷᠯᠠᠨ᠂ ᠰᠤᠷᠤᠯᠭ᠎ᠠ ᠶᠢ ᠨᠢ ᠪᠠᠳᠤᠯᠠᠬᠤ ᠠᠵᠢᠯ ᠢ ᠬᠦᠴᠦᠯᠡᠨ ᠰᠠᠶᠢᠳᠤᠷ ᠠᠳᠬᠤᠵᠤ᠂ ᠦᠶ᠎ᠡ ᠲᠠᠮᠵᠢᠨ ᠶᠠᠳᠠᠭᠤᠷᠠᠬᠤ ᠦᠨᠳᠦᠰᠦ ᠶᠢ ᠦᠨᠡᠨᠬᠦ ᠲᠠᠰᠤᠯᠬᠤ ᠬᠡᠷᠡᠭᠳᠡᠢ᠃ ᠦᠷᠬᠡᠨ ᠤᠯᠠᠨ ᠪᠠᠭᠰᠢ ᠨᠠᠷ ᠪᠤᠯᠤᠨ ᠪᠠᠭᠠᠴᠤᠳ ᠬᠡᠤᠬᠡᠳ ᠤᠨ ᠠᠵᠢᠯᠳᠠᠳ ᠴᠠᠭ ᠦᠶ᠎ᠡ ᠲᠠᠢ ᠵᠡᠷᠬᠡᠪᠡᠷ ᠤᠷᠤᠭᠰᠢᠯᠠᠵᠥ᠂ ᠪᠤᠳᠠᠳᠠᠢ ᠶᠢ ᠡᠷᠬᠢᠮᠯᠡᠨ ᠰᠢᠨ᠎ᠡ ᠶᠢ ᠡᠬᠦᠳᠴᠦ᠂ ᠤᠶᠤᠨ ᠤᠬᠠᠭᠠᠨ ᠬᠦᠴᠦᠨ ᠴᠢᠳᠠᠯ ᠢᠶᠠᠨ ᠰᠢᠪᠬᠠᠵᠥ ᠪᠠᠶᠢᠭᠠᠤᠠ ᠪᠠᠭᠠᠴᠤᠳ ᠬᠡᠤᠬᠡᠳ ᠤᠨ ᠡᠷᠡᠬᠦᠯ ᠎ ᠢᠶᠠᠷ ᠦᠰᠦᠨ ᠪᠤᠶᠢᠵᠢᠵᠤ ᠪᠦᠬᠦ ᠲᠠᠯ᠎ᠠ ᠪᠠᠷ ᠬᠦᠭᠵᠢᠬᠦ ᠶᠢ ᠠᠬᠢᠭᠤᠯᠬᠤ ᠬᠡᠷᠡᠭᠳᠡᠢ ᠭᠡᠵᠡᠢ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠤᠯᠠᠭᠠᠨᠬᠠᠳᠠ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠳ᠋ᠤᠸᠠᠨ ᡁᠢ ᠴᠢᠶᠠᠩ ᠠᠵᠢᠯᠯᠠᠭ᠎ᠠ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号