ᠰᠤᠷᠭᠠᠨ ᠬᠥᠮᠥᠵᠢᠯ ᠤᠨ ᠣᠷᠣᠭᠤᠯᠤᠯᠲᠠ ᠶᠢ ᠶᠠᠳᠠᠭᠤ ᠬᠦᠴᠢᠷ ᠭᠠᠵᠠᠷ ᠣᠷᠣᠨ ᠪᠠ ᠪᠠᠭᠤᠷᠠᠢ ᠲᠠᠯ᠎ᠠ ᠲᠡᠶᠢᠰᠢ ᠬᠡᠯᠪᠡᠶᠢᠯᠭᠡᠬᠦ ᠠᠵᠢᠯ ᠳᠤ ᠨᠠᠷᠢᠨ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2018/5/31
     ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠳᠤ᠄ ︽ᠡᠷᠬᠡ ᠲᠡᠭᠰᠢ ᠮᠥᠷᠲᠡᠭᠡᠨ ᠴᠢᠨᠠᠷ ᠰᠠᠶᠢᠲᠠᠢ ᠰᠤᠷᠭᠠᠨ ᠬᠥᠮᠥᠵᠢᠯ ᠢ ᠬᠥᠭᠵᠢᠭᠦᠯᠬᠦ ᠬᠡᠷᠡᠭᠲᠡᠢ᠃ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠥᠵᠢᠯ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠰᠤᠷᠭᠠᠨ ᠬᠥᠮᠥᠵᠢᠯ ᠤᠨ ᠣᠷᠣᠭᠤᠯᠤᠯᠲᠠ ᠶᠢ ᠶᠠᠳᠠᠭᠤ ᠬᠦᠴᠢᠷ ᠭᠠᠵᠠᠷ ᠣᠷᠣᠨ ᠪᠠ ᠪᠠᠭᠤᠷᠠᠢ ᠲᠠᠯ᠎ᠠ ᠲᠠᠶᠢᠰᠢ ᠦᠷᠭᠦᠯᠵᠢᠯᠡᠨ ᠬᠡᠯᠪᠡᠶᠢᠯᠭᠡᠬᠦ ᠬᠡᠷᠡᠭᠲᠡᠢ︾ ᠭᠡᠵᠦ  ᠱᠠᠭᠠᠷᠳᠠᠪᠠ᠃ 5 ᠳ᠋ᠤᠭᠠᠷ ᠰᠠᠷ᠎ᠠ ᠶᠢᠨ 23᠎ ᠤ ᠡᠳᠦᠷ ᠬᠤᠷᠠᠯᠳᠤᠭᠤᠯᠤᠭᠰᠠᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠠᠴᠠ ᠲᠥᠪ ᠤᠨ ᠡᠳ᠋ ᠤᠨ ᠵᠠᠰᠠᠭ ᠤᠨ ᠳᠡᠮᠵᠢᠯᠭᠡ ᠶᠢ ᠰᠢᠨ᠎ᠡ ᠪᠠᠷ ᠨᠡᠮᠡᠵᠦ᠂ ︽ᠣᠨᠴᠠᠭᠠᠢ ᠠᠵᠢᠯ ᠤᠨ ᠪᠠᠶᠢᠷᠢ ᠶᠢᠨ ᠲᠥᠯᠥᠪᠯᠡᠭᠡ︾᠎ ᠶᠢᠨ ᠪᠠᠭᠰᠢ ᠶᠢᠨ ᠲᠤᠭ᠎ᠠ ᠶᠢ ᠰᠢᠨ᠎ᠡ ᠪᠠᠷ ᠨᠡᠮᠡᠬᠦ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠶᠠᠳᠠᠭᠤ ᠬᠦᠴᠢᠷ ᠭᠠᠵᠠᠷ ᠣᠷᠣᠨ ᠪᠠ ᠪᠠᠭᠤᠷᠠᠢ ᠲᠠᠯ᠎ᠠ ᠶᠢᠨ ᠰᠤᠷᠭᠠᠨ ᠬᠥᠮᠥᠵᠢᠯ ᠤᠨ ᠣᠷᠣᠭᠤᠯᠤᠯᠲᠠ ᠶᠢ ᠴᠢᠩᠭᠠᠷᠠᠭᠤᠯᠤᠨ᠎ᠠ ᠭᠡᠵᠡᠢ᠃ 25᠎ ᠤ ᠡᠳᠦᠷ ᠶᠠᠪᠤᠭᠳᠠᠭᠰᠠᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠶᠢᠨ ᠵᠤᠷᠰᠢᠯᠲᠤ ᠲᠠᠶᠢᠯᠤᠮᠵᠢ ᠶᠢᠨ ᠬᠤᠷᠠᠯ ᠳᠡᠭᠡᠷ᠎ᠡ᠂ ᠰᠤᠷᠭᠠᠨ ᠬᠥᠮᠥᠵᠢᠯ ᠤᠨ ᠶᠠᠮᠤᠨ ᠤ ᠳᠠᠷᠤᠭ᠎ᠠ ᠶᠢᠨ ᠲᠤᠰᠠᠯᠠᠭᠴᠢ ᠵᠧᠩ ᠹᠦ᠋ ᡁᠢ ᠰᠤᠷᠭᠠᠨ ᠬᠥᠮᠥᠵᠢᠯ ᠤᠨ ᠣᠷᠣᠭᠤᠯᠤᠯᠲᠠ ᠶᠢ ᠶᠠᠳᠠᠭᠤ ᠬᠦᠴᠢᠷ ᠭᠠᠵᠠᠷ ᠣᠷᠣᠨ ᠪᠠ ᠪᠠᠭᠤᠷᠠᠢ ᠲᠠᠯ᠎ᠠ ᠲᠡᠶᠢᠰᠢ ᠦᠷᠭᠦᠯᠵᠢᠯᠡᠨ ᠬᠡᠯᠪᠡᠶᠢᠯᠭᠡᠬᠦ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠠᠢ᠃      ᠪᠠᠷᠠᠭᠤᠨ ᠬᠡᠰᠡᠭ ᠤᠨ ᠭᠠᠵᠠᠷ ᠣᠷᠣᠨ ᠢ ᠳᠡᠮᠵᠢᠬᠦ᠂ ᠰᠤᠷᠬᠤ ᠨᠠᠰᠤᠨ ᠠᠴᠠ ᠡᠮᠦᠨᠡᠬᠢ ᠬᠤᠭᠤᠴᠠᠭᠠᠨ ᠳᠤ ᠳᠡᠮᠵᠢᠯᠭᠡ ᠦᠵᠡᠭᠦᠯᠬᠦ᠂ ᠰᠤᠷᠤᠭᠴᠢᠳ ᠢ ᠡᠳ᠋ ᠮᠥᠩᠭᠦ ᠪᠠᠷ ᠲᠤᠰᠠᠯᠠᠬᠤ᠄ ᠣᠷᠣᠭᠤᠯᠤᠯᠲᠠ ᠶᠢ ᠬᠡᠯᠪᠡᠶᠢᠯᠭᠡᠬᠦ ᠴᠢᠭᠯᠡᠯ      ᠵᠧᠩ ᠹᠦ᠋ ᡁᠢ ᠶᠢᠨ ᠲᠠᠨᠢᠯᠴᠠᠭᠤᠯᠤᠭᠰᠠᠨ ᠢᠶᠠᠷ᠂ ᠲᠥᠪ ᠤᠨ ᠪᠠᠶᠢᠷᠢᠯᠠᠭᠤᠯᠤᠯᠲᠠ ᠶᠢ ᠦᠨᠳᠦᠰᠦᠯᠡᠵᠦ᠂ ᠰᠤᠷᠭᠠᠨ ᠬᠥᠮᠥᠵᠢᠯ ᠤᠨ ᠶᠠᠮᠤᠨ ᠠᠴᠠ ᠡᠳ᠋ ᠤᠨ ᠵᠠᠰᠠᠭ ᠤᠨ ᠶᠠᠮᠤᠨ ᠪᠠ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ᠨᠡᠯᠢᠶᠡᠳ ᠣᠯᠠᠨ ᠠᠷᠭ᠎ᠠ ᠬᠡᠮᠵᠢᠶ᠎ᠡ ᠠᠪᠴᠢ᠃ ᠲᠠᠪᠤᠨ ᠵᠢᠯ ᠤᠨ ᠲᠤᠷᠰᠢ᠂ ᠲᠥᠪ ᠤᠨ ᠡᠳ᠋ ᠤᠨ ᠵᠠᠰᠠᠭ ᠠᠴᠠ ᠣᠷᠣᠨ ᠨᠤᠲᠤᠭ ᠤᠨ ᠰᠤᠷᠭᠠᠨ ᠬᠥᠮᠥᠵᠢᠯ ᠳᠤ ᠰᠢᠯᠵᠢᠭᠦᠯᠦᠨ ᠣᠯᠭᠤᠭᠰᠠᠨ ᠬᠡᠪᠴᠢᠶ᠎ᠡ ᠨᠢ 2012 ᠣᠨ ᠤ 2460 ᠳ᠋ᠦᠩᠰᠢᠭᠤᠷ ᠲᠥᠭᠦᠷᠢᠭ ᠠᠴᠠ ᠨᠡᠮᠡᠭᠳᠡᠭᠡᠳ 2017 ᠣᠨ ᠤ 3118 ᠳ᠋ᠦᠩᠰᠢᠭᠤᠷ ᠲᠥᠭᠦᠷᠢᠭ ᠪᠣᠯᠵᠤ᠂ ᠲᠡᠭᠦᠨ ᠤ ᠳᠣᠲᠣᠷ᠎ᠠ 80%᠎ ᠠᠴᠠ ᠳᠡᠭᠡᠭᠰᠢᠬᠢ ᠶᠢ ᠨᠢ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠳᠤ ᠬᠡᠷᠡᠭᠯᠡᠵᠦ᠂ ᠭᠤᠣᠯᠳᠠᠯᠭ᠎ᠠ ᠲᠠᠢ ᠪᠠᠷ ︽ᠳᠥᠷᠪᠡ ᠳᠤ ᠬᠡᠯᠪᠡᠶᠢᠯᠭᠡᠬᠦ︾᠎ ᠶᠢ ᠪᠡᠶᠡᠯᠡᠭᠦᠯᠪᠡ᠃      ᠨᠢᠭᠡ ᠳᠤ᠂ ᠲᠤᠰᠬᠠᠢ ᠵᠦᠢᠯ ᠳᠤ ᠬᠡᠯᠪᠡᠶᠢᠯᠭᠡᠪᠡ᠃ ᠶᠠᠳᠠᠭᠤ ᠬᠦᠴᠢᠷ ᠭᠠᠵᠠᠷ ᠣᠷᠣᠨ ᠪᠠ ᠪᠠᠭᠤᠷᠠᠢ ᠲᠠᠯ᠎ᠠ ᠳᠤ ᠬᠠᠨᠳᠤᠭᠤᠯᠤᠨ᠂ ᠰᠤᠷᠭᠠᠨ ᠬᠥᠮᠥᠵᠢᠯ ᠤᠨ ᠠᠷᠪᠠᠨ ᠬᠡᠳᠦᠨ ᠴᠢᠬᠤᠯᠠ ᠶᠡᠭᠡ ᠲᠤᠰᠬᠠᠢ ᠵᠦᠢᠯ ᠢ ᠬᠡᠷᠡᠭᠵᠢᠭᠦᠯᠪᠡ᠃ ᠵᠢᠱᠢᠶᠡᠯᠡᠪᠡᠯ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ᠂ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠪᠠᠭᠤᠷᠠᠢ ᠰᠤᠷᠭᠠᠭᠤᠯᠢ ᠶᠢ ᠥᠭᠡᠷᠡᠴᠢᠯᠡᠨ ᠪᠠᠶᠢᠭᠤᠯᠬᠤ ᠲᠥᠯᠥᠪᠯᠡᠭᠡ ︵ᠪᠠᠭᠤᠷᠠᠢ ᠶᠢ ᠥᠭᠡᠷᠡᠴᠢᠯᠡᠬᠦ ᠲᠥᠯᠥᠪᠯᠡᠭᠡ︶᠂ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠰᠤᠷᠭᠠᠭᠤᠯᠢ ᠶᠢᠨ ᠪᠠᠭᠰᠢ ᠶᠢᠨ ᠣᠨᠴᠠ ᠲᠣᠬᠢᠷᠠᠭᠤᠯᠤᠭᠰᠠᠨ ᠠᠵᠢᠯ ᠤᠨ ᠪᠠᠶᠢᠷᠢ ᠶᠢᠨ ᠲᠥᠯᠥᠪᠯᠡᠭᠡ ︵ᠣᠨᠴᠠᠭᠠᠢ ᠠᠵᠢᠯ ᠤᠨ ᠪᠠᠶᠢᠷᠢ ᠶᠢᠨ ᠲᠥᠯᠥᠪᠯᠡᠭᠡ︶᠂ ᠬᠥᠳᠡᠭᠡ ᠲᠣᠰᠬᠤᠨ ᠤ ᠪᠠᠭᠰᠢ ᠨᠠᠷ ᠤᠨ ᠠᠮᠢᠳᠤᠷᠠᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠵᠡᠷᠭᠡ ᠪᠠᠶᠢᠵᠤ᠂ ᠲᠥᠪᠯᠡᠷᠡᠨ ᠵᠠᠯᠭᠠᠯᠳᠤᠭᠰᠠᠨ ᠣᠨᠴᠠ ᠬᠦᠴᠢᠷ ᠭᠠᠵᠠᠷ ᠣᠷᠣᠨ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠵᠦ᠂ ᠵᠠᠷᠢᠮ ᠨᠢ ᠪᠠᠰᠠ ᠮᠤᠵᠢ ᠶᠢᠨ ᠳᠡᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠭᠤᠣᠯᠳᠠᠯᠭ᠎ᠠ ᠲᠠᠢ ᠰᠢᠶᠠᠨ ᠬᠦᠷᠲᠡᠯ᠎ᠡ ᠥᠷᠭᠡᠳᠬᠡᠪᠡ᠃      ᠬᠤᠶᠠᠷ ᠲᠤ᠂ ᠬᠤᠪᠢᠳᠠᠨ ᠡᠭᠦᠷᠭᠡᠯᠡᠬᠦ ᠲᠠᠯ᠎ᠠ ᠪᠠᠷ ᠬᠡᠯᠪᠡᠶᠢᠯᠭᠡᠪᠡ᠃ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠳᠤ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠢ ᠡᠳ᠋ ᠮᠥᠩᠭᠦ ᠪᠠᠷ ᠲᠤᠰᠠᠯᠠᠬᠤ ᠵᠡᠷᠭᠡ ᠳᠤ ᠱᠠᠭᠠᠷᠳᠠᠭᠳᠠᠬᠤ ᠪᠡᠯᠡ ᠮᠥᠩᠭᠦ ᠶᠢ ᠲᠥᠪ ᠤᠨ ᠡᠳ᠋ ᠤᠨ ᠵᠠᠰᠠᠭ ᠠᠴᠠ ᠶᠡᠬᠡᠩᠬᠢ ᠬᠡᠰᠡᠭ ᠢ ᠨᠢ ᠭᠠᠷᠭᠠᠵᠤ᠂ ᠲᠥᠪ ᠬᠢᠭᠡᠳ ᠣᠷᠣᠨ ᠨᠤᠲᠤᠭ ᠤᠨ ᠡᠳ᠋ ᠤᠨ ᠵᠠᠰᠠᠭ ᠤᠨ ᠬᠤᠪᠢᠳᠠᠨ ᠡᠭᠦᠷᠭᠡᠯᠡᠬᠦ ᠬᠠᠷᠢᠴᠠᠯ ᠨᠢ ᠪᠠᠷᠠᠭᠤᠨ ᠬᠡᠰᠡᠭ ᠤᠨ ᠭᠠᠵᠠᠷ ᠣᠷᠣᠨ ᠳᠤ 8᠄ 2᠂ ᠳᠤᠮᠳᠠ ᠬᠡᠰᠡᠭ ᠤᠨ ᠭᠠᠵᠠᠷ ᠣᠷᠣᠨ ᠳᠤ 6᠄ 4 ᠪᠠᠶᠢᠵᠤ᠂ ᠶᠠᠳᠠᠭᠤ ᠬᠦᠴᠢᠷ ᠭᠠᠵᠠᠷ ᠣᠷᠣᠨ ᠲᠡᠶᠢᠰᠢ ᠬᠡᠯᠪᠡᠶᠢᠯᠭᠡᠨ ᠳᠡᠮᠵᠢᠵᠦ ᠪᠠᠶᠢᠬᠤ ᠶᠢ ᠢᠯᠡᠷᠡᠭᠦᠯᠪᠡ᠃      ᠭᠤᠷᠪᠠ ᠳᠤ᠂ ᠬᠦᠴᠦᠨ ᠵᠦᠢᠯ ᠤᠨ ᠲᠠᠯ᠎ᠠ ᠪᠠᠷ ᠬᠡᠯᠪᠡᠶᠢᠯᠭᠡᠪᠡ᠃ ᠲᠥᠪ ᠤᠨ ᠡᠳ᠋ ᠤᠨ ᠵᠠᠰᠠᠭ ᠤᠨ ᠣᠷᠣᠨ ᠨᠤᠲᠤᠭ ᠤᠨ ᠰᠤᠷᠭᠠᠨ ᠬᠥᠮᠥᠵᠢᠯ ᠳᠤ ᠲᠤᠰᠬᠠᠢ ᠵᠦᠢᠯ ᠢᠶᠠᠷ ᠰᠢᠯᠵᠢᠭᠦᠯᠦᠨ ᠬᠤᠪᠢᠶᠠᠷᠢᠯᠠᠬᠤ ᠠᠷᠭ᠎ᠠ ᠬᠡᠯᠪᠡᠷᠢ ᠶᠢ ᠥᠭᠡᠷᠡᠴᠢᠯᠡᠨ ᠲᠡᠭᠦᠯᠳᠡᠷᠵᠢᠭᠦᠯᠵᠦ᠂ ᠶᠠᠳᠠᠭᠤ ᠬᠦᠴᠢᠷᠲᠡᠢ ᠬᠥᠮᠥᠨ ᠠᠮᠠ ᠶᠢᠨ ᠲᠤᠭ᠎ᠠ᠂ ᠶᠠᠳᠠᠭᠤ ᠬᠦᠴᠢᠷ ᠡᠭᠦᠰᠬᠦ ᠨᠣᠷᠮ᠎ᠠ ᠭᠡᠬᠦ ᠡᠨᠡ ᠬᠦ ᠭᠦᠢᠴᠡᠳᠬᠡᠯ ᠲᠤᠭ᠎ᠠ ᠪᠠᠷ ᠪᠡᠯᠡ ᠮᠥᠩᠭᠦ ᠶᠢ ᠲᠣᠭᠠᠴᠠᠨ ᠪᠣᠳᠣᠬᠤ ᠴᠢᠬᠤᠯᠠ ᠬᠦᠴᠦᠨ ᠵᠦᠢᠯ ᠪᠣᠯᠭᠠᠨ᠎ᠠ᠃ ᠡᠭᠦᠨ ᠤ ᠬᠠᠮᠲᠤ ᠣᠷᠣᠨ ᠨᠤᠲᠤᠭ ᠢ ᠮᠤᠵᠢ ᠶᠢᠨ ᠳᠡᠰ ᠤᠨ ᠨᠢᠭᠡᠳᠦᠯᠲᠡᠢ ᠲᠥᠯᠥᠪᠵᠢᠭᠦᠯᠭᠡ ᠶᠢ ᠴᠢᠩᠭᠠᠳᠬᠠᠵᠤ᠂ ᠮᠤᠵᠢ ᠶᠢᠨ ᠬᠡᠪᠴᠢᠶᠡᠨ ᠳᠣᠲᠣᠷᠠᠬᠢ ᠶᠠᠳᠠᠭᠤ ᠬᠦᠴᠢᠷ ᠭᠠᠵᠠᠷ ᠣᠷᠣᠨ ᠪᠠ ᠪᠠᠭᠤᠷᠠᠢ ᠲᠠᠯ᠎ᠠ ᠲᠡᠶᠢᠰᠢ ᠬᠡᠯᠪᠡᠶᠢᠯᠭᠡᠬᠦ ᠬᠡᠷᠡᠭᠲᠡᠢ ᠭᠡᠵᠦ ᠱᠠᠭᠠᠷᠳᠠᠵᠠᠢ᠃      ᠳᠥᠷᠪᠡ ᠳᠤ᠂ ᠡᠳ᠋ ᠮᠥᠩᠭᠦᠨ ᠤ ᠲᠤᠰᠠᠯᠠᠮᠵᠢ ᠶᠢᠨ ᠲᠠᠯ᠎ᠠ ᠪᠠᠷ ᠬᠡᠯᠪᠡᠶᠢᠯᠭᠡᠪᠡ᠃ ᠤᠯᠤᠰ ᠠᠴᠠ ᠣᠶᠢᠷ᠎ᠠ ᠶᠢᠨ ᠵᠢᠯ ᠳᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠠᠩᠰᠠ ᠡᠪᠬᠡᠮᠡᠯ ᠪᠠᠶᠢᠭᠤᠯᠵᠤ ᠺᠠᠷᠲ ᠵᠣᠬᠢᠶᠠᠬᠤ ᠵᠡᠷᠭᠡ ᠭᠡᠷ ᠪᠦᠯᠢ ᠨᠢ ᠠᠵᠤ ᠠᠬᠤᠢ ᠶᠢᠨ ᠲᠠᠯ᠎ᠠ ᠪᠠᠷ ᠶᠠᠳᠠᠭᠤ ᠬᠦᠴᠢᠷ ᠰᠤᠷᠤᠭᠴᠢᠳ ᠠᠴᠠ ᠰᠤᠷᠤᠯᠭ᠎ᠠ ᠶᠢᠨ ᠰᠦᠢᠳᠬᠡᠯ ᠪᠠ ᠰᠤᠯᠠ ᠵᠠᠷᠤᠳᠠᠯ ᠢ ᠬᠡᠯᠲᠦᠷᠢᠭᠦᠯᠬᠦ ᠵᠡᠷᠭᠡ ᠡᠳ᠋ ᠮᠥᠩᠭᠦ ᠪᠠᠷ ᠲᠤᠰᠠᠯᠠᠬᠤ 6 ᠵᠦᠢᠯ ᠤᠨ ᠰᠢᠨ᠎ᠡ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠨᠡᠶᠢᠲᠡᠯᠡᠵᠦ᠂ ᠡᠳ᠋ ᠮᠥᠩᠭᠦ ᠪᠠᠷ ᠲᠤᠰᠠᠯᠠᠬᠤ 11 ᠵᠦᠢᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠡᠢ᠃ ᠰᠠᠭᠤᠷᠢ ᠰᠤᠷᠭᠠᠨ ᠬᠥᠮᠥᠵᠢᠯ ᠤᠨ ᠱᠠᠲᠤᠨ ᠤ ᠰᠤᠷᠤᠭᠴᠢᠳ ᠢ ᠲᠤᠰᠠᠯᠠᠭᠰᠠᠨ ᠪᠡᠯᠡ ᠮᠥᠩᠭᠦ ᠶᠢᠨ 80% ᠣᠷᠴᠢᠮ ᠢ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠳᠤ ᠬᠡᠷᠡᠭᠯᠡᠵᠡᠢ᠃      2012 ᠣᠨ ᠠᠴᠠ 2017 ᠣᠨ ᠬᠦᠷᠲᠡᠯᠡᠬᠢ ᠲᠠᠪᠤᠨ ᠵᠢᠯ ᠳᠤ᠂ ᠤᠯᠤᠰ ᠤᠨ ᠡᠳ᠋ ᠤᠨ ᠵᠠᠰᠠᠭ ᠤᠨ ᠴᠢᠨᠠᠷᠲᠠᠢ ᠰᠤᠷᠭᠠᠨ ᠬᠥᠮᠥᠵᠢᠯ ᠤᠨ ᠵᠠᠷᠤᠳᠠᠯ ᠢ ᠬᠡᠷᠡᠭᠯᠡᠭᠰᠡᠨ ᠨᠢ ︽ᠬᠤᠶᠠᠷ ᠢ ᠲᠦᠷᠭᠡᠳᠬᠡᠵᠦ ᠨᠢᠭᠡ ᠶᠢ ᠴᠢᠩᠭᠠᠳᠬᠠᠬᠤ︾᠎ ᠪᠠᠷ ᠢᠯᠡᠷᠡᠪᠡ᠃ ᠣᠷᠣᠨ ᠬᠡᠪᠴᠢᠶ᠎ᠡ ᠠᠴᠠ ᠠᠪᠴᠤ ᠦᠵᠡᠪᠡᠯ᠂ ᠪᠠᠷᠠᠭᠤᠨ ᠬᠡᠰᠡᠭ ᠤᠨ ᠭᠠᠵᠠᠷ ᠣᠷᠣᠨ ᠤ ᠨᠡᠮᠡᠭᠳᠡᠯ ᠨᠢ ᠬᠠᠮᠤᠭ ᠤᠨ ᠲᠦᠷᠭᠡᠨ ᠪᠠᠶᠢᠵᠤ᠂ 50%᠎ ᠪᠠᠷ ᠨᠡᠮᠡᠭᠳᠡᠨ᠂ ᠣᠨᠴᠠᠭᠠᠶᠢᠯᠠᠨ ︽ᠭᠤᠷᠪᠠᠨ ᠣᠷᠣᠨ ᠭᠤᠷᠪᠠᠨ ᠵᠧᠦ︾ ︵ᠭᠤᠷᠪᠠᠨ ᠣᠷᠣᠨ ᠭᠡᠳᠡᠭ ᠨᠢ ᠲᠥᠪᠡᠳ᠂ ᠰᠢᠨᠵᠢᠶᠠᠩ ᠤᠨ ᠨᠠᠨᠵᠢᠶᠠᠩ ᠳᠠᠬᠢ ᠳᠥᠷᠪᠡᠨ ᠣᠷᠣᠨ ᠵᠧᠦ᠂ ᠳᠥᠷᠪᠡᠨ ᠮᠤᠵᠢ ᠶᠢᠨ ᠲᠥᠪᠡᠳ ᠣᠷᠣᠨ ᠢ ᠵᠢᠭᠠᠵᠤ᠂ ᠭᠤᠷᠪᠠᠨ ᠵᠧᠦ ᠭᠡᠳᠡᠭ ᠨᠢ ᠭᠠᠨᠰᠤ ᠶᠢᠨ ᠯᠢᠨᠰᠢᠶᠠ ᠵᠧᠦ᠂ ᠰᠧᠴᠤᠸᠠᠨ ᠤ ᠯᠢᠶᠠᠩᠱᠠᠨ ᠵᠧᠦ᠂ ᠶᠦᠨᠨᠠᠨ ᠤ ᠨᠤᠵᠢᠶᠠᠩ ᠵᠧᠦ ᠶᠢ ᠵᠢᠭᠠᠵᠤ ᠪᠠᠶᠢᠨ᠎ᠠ︶ ᠨᠡᠮᠡᠭᠳᠡᠯ ᠎ ᠨᠢ ᠨᠡᠩ ᠲᠦᠷᠭᠡᠨ ᠪᠠᠶᠢᠵᠤ᠂ 82%᠎ ᠪᠠᠷ ᠨᠡᠮᠡᠭᠳᠡᠵᠦ᠂ ᠪᠦᠬᠦ ᠤᠯᠤᠰ ᠤᠨ ᠳᠤᠮᠳᠠᠴᠢ ᠨᠡᠮᠡᠭᠳᠡᠯ ᠤᠨ ᠬᠡᠮᠵᠢᠶ᠎ᠡ ᠠᠴᠠ ᠬᠤᠯᠠ ᠥᠨᠳᠥᠷ ᠪᠠᠶᠢᠳᠠᠭ᠃ ᠰᠤᠷᠭᠠᠨ ᠬᠥᠮᠥᠵᠢᠯ ᠤᠨ ᠱᠠᠲᠤ ᠦᠶ᠎ᠡ ᠠᠴᠠ ᠠᠪᠴᠤ ᠦᠵᠡᠪᠡᠯ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠳᠠᠬᠢ ᠨᠡᠮᠡᠭᠳᠡᠯ ᠨᠢ ᠬᠠᠮᠤᠭ ᠤᠨ ᠲᠦᠷᠭᠡᠨ ᠪᠠᠶᠢᠵᠤ᠂ ᠲᠠᠪᠤᠨ ᠵᠢᠯ ᠳᠤ ᠬᠤᠶᠠᠷ ᠳᠠᠬᠢᠨ ᠨᠡᠮᠡᠭᠳᠡᠵᠡᠢ᠃ ᠶᠠᠳᠠᠭᠤ ᠬᠦᠴᠢᠷ ᠨᠡᠶᠢᠲᠡ ᠴᠣᠭᠴᠠ ᠠᠴᠠ ᠠᠪᠴᠤ ᠦᠵᠡᠪᠡᠯ᠂ ᠰᠤᠷᠤᠭᠴᠢᠳ ᠢ ᠡᠳ᠋ ᠮᠥᠩᠭᠦ ᠪᠠᠷ ᠳᠡᠮᠵᠢᠭᠰᠡᠨ ᠡᠷᠴᠢᠮ ᠦᠷᠭᠦᠯᠵᠢᠯᠡᠨ ᠴᠢᠩᠭᠠᠷᠠᠪᠠ᠃ 2017 ᠣᠨ ᠤ ᠪᠦᠬᠦ ᠤᠯᠤᠰ ᠤᠨ ᠡᠳ᠋ ᠮᠥᠩᠭᠦ ᠪᠠᠷ ᠳᠡᠮᠵᠢᠭᠰᠡᠨ ᠶᠠᠳᠠᠭᠤ ᠬᠦᠴᠢᠷ ᠰᠤᠷᠤᠭᠴᠢ ᠶᠢᠨ ᠵᠠᠷᠤᠳᠠᠯ ᠨᠢᠭᠡᠨᠲᠡ 1400 ᠭᠠᠷᠤᠢ ᠳ᠋ᠦᠩᠰᠢᠭᠤᠷ ᠲᠥᠭᠦᠷᠢᠭ ᠲᠤ ᠬᠦᠷᠴᠦ᠂ ᠲᠠᠪᠤᠨ ᠵᠢᠯ ᠳᠤ 62%᠎ ᠪᠠᠷ ᠨᠡᠮᠡᠭᠳᠡᠭᠰᠡᠨ ᠪᠠᠶᠢᠨ᠎ᠠ᠃      ︽ᠬᠤᠲᠠ ᠳᠤ ᠰᠢᠬᠠᠭᠤ᠂ ᠬᠥᠳᠡᠭᠡ ᠲᠣᠰᠬᠤᠨ ᠳᠤ ᠪᠠᠭᠤᠷᠢ︾ ᠠᠰᠠᠭᠤᠳᠠᠯ ᠢ ᠰᠢᠢᠳᠪᠦᠷᠢᠯᠡᠬᠦ᠄ ᠡᠷᠴᠢᠮ ᠢ ᠴᠢᠩᠭᠠᠷᠠᠭᠤᠯᠤᠨ ᠴᠢᠭᠯᠡᠯ ᠢ ᠲᠣᠬᠢᠷᠠᠭᠤᠯᠵᠤ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠪᠠ      ᠬᠡᠳᠦᠶᠢᠪᠡᠷ ᠰᠤᠷᠭᠠᠨ ᠬᠥᠮᠥᠵᠢᠯ ᠤᠨ ᠣᠷᠣᠭᠤᠯᠤᠯᠲᠠ ᠶᠢ ᠶᠡᠷᠦ ᠠᠴᠠ ᠶᠠᠳᠠᠭᠤ ᠬᠦᠴᠢᠷ ᠭᠠᠵᠠᠷ ᠣᠷᠣᠨ ᠲᠡᠶᠢᠰᠢ ᠬᠡᠯᠪᠡᠶᠢᠯᠭᠡᠵᠦ ᠪᠠᠶᠢᠭᠰᠠᠨ ᠪᠣᠯᠪᠠᠴᠤ ᠬᠤᠲᠠ ᠬᠥᠳᠡᠭᠡ ᠨᠢ ᠬᠤᠶᠠᠷ ᠡᠰᠢᠲᠦ ᠪᠦᠲᠦᠴᠡ ᠶᠢᠨ ᠵᠥᠷᠢᠶ᠎ᠡ ᠣᠷᠣᠰᠢᠵᠤ᠂ ᠬᠥᠳᠡᠭᠡ ᠲᠣᠰᠬᠤᠨ ᠤ ᠰᠤᠷᠭᠠᠨ ᠬᠥᠮᠥᠵᠢᠯ ᠶᠢ ᠬᠤᠲᠠ ᠶᠢᠨ ᠬᠢ ᠲᠠᠢ ᠬᠠᠷᠢᠴᠠᠭᠤᠯᠪᠠᠯ᠂ ᠶᠡᠷᠦᠩᠬᠡᠢ ᠳᠤ ᠪᠠᠨ ᠨᠡᠯᠢᠶᠡᠳ ᠪᠠᠭᠤᠷᠠᠢ ᠪᠠᠶᠢᠳᠠᠭ᠃ ︽ᠬᠤᠲᠠ ᠳᠤ ᠰᠢᠬᠠᠭᠤ᠂ ᠬᠥᠳᠡᠭᠡ ᠲᠣᠰᠬᠤᠨ ᠳᠤ ᠪᠠᠭᠤᠷᠠᠢ︾ ᠪᠣᠯ ᠬᠥᠭᠵᠢᠯᠲᠡ ᠲᠡᠩᠴᠡᠭᠦᠷᠢ ᠦᠭᠡᠢ ᠪᠠᠶᠢᠬᠤ ᠶᠢᠨ ᠰᠤᠷᠭᠠᠨ ᠬᠥᠮᠥᠵᠢᠯ ᠳᠤᠮᠳᠠᠬᠢ ᠨᠢᠭᠡᠨ ᠲᠣᠪᠣᠶᠢᠮ᠎ᠠ ᠢᠯᠡᠷᠡᠯ ᠪᠣᠯᠣᠨ᠎ᠠ᠃      ︽ᠬᠤᠲᠠ ᠳᠤ ᠰᠢᠬᠠᠭᠤ︾ ᠪᠠᠶᠢᠭ᠎ᠠ ᠶᠢᠨ ᠲᠣᠪᠣᠶᠢᠮ᠎ᠠ ᠢᠯᠡᠷᠡᠯ ᠨᠢ ᠰᠤᠷᠤᠭᠴᠢ ᠶᠢᠨ ᠲᠤᠭ᠎ᠠ ᠬᠡᠲᠦᠷᠡᠭᠰᠡᠨ ᠠᠩᠭᠢ ᠪᠣᠯᠣᠨ᠎ᠠ᠃ ᠰᠤᠷᠭᠠᠨ ᠬᠥᠮᠥᠵᠢᠯ ᠤᠨ ᠶᠠᠮᠤᠨ ᠤ ᠪᠦᠷᠢᠳᠬᠡᠭᠰᠡᠨ ᠢ ᠦᠨᠳᠦᠰᠦᠯᠡᠪᠡᠯ᠂ 2017 ᠣᠨ ᠤ ᠡᠴᠦᠰ ᠪᠣᠯᠲᠠᠯ᠎ᠠ᠂ ᠪᠦᠬᠦ ᠤᠯᠤᠰ ᠲᠤ 56 ᠬᠥᠮᠥᠨ ᠠᠴᠠ ᠳᠡᠭᠡᠭᠰᠢᠬᠢ ᠰᠤᠷᠤᠭᠴᠢ ᠶᠢᠨ ᠲᠤᠭ᠎ᠠ ᠬᠡᠲᠦᠷᠡᠭᠰᠡᠨ ᠠᠩᠭᠢ 36.8 ᠲᠦᠮᠡ ᠪᠠᠶᠢᠵᠤ᠂ ᠡᠵᠡᠯᠡᠬᠦ ᠬᠠᠷᠢᠴᠠᠯ ᠨᠢ 10% ᠪᠣᠯᠣᠨ᠎ᠠ᠃ 66 ᠬᠥᠮᠥᠨ ᠠᠴᠠ ᠳᠡᠭᠡᠭᠰᠢᠬᠢ ᠰᠤᠷᠤᠭᠴᠢ ᠶᠢᠨ ᠲᠤᠭ᠎ᠠ ᠬᠡᠳᠦ ᠬᠡᠲᠦᠷᠡᠭᠰᠡᠨ ᠠᠩᠭᠢ 8.6 ᠲᠦᠮᠡᠨ ᠪᠠᠶᠢᠵᠠᠢ᠃ ︽ᠰᠤᠷᠤᠭᠴᠢ ᠶᠢᠨ ᠲᠤᠭ᠎ᠠ ᠬᠡᠳᠦ ᠬᠡᠲᠦᠷᠡᠭᠰᠡᠨ ᠠᠩᠭᠢ ᠪᠠ ᠰᠤᠷᠤᠭᠴᠢ ᠶᠢᠨ ᠲᠤᠭ᠎ᠠ ᠬᠡᠲᠦᠷᠡᠭᠰᠡᠨ ᠠᠩᠭᠢ ᠶᠢᠨ ᠠᠰᠠᠭᠤᠳᠠᠯ ᠨᠢ ᠰᠤᠷᠭᠠᠨ ᠬᠥᠮᠥᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠬᠦᠨᠳᠦ ᠨᠣᠴᠢᠲᠠᠢ ᠨᠥᠯᠥᠭᠡᠯᠡᠵᠦ ᠪᠠᠶᠢᠬᠤ ᠪᠣᠯᠬᠤᠷ᠂ ᠰᠤᠷᠭᠠᠨ ᠬᠥᠮᠥᠵᠢᠯ ᠤᠨ ᠶᠠᠮᠤᠨ ᠠᠴᠠ ᠲᠥᠯᠥᠪᠵᠢᠭᠦᠯᠭᠡ ᠬᠢᠵᠦ᠂ ᠡᠨᠡ ᠵᠢᠯ ᠤᠨ ᠡᠴᠦᠰ ᠪᠣᠯᠲᠠᠯ᠎ᠠ 66 ᠬᠥᠮᠥᠨ ᠠᠴᠠ ᠳᠡᠭᠡᠭᠰᠢᠬᠢ ᠰᠤᠷᠤᠭᠴᠢ ᠶᠢᠨ ᠲᠤᠭ᠎ᠠ ᠬᠡᠳᠦ ᠬᠡᠲᠦᠷᠡᠭᠰᠡᠨ ᠠᠩᠭᠢ ᠶᠢ ᠦᠨᠳᠦᠰᠦᠨ ᠳᠤ ᠪᠠᠨ ᠦᠭᠡᠶᠢᠰᠬᠡᠵᠦ᠂ 2020 ᠣᠨ ᠳᠤ ᠰᠤᠷᠤᠭᠴᠢ ᠶᠢᠨ ᠲᠤᠭ᠎ᠠ ᠬᠡᠲᠦᠷᠡᠭᠰᠡᠨ ᠠᠩᠭᠢ ᠶᠢ ᠦᠨᠳᠦᠰᠦᠨ ᠳᠤ ᠪᠠᠨ ᠦᠭᠡᠶᠢᠰᠬᠡᠬᠦ ᠬᠡᠷᠡᠭᠲᠡᠢ︾ ᠭᠡᠵᠦ ᠵᠧᠩ ᠹᠦ᠋ ᡁᠢ ᠢᠯᠡᠷᠬᠡᠶᠢᠯᠡᠬᠦ ᠳᠤ ᠪᠠᠨ᠂ ᠨᠢᠭᠡᠨᠲᠡ ᠪᠠᠶᠢᠭ᠎ᠠ ᠲᠥᠯᠥᠪᠯᠡᠭᠡ ᠶᠢᠨ ᠪᠡᠯᠡ ᠮᠥᠩᠭᠦ ᠶᠢᠨ ᠬᠡᠷᠡᠭᠯᠡᠭᠡᠨ ᠤ ᠴᠢᠭᠯᠡᠯ ᠢ ᠰᠤᠳᠤᠯᠤᠨ ᠲᠣᠬᠢᠷᠠᠭᠤᠯᠵᠤ᠂ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢ ᠦᠷᠭᠦᠯᠵᠢᠯᠡᠨ ᠨᠡᠮᠡᠭᠳᠡᠭᠦᠯᠵᠦ᠂ 2018 ᠣᠨ ᠳᠤ ᠪᠠᠭᠤᠷᠠᠢ ᠰᠤᠷᠭᠠᠭᠤᠯᠢ ᠶᠢ ᠥᠭᠡᠷᠡᠴᠢᠯᠡᠨ ᠪᠠᠶᠢᠭᠤᠯᠬᠤ ᠲᠥᠯᠥᠪᠯᠡᠭᠡ ᠶᠢᠨ ᠪᠡᠯᠡ ᠮᠥᠩᠭᠦ ᠶᠢ 5 ᠳ᠋ᠦᠩᠰᠢᠭᠤᠷ ᠲᠥᠭᠦᠷᠢᠭ ᠨᠡᠮᠡᠭᠳᠡᠭᠦᠯᠦᠨ᠂ 360 ᠳ᠋ᠦᠩᠰᠢᠭᠤᠷ ᠲᠥᠭᠦᠷᠢᠭ ᠪᠣᠯᠭᠠᠬᠤ ᠬᠡᠷᠡᠭᠲᠡᠢ᠃ ᠡᠨᠡ ᠬᠦ ᠬᠡᠰᠡᠭ ᠪᠡᠯᠡ ᠮᠥᠩᠭᠦ ᠪᠠᠷ ᠰᠤᠷᠤᠭᠴᠢ ᠶᠢᠨ ᠲᠤᠭ᠎ᠠ ᠬᠡᠳᠦ ᠬᠡᠲᠦᠷᠡᠭᠰᠡᠨ ᠠᠩᠭᠢ ᠶᠢᠨ ᠠᠰᠠᠭᠤᠳᠠᠯ ᠢ ᠤᠷᠢᠳ ᠢᠶᠠᠷ ᠰᠢᠢᠳᠪᠦᠷᠢᠯᠡᠬᠦ ᠬᠡᠷᠡᠭᠲᠡᠢ ᠭᠡᠰᠡᠨ ᠪᠠᠶᠢᠨ᠎ᠠ᠃      ᠵᠧᠩ ᠹᠦ᠋ ᡁᠢ ᠶᠢᠨ ᠲᠠᠨᠢᠯᠴᠠᠭᠤᠯᠤᠭᠰᠠᠨ ᠢᠶᠠᠷ᠂ ︽ᠬᠥᠳᠡᠭᠡ ᠲᠣᠰᠬᠤᠨ ᠳᠤ ᠪᠠᠭᠤᠷᠠᠢ︾ ᠪᠠᠶᠢᠭ᠎ᠠ ᠶᠢᠨ ᠬᠠᠮᠤᠭ ᠤᠨ ᠪᠠᠭᠤᠷᠠᠢ ᠭᠠᠵᠠᠷ ᠨᠢ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ ᠪᠠ ᠰᠢᠶᠠᠩ ᠪᠠᠯᠭᠠᠰᠤ ᠶᠢᠨ ᠰᠠᠭᠤᠭᠠᠯᠢ ᠶᠢᠨ ᠳᠦᠷᠢᠮᠲᠦ ᠰᠤᠷᠭᠠᠭᠤᠯᠢ ᠪᠣᠯᠣᠨ᠎ᠠ᠂ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ ᠨᠢ ᠳᠠᠷᠤᠢ ᠶᠡᠷᠦᠳᠡ ᠶᠢᠨ ᠬᠡᠯᠡᠳᠡᠭ ᠵᠢᠭᠠᠨ ᠰᠤᠷᠭᠠᠯᠲᠠ ᠶᠢᠨ ᠴᠢᠭ᠋ ᠪᠠᠶᠢᠵᠤ᠂ ᠰᠤᠷᠭᠠᠭᠤᠯᠢ ᠶᠢᠨ ᠬᠡᠪᠴᠢᠶ᠎ᠡ ᠨᠢ ᠮᠠᠰᠢ ᠪᠠᠭ᠎ᠠ ᠪᠠᠶᠢᠵᠤ᠂ ᠰᠤᠷᠤᠭᠴᠢ ᠶᠢᠨ ᠳᠤᠮᠳᠠᠴᠢ ᠵᠠᠷᠤᠳᠠᠯ ᠢᠶᠠᠷ ᠵᠣᠭᠤᠰ ᠰᠠᠯᠭᠠᠨ ᠣᠯᠭᠤᠬᠤ ᠪᠣᠯᠬᠤᠷ᠂ ᠵᠠᠷᠤᠳᠠᠯ ᠤᠨ ᠶᠡᠷᠦᠩᠬᠡᠢ ᠬᠡᠮᠵᠢᠶ᠎ᠡ ᠨᠢ ᠭᠦᠢᠴᠡᠳ ᠦᠭᠡᠢ ᠪᠠᠶᠢᠳᠠᠭ᠃ ᠡᠶᠢᠮᠦ ᠠᠴᠠ ᠡᠳᠦᠷ ᠲᠤᠲᠤᠮ ᠤᠨ ᠠᠵᠢᠯᠯᠠᠭᠠᠨ ᠢᠶᠠᠨ ᠪᠠᠲᠤᠯᠠᠬᠤ ᠳᠤ ᠨᠡᠯᠢᠶᠡᠳ ᠬᠦᠴᠢᠷᠲᠡᠢ ᠪᠠᠶᠢᠳᠠᠭ᠃ ᠰᠠᠭᠤᠭᠠᠯᠢ ᠶᠢᠨ ᠳᠦᠷᠢᠮᠲᠦ ᠰᠤᠷᠭᠠᠭᠤᠯᠢ ᠶᠢᠨ ᠠᠰᠠᠭᠤᠳᠠᠯ ᠨᠢ ᠭᠤᠣᠯᠳᠠᠭᠤ ᠰᠤᠷᠭᠠᠭᠤᠯᠢ ᠡᠷᠬᠢᠯᠡᠬᠦ ᠨᠥᠬᠦᠴᠡᠯ ᠨᠢ ᠬᠦᠷᠦᠯᠴᠡᠬᠦ ᠦᠭᠡᠢ᠂ ᠰᠤᠷᠤᠭᠴᠢ ᠶᠢᠨ ᠣᠷᠣ ᠎ ᠨᠢ ᠴᠤ ᠭᠦᠢᠴᠡᠳ ᠦᠭᠡᠢ ᠶᠠᠪᠤᠳᠠᠯ ᠪᠣᠯᠣᠨ᠎ᠠ᠃      ᠬᠥᠳᠡᠭᠡ ᠲᠣᠰᠬᠤᠨ ᠳᠤ ᠪᠠᠭᠤᠷᠠᠢ ᠠᠰᠠᠭᠤᠳᠠᠯ ᠢ ᠰᠢᠢᠳᠪᠦᠷᠢᠯᠡᠬᠦ ᠳᠤ᠂ ᠵᠠᠩᠭᠢᠯᠠᠭ᠎ᠠ ᠨᠢ ᠨᠢᠭᠡᠨᠲᠡ ᠪᠠᠶᠢᠭ᠎ᠠ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠨᠢ ᠬᠤᠶᠠᠷ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ︽ᠨᠢᠭᠡ ᠳᠤ᠂ ᠡᠯ᠎ᠡ ᠭᠠᠵᠠᠷ ᠢ ᠰᠢᠮᠳᠠᠭᠤᠯᠵᠤ ᠬᠥᠳᠡᠭᠡ ᠲᠣᠰᠬᠤᠨ ᠤ 100 ᠬᠥᠮᠥᠨ ᠬᠦᠷᠬᠦ ᠦᠭᠡᠢ ᠪᠠᠭ᠎ᠠ ᠬᠡᠪᠴᠢᠶᠡᠨ ᠤ ᠰᠤᠷᠭᠠᠭᠤᠯᠢ ᠳᠤ᠂ 100 ᠬᠥᠮᠥᠨ ᠤ ᠶᠣᠰᠣᠭᠠᠷ ᠨᠡᠶᠢᠲᠡ ᠶᠢᠨ ᠬᠡᠷᠡᠭᠯᠡᠭᠡᠨ ᠵᠠᠷᠤᠳᠠᠯ ᠰᠠᠯᠭᠠᠨ ᠥᠭᠴᠦ᠂ 80 ᠬᠥᠮᠥᠨ ᠪᠠᠶᠢᠭᠰᠠᠨ ᠴᠤ 100 ᠬᠥᠮᠥᠨ ᠤ ᠶᠣᠰᠣᠭᠠᠷ ᠰᠠᠯᠭᠠᠨ ᠥᠭᠬᠦ ᠬᠡᠷᠡᠭᠲᠡᠢ᠃ ᠬᠤᠶᠠᠷ ᠲᠤ᠂ ᠰᠠᠭᠤᠭᠠᠯᠢ ᠰᠤᠷᠤᠭᠴᠢ ᠳᠤ ᠵᠢᠯ ᠪᠦᠷᠢ 200 ᠲᠥᠭᠦᠷᠢᠭ/ ᠬᠥᠮᠥᠨ ᠤ ᠪᠠᠷᠢᠮᠵᠢᠶ᠎ᠠ ᠪᠠᠷ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠣᠯᠭᠤᠬᠤ ᠲᠥᠷᠥ ᠶᠢᠨ ᠪᠣᠳᠣᠯᠭ᠎ᠠ ᠶᠢ ᠰᠢᠮᠳᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠨᠢᠭᠡᠨᠲᠡ ᠲᠣᠭᠲᠠᠭᠠᠪᠠ᠂ ᠭᠡᠲᠡᠯ᠎ᠡ ᠪᠦᠷᠢᠮᠦᠰᠦᠨ ᠨᠠᠶᠢᠳᠠᠪᠤᠷᠢᠵᠢᠭᠤᠯᠵᠤ ᠳᠡᠶᠢᠯᠦᠭᠡ ᠦᠭᠡᠢ ᠪᠠᠶᠢᠨ᠎ᠠ᠃ ᠪᠢᠳᠡ ᠨᠢᠭᠡ ᠬᠠᠷᠠᠯᠲᠠ ᠶᠢ ᠲᠣᠭᠲᠠᠭᠠᠪᠠ᠂ ᠳᠠᠷᠤᠢ 2018 ᠣᠨ ᠳᠤ ᠪᠦᠬᠦᠨ ᠢ ᠭᠦᠢᠴᠡᠳᠬᠡᠬᠦ ᠬᠡᠷᠡᠭᠲᠡᠢ︾ ᠭᠡᠵᠦ ᠳᠤᠷᠠᠳᠤᠨ ᠭᠠᠷᠭᠠᠵᠠᠢ᠃      ᠪᠠᠭᠰᠢ ᠶᠢᠨ ᠴᠠᠯᠢᠩ ᠤᠨ ᠣᠷᠣᠯᠭ᠎ᠠ᠄ ᠲᠤᠬᠠᠢ ᠶᠢᠨ ᠭᠠᠵᠠᠷ ᠤᠨ ᠠᠯᠪᠠᠲᠠᠨ ᠲᠠᠢ ᠠᠳᠠᠯᠢ ᠰᠢᠰᠲ᠋ᠧᠮ ᠠᠳᠠᠯᠢ ᠠᠯᠬᠤᠮ ᠢᠶᠠᠷ ᠲᠠᠷᠬᠠᠭᠠᠨ ᠣᠯᠭᠤᠨ᠎ᠠ      ᠬᠥᠳᠡᠭᠡ  ᠲᠣᠰᠬᠤᠨ ᠎ ᠤ ᠪᠠᠭᠰᠢ ᠶᠡᠷᠦᠩᠬᠡᠢ ᠳᠤ ᠪᠠᠨ ᠳᠤᠲᠠᠮᠠᠭ  ᠂ ᠪᠦᠲᠦᠴᠡ ᠨᠢ  ᠵᠦᠢ ᠵᠣᠬᠢᠰ ᠦᠭᠡᠢ ᠪᠠᠶᠢᠵᠤ᠂ ᠵᠠᠷᠢᠮ ᠭᠠᠵᠠᠷ ᠣᠷᠣᠨ ᠤ ᠪᠠᠭᠰᠢ ᠶᠢᠨ ᠬᠠᠷᠠᠭᠠᠯᠵᠠᠯ  ᠳᠣᠣᠷ᠎ᠠ᠂ ᠪᠣᠯᠪᠠᠰᠤᠷᠠᠭᠤᠯᠤᠯ ᠬᠦᠷᠲᠡᠬᠦ ᠲᠣᠬᠢᠶᠠᠯ ᠭᠦᠢᠴᠡᠳ ᠦᠭᠡᠢ᠂ ᠠᠵᠢᠯ ᠮᠡᠷᠭᠡᠵᠢᠯ ᠤᠨ ᠲᠠᠲᠠᠬᠤ ᠬᠦᠴᠦᠨ ᠬᠦᠷᠦᠯᠴᠡᠬᠦ ᠦᠭᠡᠢ᠂ ︽ᠪᠠᠭᠤᠵᠤ ᠳᠡᠶᠢᠯᠬᠦ ᠦᠭᠡᠢ᠂ ᠦᠯᠡᠳᠡᠭᠡᠵᠦ ᠳᠡᠶᠢᠯᠬᠦ ᠦᠭᠡᠢ᠂ ᠵᠢᠭᠠᠵᠤ ᠴᠢᠳᠠᠬᠤ ᠦᠭᠡᠢ︾ ᠠᠰᠠᠭᠤᠳᠠᠯ ᠲᠣᠪᠣᠶᠢᠮ᠎ᠠ ᠪᠠᠶᠢᠨ᠎ᠠ᠃      ︽ᠪᠠᠭᠤᠵᠤ ᠳᠡᠶᠢᠯᠬᠦ ᠦᠭᠡᠢ ᠪᠠᠶᠢᠭ᠎ᠠ ᠶᠢᠨ ᠰᠢᠯᠲᠠᠭᠠᠨ ᠨᠢ ᠣᠯᠠᠨ ᠲᠠᠯ᠎ᠠ ᠶᠢᠨ ᠪᠠᠶᠢᠵᠤ᠂ ᠬᠠᠷᠠᠭᠠᠯᠵᠠᠯ ᠳᠣᠣᠷ᠎ᠠ ᠪᠠᠶᠢᠭ᠎ᠠ ᠪᠣᠯ ᠴᠢᠬᠤᠯᠠ ᠲᠠᠯ᠎ᠠ ᠪᠣᠯᠣᠨ᠎ᠠ︾ ᠭᠡᠵᠦ ᠵᠧᠩ ᠹᠦ᠋ ᡁᠢ ᠢᠯᠡᠷᠬᠡᠶᠢᠯᠡᠬᠦ ᠳᠤ ᠪᠠᠨ᠂ ᠬᠠᠤᠯᠢ ᠶᠣᠰᠣᠭᠠᠷ ᠴᠠᠯᠢᠩ ᠢ ᠪᠠᠲᠤᠯᠠᠨ᠂ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠰᠢᠯᠢᠳᠡᠭ ᠪᠠᠭᠰᠢ ᠶᠢᠨ ᠬᠥᠳᠡᠭᠡ ᠲᠣᠰᠬᠤᠨ ᠲᠡᠶᠢᠰᠢ ᠰᠢᠯᠵᠢᠬᠦ ᠶᠢ ᠵᠣᠷᠢᠭᠵᠢᠭᠤᠯᠤᠨ ᠠᠬᠢᠭᠤᠯᠬᠤ ᠬᠡᠷᠡᠭᠲᠡᠢ ᠭᠡᠵᠡᠢ᠃      ︽︿ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠬᠠᠤᠯᠢ﹀ ᠪᠠ ᠲᠥᠪ ᠤᠨ ᠬᠤᠯᠪᠣᠭᠳᠠᠯ ᠪᠦᠬᠦᠢ ᠲᠣᠭᠲᠠᠭᠠᠯ ᠢᠶᠠᠷ ᠦᠨᠳᠦᠰᠦᠯᠡᠯ ᠪᠣᠯᠭᠠᠵᠤ᠂ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠪᠠᠭᠰᠢ ᠶᠢᠨ ᠳᠤᠮᠳᠠᠴᠢ ᠴᠠᠯᠢᠩ ᠤᠨ ᠣᠷᠣᠯᠭ᠎ᠠ ᠶᠢᠨ ᠬᠢᠷᠢ ᠬᠡᠮᠵᠢᠶ᠎ᠡ ᠶᠢ ᠲᠤᠬᠠᠢ ᠶᠢᠨ ᠭᠠᠵᠠᠷ ᠤᠨ ᠠᠯᠪᠠᠲᠠᠨ ᠤ ᠳᠤᠮᠳᠠᠴᠢ ᠴᠠᠯᠢᠩ ᠤᠨ ᠣᠷᠣᠯᠭ᠎ᠠ ᠶᠢᠨ ᠬᠢᠷᠢ ᠬᠡᠮᠵᠢᠶ᠎ᠡ ᠠᠴᠠ ᠳᠣᠣᠷ᠎ᠠ ᠪᠠᠶᠢᠯᠭᠠᠬᠤ ᠦᠭᠡᠢ᠃ ᠮᠠᠨ ᠤ ᠠᠳᠡ ᠬᠡᠯᠡᠵᠦ ᠪᠠᠶᠢᠭ᠎ᠠ ᠴᠠᠯᠢᠩ ᠤᠨ ᠣᠷᠣᠯᠭ᠎ᠠ ᠨᠢ ᠵᠥᠪᠬᠡᠨ ᠦᠨᠳᠦᠰᠦᠨ ᠴᠠᠯᠢᠩ ᠢ ᠬᠡᠯᠡᠵᠦ ᠪᠠᠶᠢᠬᠤ ᠪᠢᠰᠢ᠂ ᠬᠠᠷᠢᠨ ᠨᠡᠮᠡᠯᠭᠡ ᠨᠡᠮᠡᠭᠦᠷᠢ᠂ ᠠᠵᠢᠯ ᠤᠨ ᠦᠷ᠎ᠡ ᠪᠦᠲᠦᠮᠵᠢ ᠶᠢᠨ ᠴᠠᠯᠢᠩ ᠢ ᠴᠤ ᠪᠠᠭᠲᠠᠭᠠᠵᠤ ᠪᠠᠶᠢᠨ᠎ᠠ᠃ ᠪᠢᠳᠡ ᠪᠠᠭᠰᠢ ᠶᠢᠨ ᠴᠠᠯᠢᠩ ᠤᠨ ᠣᠷᠣᠯᠭ᠎ᠠ ᠶᠢᠨ ᠬᠢᠷᠢ ᠬᠡᠮᠵᠢᠶ᠎ᠡ ᠶᠢ ᠶᠠᠷᠢᠬᠤ ᠳᠤ ᠪᠠᠨ᠂ ᠪᠦᠬᠦ ᠰᠢᠰᠲ᠋ᠧᠮ ᠤᠨ ᠬᠢᠨ ᠤ ᠴᠠᠯᠢᠩ ᠤᠨ ᠣᠷᠣᠯᠭ᠎ᠠ ᠶᠢᠨ ᠬᠢᠷᠢ ᠬᠡᠮᠵᠢᠶ᠎ᠡ ᠶᠢ ᠶᠠᠷᠢᠬᠤ ᠬᠡᠷᠡᠭᠲᠡᠢ︾ ᠭᠡᠵᠦ ᠵᠧᠩ ᠹᠦ᠋ ᡁᠢ ᠬᠡᠯᠡᠬᠦ ᠳᠤ ᠪᠠᠨ᠂ ︽ᠬᠤᠶᠢᠰᠢᠳᠠ ᠴᠠᠯᠢᠩ ᠣᠯᠭᠤᠮᠵᠢ ᠲᠠᠷᠬᠠᠭᠠᠨ ᠣᠯᠭᠤᠬᠤ ᠦᠶ᠎ᠡ ᠳᠤ ︿ᠬᠤᠶᠠᠷ ᠢ ᠠᠳᠠᠯᠢ ᠪᠠᠶᠢᠯᠭᠠᠬᠤ﹀᠎ ᠶᠢ ᠭᠦᠢᠴᠡᠳᠬᠡᠬᠦ ᠬᠡᠷᠡᠭᠲᠡᠢ᠂ ᠨᠢᠭᠡᠳᠦᠭᠡᠷ ᠠᠳᠠᠯᠢ ᠪᠠᠶᠢᠯᠭᠠᠬᠤ ᠭᠡᠳᠡᠭ ᠨᠢ ᠠᠯᠪᠠᠲᠠᠨ ᠤ ᠴᠠᠯᠢᠩ ᠤᠨ ᠣᠷᠣᠯᠭ᠎ᠠ ᠲᠠᠢ ᠠᠳᠠᠯᠢ ᠰᠢᠰᠲ᠋ᠧᠮ ᠢᠶᠠᠷ ᠲᠠᠷᠬᠠᠭᠠᠬᠤ ᠶᠢ ᠭᠦᠢᠴᠡᠳᠬᠡᠬᠦ ᠬᠡᠷᠡᠭᠲᠡᠢ᠃ ᠬᠤᠶᠠᠳᠤᠭᠠᠷ ᠠᠳᠠᠯᠢ ᠪᠠᠶᠢᠯᠭᠠᠬᠤ ᠭᠡᠳᠡᠭ ᠨᠢ ᠠᠳᠠᠯᠢ ᠠᠯᠬᠤᠮ ᠢᠶᠠᠷ ᠲᠠᠷᠬᠠᠭᠠᠵᠤ᠂ ᠠᠯᠪᠠᠲᠠᠨ ᠤ ᠴᠠᠯᠢᠩ ᠢ ᠶᠠᠮᠠᠷ ᠦᠶ᠎ᠡ ᠳᠤ ᠲᠠᠷᠬᠠᠭᠠᠪᠠᠯ᠂ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠪᠠᠭᠰᠢ ᠶᠢᠨ ᠴᠠᠯᠢᠩ ᠢ ᠴᠤ ᠲᠡᠷᠡ ᠦᠶ᠎ᠡ ᠳᠤ ᠲᠠᠷᠬᠠᠭᠠᠬᠤ ᠬᠡᠷᠡᠭᠲᠡᠢ︾ ᠭᠡᠰᠡᠨ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ