ᠯᠢ ᠵᠢᠢ ᠾᠧᠩ ᠪᠦᠬᠦ ᠤᠷᠤᠨ ᠤ ᠶᠡᠭᠡ ᠲᠡᠭᠡᠳᠦ ᠰᠤᠷᠭᠠᠭᠤᠯᠢ ᠶᠢᠨ ᠴᠠᠭ ᠤᠨ ᠪᠠᠶᠢᠳᠠᠯ ᠲᠦᠷᠦ ᠶᠢᠨ ᠪᠤᠳᠤᠯᠭ᠎ᠠ ᠶᠢᠨ ᠮᠡᠳᠡᠭᠦᠯᠦᠯᠳᠡ ᠶᠢᠨ ᠬᠤᠷᠠᠯ ᠲᠡᠭᠡᠷ᠎ᠠ ᠦᠷᠭᠡᠨ ᠤᠯᠠᠨ ᠪᠠᠭᠰᠢ ᠰᠤᠷᠤᠬᠴᠢᠳ ᠢ ᠵᠣᠷᠢᠭᠵᠢᠭᠤᠯᠪᠠ
ᠨᠡᠶᠢᠲᠡᠯᠡᠭᠰᠡᠨ ᠴᠠᠭ᠄
2018/5/4
      5 ᠳ᠋ᠤᠭᠠᠷ ᠰᠠᠷ᠎ᠠ ᠶᠢᠨ 3᠎ ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠬᠠᠤ ᠤᠷᠤᠨ ᠤ ᠨᠠᠮ ᠎ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠬᠦᠷᠴᠤ᠂ ᠦᠷᠭᠡᠨ ᠤᠯᠠᠨ ᠪᠠᠭᠰᠢ ᠰᠤᠷᠤᠬᠴᠢᠳ ᠲᠤ ︽ᠰᠢᠨ᠎ᠠ ᠴᠠᠭ ᠦᠶ᠎ᠠ ᠶᠢ ᠲᠠᠨᠢᠵᠤ᠂ ᠰᠢᠨ᠎ᠠ ᠴᠠᠭ ᠦᠶ᠎ᠠ ᠶᠢ ᠤᠭᠳᠤᠵᠦ᠂ ᠰᠢᠨ᠎ᠠ ᠴᠠᠭ ᠦᠶ᠎ᠠ ᠳᠤ ᠴᠢᠷᠮᠠᠶᠢᠨ ᠠᠵᠢᠯᠯᠠᠵᠤ᠂ ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠵᠤ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠭᠦ ᠶᠢᠨ ᠲᠦᠯᠦᠭᠡ ᠲᠡᠮᠡᠴᠡᠰᠦᠬᠡᠢ︾ ᠬᠡᠭᠦ ᠰᠡᠳᠦᠪ ᠢᠶᠠᠷ ᠴᠠᠭ ᠤᠨ ᠪᠠᠶᠢᠳᠠᠯ ᠲᠦᠷᠦ ᠶᠢᠨ ᠪᠤᠳᠤᠯᠭ᠎ᠠ ᠶᠢᠨ ᠮᠡᠳᠡᠭᠦᠯᠦᠯᠳᠡ ᠬᠢᠵᠤ᠂ ᠤᠯᠠᠨ ᠲᠠᠢ ᠬᠠᠮᠳᠤᠪᠡᠷ ︽ᠲᠠᠪᠤᠨ ᠰᠠᠷ᠎ᠠ ᠶᠢᠨ ᠲᠦᠷᠪᠡᠨ︾᠎ ᠤ ᠬᠦᠳᠡᠯᠭᠡᠭᠡᠨ ᠤ 99 ᠵᠢᠯ ᠤᠨ ᠤᠢ ᠶᠢ ᠲᠤᠷᠠᠰᠬᠠᠪᠠ᠃ ᠮᠡᠳᠡᠭᠦᠯᠦᠯᠳᠡ ᠶᠢᠨ ᠬᠤᠷᠠᠯ ᠲᠡᠭᠡᠷ᠎ᠠ᠂ ᠯᠢ ᠵᠢᠢ ᠾᠧᠩ ︽ᠰᠢᠨ᠎ᠠ ᠴᠠᠭ ᠦᠶ᠎ᠠ︾ ᠬᠡᠭᠦ ᠡᠨᠡᠭᠦ ᠵᠠᠩᠬᠢᠯᠠᠭ᠎ᠠ ᠶᠢᠨ ᠦᠭᠡ ᠶᠢᠨ ᠳᠣᠭᠤᠷᠢᠨ ᠳᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠣᠷᠣᠯᠴᠠᠭᠰᠠᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠭᠦ ᠦᠶ᠎ᠠ ᠳᠤ ᠬᠡᠯᠡᠭᠰᠡᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠲᠠᠭᠠᠭᠤᠯᠤᠨ ᠰᠤᠷᠤᠯᠴᠠᠪᠠ᠃ ᠲᠡᠷᠡ ᠴᠢᠬᠤᠯᠠᠴᠢᠯᠠᠭᠰᠠᠨ ᠨᠢ᠂ ᠮᠠᠨ ᠤ ᠨᠠᠮ ᠲᠤᠮᠳᠠᠳᠤ ᠤᠯᠤᠰ ᠤᠨ ᠤᠨᠴᠯᠠᠢᠭ ᠲᠠᠢ ᠨᠡᠶᠢᠭᠡᠮ ᠵᠢᠷᠦᠮ ᠢ ᠰᠢᠨ᠎ᠠ ᠴᠠᠭ ᠦᠶ᠎ᠠ ᠳᠤ ᠤᠷᠤᠭᠤᠯᠵᠤ ᠴᠢᠳᠠᠬᠰᠠᠨ ᠨᠢ᠂ ᠰᠢ ᠶᠢᠨ ᠫᠢᠩ ᠨᠦᠬᠦᠷ ᠎ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠳᠤ ᠪᠣᠢ᠂ ᠰᠢ ᠶᠢᠨ ᠫᠢᠩ ᠎ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠭᠦ ᠤᠬᠠᠭᠠᠨᠴᠢ ᠵᠢᠯᠤᠭᠤᠳᠤᠯᠭ᠎ᠠ ᠳᠤ ᠪᠤᠢ᠃ ᠪᠦᠬᠦ ᠤᠷᠤᠨ ᠤ ᠦᠷᠭᠡᠨ ᠤᠯᠠᠨ ᠶᠡᠭᠡ ᠲᠡᠭᠡᠳᠦ ᠰᠤᠷᠭᠠᠭᠤᠯᠢ ᠶᠢᠨ ᠪᠠᠭᠰᠢ ᠰᠤᠷᠤᠬᠴᠢᠳ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠴᠢᠬᠤᠯᠠ ᠠᠴᠢ ᠬᠤᠯᠪᠤᠬᠳᠠᠯ ᠢ ᠬᠦᠨᠵᠡᠭᠡᠢ ᠲᠠᠨᠢᠵᠤ᠂ ᠰᠡᠳᠬᠢᠯ ᠤᠨ ᠭᠦᠨ ᠳᠠᠬᠢ ᠮᠡᠳᠡᠷᠡᠮᠵᠢ ᠳᠠᠨᠢᠯᠳᠠ ᠬᠦᠰᠡᠯ ᠬᠦᠬᠡᠭᠡᠴᠡᠯᠳᠦᠯ ᠢᠶᠠᠨ ᠬᠦᠢᠴᠡᠳ ᠲᠠᠶᠢᠴᠢᠯᠡᠵᠤ᠂ ᠦᠨᠡᠨᠭᠦ ᠰᠤᠷᠤᠯᠴᠠᠨ ᠦᠨᠡᠨᠭᠦ ᠤᠢᠢᠯᠠᠭᠠᠵᠤ᠂ ᠦᠨᠡᠨᠭᠦ ᠢᠳᠡᠭᠡᠨ ᠦᠨᠡᠨᠭᠦ ᠬᠡᠷᠡᠭᠯᠡᠵᠤ᠂ ᠦᠨᠡᠨᠭᠦ ᠳᠡᠭᠦᠨ ᠢ ᠬᠡᠷᠡᠭᠯᠡᠨ ᠤᠶᠤᠨ ᠰᠠᠨᠠᠭ᠎ᠠ ᠪᠠᠨ ᠨᠢᠬᠳᠠᠷᠠᠭᠤᠯᠤᠨ ᠰᠤᠷᠤᠯᠭ᠎ᠠ ᠠᠵᠢᠯ ᠢᠶᠠᠨ ᠵᠢᠯᠤᠭᠤᠳᠤᠭᠤᠯᠬᠤ ᠬᠡᠷᠡᠭᠳᠡᠢ ᠬᠡᠪᠠ᠃      ᠯᠢ ᠵᠢᠢ ᠾᠧᠩ ᠵᠢᠭᠠᠭᠰᠠᠨ ᠨᠢ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠰᠢᠨ᠎ᠠ ᠴᠠᠭ ᠦᠶ᠎ᠠ ᠳᠤ ᠤᠷᠤᠵᠤ᠂ ᠦᠪᠦᠷ ᠮᠤᠩᠭᠤᠯ ᠤᠨ ᠬᠦᠭᠵᠢᠯᠳᠡ ᠴᠦ ᠰᠢᠨ᠎ᠠ ᠱᠠᠳᠤᠨ ᠳᠤ ᠤᠷᠤᠪᠠ᠃ ᠦᠷᠭᠡᠨ ᠤᠯᠠᠨ ᠵᠠᠯᠠᠭᠤ ᠰᠤᠷᠤᠬᠴᠢᠳ ᠦᠪᠦᠷ ᠮᠤᠩᠭᠤᠯ ᠤᠨ ᠬᠦᠭᠵᠢᠯᠳᠡ ᠶᠢᠨ ᠲᠡᠤᠭᠡᠨ ᠪᠠᠶᠢᠷᠢ ᠶᠢ ᠵᠦᠪ ᠲᠠᠨᠢᠨ ᠡᠵᠡᠮᠰᠢᠵᠤ᠂ ᠠᠶᠣᠣᠯᠢᠬᠠᠢ ᠴᠡᠭᠡᠵᠢᠨ ᠳᠡᠭᠡᠨ ᠪᠦᠬᠦ ᠲᠠᠯ᠎ᠠ ᠶᠢ ᠪᠤᠳᠤᠯᠬᠢᠯᠠᠵᠣ᠂ ᠴᠠᠭ ᠤᠨ ᠪᠠᠶᠢᠳᠠᠯ ᠢ ᠤᠢᠢᠯᠠᠭᠠᠨ᠂ ᠲᠦᠷᠦ ᠶᠢᠨ ᠪᠤᠳᠤᠯᠭ᠎ᠠ ᠶᠢ ᠡᠵᠡᠮᠰᠢᠵᠤ᠂ ᠤᠳᠤᠬᠠᠨ ᠪᠤᠯᠤᠨ ᠢᠷᠡᠭᠡᠳᠦᠢ ᠶᠢ ᠠᠩᠬᠠᠷᠴᠤ᠂ ᠲᠡᠤᠭᠡ ᠶᠢᠨ ᠪᠤᠤᠬᠢᠶ᠎ᠠ ᠶᠢ ᠰᠠᠶᠢᠳᠤᠷ ᠵᠠᠯᠭᠠᠭᠤᠯᠵᠣ᠂ ᠰᠢᠨ᠎ᠠ ᠴᠠᠭ ᠦᠶ᠎ᠠ ᠶᠢᠨ ᠤᠷᠳᠤ ᠵᠠᠮ ᠤᠨ ᠠᠶᠠᠨ ᠳᠠᠶᠢᠨ ᠤ ᠵᠠᠮ ᠢᠶᠠᠷ ᠰᠠᠶᠢᠳᠤᠷ ᠵᠠᠮᠨᠠᠬᠤ ᠬᠡᠷᠡᠭᠳᠡᠢ ᠭᠡᠵᠡᠢ᠃      ᠯᠢ ᠵᠢᠢ ᠾᠧᠩ ᠦᠷᠭᠡᠨ ᠤᠯᠠᠨ ᠵᠠᠯᠠᠭᠤ ᠰᠤᠷᠤᠬᠴᠢᠳ ᠢ ᠶᠡᠷᠦᠩᠬᠡᠢ ᠱᠦᠵᠢ ᠰᠢ ᠶᠢᠨ ᠫᠢᠩ ᠤᠨ 5 ᠳ᠋ᠤᠭᠠᠷ ᠰᠠᠷ᠎ᠠ ᠶᠢᠨ 2᠎ ᠤᠨ ᠡᠳᠦᠷ ᠤᠨ ᠪᠡᠭᠡᠵᠢᠩ ᠶᠡᠭᠡ ᠰᠤᠷᠭᠠᠭᠤᠯᠢ ᠶᠢᠨ ᠪᠠᠭᠰᠢ ᠰᠤᠷᠤᠬᠴᠢᠳ ᠤᠨ ᠶᠠᠷᠢᠯᠴᠠᠬᠤ ᠬᠤᠷᠠᠯ ᠳᠡᠭᠡᠷ᠎ᠡ ᠶᠠᠷᠢᠭᠰᠠᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠰᠢᠨ᠎ᠠ ᠴᠠᠭ ᠦᠶ᠎ᠠ ᠳᠤ ᠵᠠᠯᠠᠭᠤ ᠨᠠᠰᠤ ᠪᠠᠨ ᠢᠳᠡᠭᠡᠯ ᠪᠢᠰᠢᠷᠡᠯ᠂ ᠤᠶᠤᠨ ᠤᠬᠠᠭᠠᠨ᠂ ᠡᠭᠦᠳᠦᠨ ᠪᠦᠳᠦᠭᠡᠯᠳᠡ᠂ ᠲᠡᠮᠡᠴᠡᠯ ᠴᠢᠷᠮᠠᠶᠢᠯᠭ᠎ᠠ᠂ ᠡᠷᠬᠢᠮ ᠰᠤᠷᠳᠠᠯ ᠲᠠᠢ ᠬᠤᠯᠪᠣᠵᠤ᠂ ᠠᠯᠣᠰ ᠤᠨ ᠬᠦᠰᠡᠯᠡᠩ ᠪᠠ ᠰᠢᠯᠭᠠᠷᠠᠭᠰᠠᠨ ᠴᠢᠳᠠᠪᠣᠷᠢ ᠎ ᠲᠠᠢ ᠪᠣᠯᠵᠣ᠂ ᠵᠣᠷᠢᠭᠳᠠᠢ ᠪᠠᠷ ᠵᠠᠮ ᠨᠡᠭᠡᠭᠡᠵᠦ᠂ ᠳᠡᠰᠪᠦᠷᠢ ᠬᠠᠳᠠᠭᠤᠵᠢᠯᠳᠠᠢ ᠳᠡᠮᠡᠴᠡᠵᠦ᠂ ᠡᠷᠬᠢᠮ ᠳᠡᠭᠡᠳᠦ ᠵᠠᠩ ᠴᠢᠨᠠᠷ ᠢ ᠪᠦᠷᠢᠯᠳᠦᠭᠦᠯᠵᠦ᠂ ᠴᠠᠭ ᠦᠶ᠎ᠡ ᠳᠤ ᠦᠩᠭᠡ ᠭᠡᠷᠡᠯ ᠨᠡᠮᠡᠷᠢᠯᠡᠵᠦ᠂ ᠬᠦᠮᠦᠨ ᠤ ᠠᠮᠢᠳᠤᠷᠠᠯ ᠢᠶᠠᠨ ᠬᠡᠷᠡᠯ ᠬᠢᠯᠪᠠᠭ᠎ᠠ ᠰᠠᠴᠤᠷᠠᠭᠤᠯᠵᠣ᠂ ᠦᠨᠳᠦᠰᠦᠳᠡᠨ ᠤ ᠰᠡᠷᠭᠦᠨ ᠮᠠᠨᠳᠤᠯᠳᠠ ᠶᠢᠨ ᠬᠦᠨᠳᠦ ᠡᠭᠦᠷᠭᠡ ᠶᠢ ᠡᠭᠦᠷᠭᠡᠯᠡᠬᠦ ᠴᠠᠭ ᠦᠶ᠎ᠠ ᠶᠢᠨ ᠰᠢᠨ᠎ᠠ ᠬᠦᠮᠦᠨ ᠪᠤᠯᠬᠤ ᠪᠠᠷ ᠴᠢᠷᠮᠠᠶᠢᠭᠠᠷᠠᠢ ᠬᠡᠵᠤ ᠵᠤᠷᠢᠬᠵᠢᠭᠤᠯᠵᠠᠢ᠃      ᠮᠡᠳᠡᠭᠦᠯᠦᠯᠳᠡ ᠶᠢᠨ ᠬᠤᠷᠠᠯ ᠠᠴᠠ ᠡᠮᠦᠨ᠎ᠡ᠂ ᠯᠢ ᠵᠢᠢ ᠾᠧᠩ ᠪᠠᠰᠠ ᠵᠢᠭᠠᠨ ᠰᠤᠷᠭᠠᠯᠳᠠ᠂ ᠰᠢᠨᠵᠢᠯᠡᠬᠦ ᠣᠬᠠᠭᠠᠨ ᠤ ᠰᠤᠳᠤᠯᠭᠠᠨ᠂ ᠴᠢᠳᠠᠪᠤᠷᠢᠳᠠᠨ ᠢ ᠬᠦᠮᠦᠵᠢᠭᠦᠯᠭᠦ ᠵᠡᠷᠭᠡ ᠪᠠᠶᠢᠳᠠᠯ ᠤᠨ ᠳᠣᠬᠠᠢ ᠪᠠᠶᠢᠴᠠᠭᠠᠨ ᠰᠤᠳᠤᠯᠪᠠ᠃      ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠪᠠᠢ ᠢᠤᠢ ᠭᠠᠩ᠂ ᠯᠦᠸᠧ ᠶᠦᠩ ᠭᠠᠩ ᠮᠡᠳᠡᠭᠦᠯᠦᠯᠳᠡ ᠶᠢᠨ ᠬᠤᠷᠠᠯ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号