ᠥᠪᠥᠷ ᠮᠣᠩᠭᠤᠯ ᠤᠨ ᠠᠶᠢᠮᠠᠭ ᠬᠤᠳᠠ ᠨᠢᠭᠡᠪᠦᠷᠢ ᠪᠠᠷᠢᠮᠵᠢᠶᠠᠲᠤ ᠠᠯᠠᠵᠤ ᠨᠢᠲᠤᠯᠬᠤ ᠠᠵᠤ ᠠᠬᠤᠶᠢᠯᠠᠯ 1᠎ ᠶᠢ ᠪᠠᠶᠢᠭᠤᠯᠬᠤ ᠪᠠᠷ ᠪᠤᠯᠪᠠ
ᠨᠡᠶᠢᠲᠡᠯᠡᠭᠰᠡᠨ ᠴᠠᠭ᠄
2018/5/7
     ᠡᠨᠡ ᠵᠢᠯ ᠥᠪᠥᠷ ᠮᠣᠩᠭᠤᠯ ᠮᠠᠯ ᠵᠢᠭᠦᠷᠲᠡᠨ ᠠᠯᠠᠵᠤ ᠨᠢᠲᠤᠯᠬᠤ ᠠᠵᠢᠯ ᠲᠥᠷᠥᠯ ᠢ ᠪᠠᠷᠢᠮᠵᠢᠶᠠᠵᠢᠭᠤᠯᠬᠤ ᠪᠥᠳᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠶᠢᠮᠠᠭ ᠬᠤᠳᠠ ᠨᠢᠭᠡᠪᠦᠷᠢ ᠪᠠᠷᠢᠮᠵᠢᠶᠠᠲᠤ ᠠᠯᠠᠵᠤ ᠨᠢᠲᠤᠯᠬᠤ ᠠᠵᠤ ᠠᠬᠤᠶᠢᠯᠠᠯ 1᠎ ᠶᠢ ᠪᠠᠶᠢᠭᠤᠯᠵᠤ᠂ ᠵᠢᠯ ᠤᠨ ᠳᠣᠲᠣᠷ᠎ᠠ ᠪᠦᠬᠦ ᠦᠬᠡᠷ ᠬᠤᠨᠢ ᠠᠯᠠᠵᠤ ᠨᠢᠲᠤᠯᠬᠤ ᠠᠵᠤ ᠠᠬᠤᠶᠢᠯᠠᠯ ᠨᠡᠷᠡᠳᠦ ᠲᠡᠮᠳᠡᠭᠴᠢᠯᠡᠭᠰᠡᠨ ᠡᠵᠡᠩᠨᠡᠯᠲᠡ ᠶᠢ ᠪᠡᠶᠡᠯᠡᠭᠦᠯᠬᠦ ᠪᠤᠯᠤᠨ᠎ᠠ᠃ ᠥᠪᠥᠷ ᠮᠣᠩᠭᠤᠯ ᠣᠳᠣ ᠮᠠᠯ ᠵᠢᠭᠦᠷᠲᠡᠨ ᠠᠯᠠᠵᠤ ᠨᠢᠲᠤᠯᠬᠤ ᠪᠠᠷᠢᠮᠵᠢᠶᠠᠲᠤ ᠪᠦᠲᠥᠭᠡᠨ ᠪᠠᠶᠢᠭᠤᠯᠤᠯᠲᠠ ᠶᠢᠨ ᠵᠢᠷᠤᠮᠵᠢᠯ ᠢ ᠲᠤᠭᠲᠠᠭᠠᠵᠤ᠂ ᠡᠨᠡ ᠵᠢᠯ 2%᠎ ᠶᠢᠨ ᠬᠠᠭᠤᠴᠢᠨ ᠠᠯᠠᠵᠤ ᠨᠢᠲᠤᠯᠬᠤ ᠠᠵᠤ ᠠᠬᠤᠶᠢᠯᠠᠯ ᠢ ᠬᠠᠰᠤᠨ ᠪᠠᠭᠠᠰᠬᠠᠵᠤ᠂ ᠨᠥᠬᠦᠴᠡᠯ ᠳᠤ ᠨᠡᠶᠢᠴᠡᠬᠦ ᠦᠭᠡᠢ ᠠᠯᠠᠵᠤ ᠨᠢᠲᠤᠯᠬᠤ ᠦᠢᠯᠡᠳᠪᠦᠷᠢ ︵ᠦᠢᠯᠡᠳᠬᠡᠯ︶ ᠪᠠ ᠠᠯᠠᠵᠤ ᠨᠢᠲᠤᠯᠬᠤ ᠵᠢᠵᠢᠭ ᠭᠠᠵᠠᠷ ᠴᠢᠭ᠋ ᠢ ᠴᠢᠩᠭ᠎ᠠ ᠬᠠᠭᠠᠵᠤ᠂ ᠮᠠᠯ ᠵᠢᠭᠦᠷᠲᠡᠨ ᠠᠯᠠᠵᠤ ᠨᠢᠲᠤᠯᠬᠤ ᠠᠵᠤ ᠠᠬᠤᠶᠢᠯᠠᠯ ᠢ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠪᠠ ᠳᠡᠰ ᠳᠡᠪᠰᠢᠭᠦᠯᠦᠨ ᠥᠭᠡᠷᠡᠴᠢᠯᠡᠬᠦ ᠶᠢ ᠵᠣᠷᠢᠭᠵᠢᠭᠤᠯᠵᠤ᠂ ᠮᠠᠯ ᠵᠢᠭᠦᠷᠲᠡᠨ ᠠᠯᠠᠵᠤ ᠨᠢᠲᠤᠯᠬᠤ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃ ᠥᠪᠥᠷ ᠮᠣᠩᠭᠤᠯ ︽ᠬᠤᠶᠠᠷ ᠢ ᠲᠠᠰᠢᠷᠠᠮ ᠢᠶᠠᠷ ᠬᠢᠬᠦ᠂ ᠨᠢᠭᠡ ᠶᠢ ᠢᠯᠠ ᠪᠣᠯᠭᠠᠬᠤ︾ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠵᠤ᠂ ᠵᠢᠯ ᠤᠨ ᠳᠣᠲᠣᠷ᠎ᠠ ᠠᠶᠢᠮᠠᠭ ᠬᠤᠳᠠ ᠶᠢᠨ ᠠᠯᠠᠵᠤ ᠨᠢᠲᠤᠯᠬᠤ ᠠᠵᠤ ᠠᠬᠤᠶᠢᠯᠠᠯ ᠢ ᠲᠠᠰᠢᠷᠠᠮ ᠢᠶᠠᠷ ᠰᠤᠭᠤᠴᠠᠨ ᠪᠠᠶᠢᠴᠠᠭᠠᠬᠤ ᠨᠤᠷᠮ᠎ᠠ ᠶᠢ 20%᠎ ᠠᠴᠠ ᠳᠡᠭᠡᠭᠰᠢ ᠳᠤ ᠬᠦᠷᠦᠭᠦᠯᠬᠦ ᠶᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠤᠭᠤᠴᠠᠭᠠᠨ ᠳᠤ ᠪᠠᠨ ᠦᠨᠡᠮᠯᠡᠯ ᠤᠯᠬᠤ ᠨᠦᠭᠦᠴᠡᠯ ᠢ ᠦᠷᠬᠦᠯᠵᠢᠯᠡᠨ ᠪᠠᠷᠢᠮᠲᠠᠯᠠᠬᠤ ᠳᠤ ᠬᠢᠨᠠᠯᠲᠠ ᠲᠠᠯᠪᠢᠵᠤ᠂ ᠪᠦᠬᠦ ᠤᠷᠤᠨ ᠤ ᠮᠢᠬᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠥᠪᠥᠷ ᠮᠣᠩᠭᠤᠯ ᠮᠠᠯ ᠵᠢᠭᠦᠷᠲᠡᠨ ᠠᠯᠠᠵᠤ ᠨᠢᠲᠤᠯᠬᠤ ᠬᠢᠨᠠᠯᠲᠠ ᠬᠠᠮᠢᠶᠠᠷᠤᠯᠲᠠ ᠶᠢᠨ ︽ᠮᠢᠨ᠎ᠠ ᠠᠷᠢᠯᠭᠠᠬᠤ ᠠᠵᠢᠯᠯᠠᠭ᠎ᠠ︾ ᠵᠡᠷᠭᠡ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠤᠯᠪᠣᠭᠳᠠᠯ ᠪᠦᠬᠦᠢ ᠬᠡᠷᠡᠭ ᠢ ᠪᠠᠶᠢᠴᠠᠭᠠᠨ ᠰᠢᠶᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠳᠠᠯᠳᠠᠭᠤᠷ ᠪᠠ ᠳᠤᠷ᠎ᠠ ᠪᠠᠷ ᠢᠶᠠᠨ ᠠᠯᠠᠵᠤ ᠨᠢᠲᠤᠯᠬᠤ᠂ ᠤᠰᠤ ᠶᠡᠭᠦᠯᠡᠬᠦ ᠪᠠ ᠪᠤᠰᠤᠳ ᠡᠳ᠋ ᠪᠣᠳᠠᠰ ᠶᠡᠭᠦᠯᠡᠬᠦ ᠵᠡᠷᠭᠡ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠬᠦᠴᠦᠲᠡᠶ ᠴᠣᠬᠢᠯᠲᠠ ᠥᠭᠴᠦ᠂ ᠠᠯᠠᠵᠤ ᠨᠢᠲᠤᠯᠬᠤ ᠬᠠᠤᠯᠢ ᠬᠡᠷᠡᠭᠵᠢᠭᠦᠯᠦᠯᠲᠡ ᠳᠤ ︽ᠬᠡᠷᠡᠭ ᠦᠯᠦ ᠰᠢᠢᠳᠪᠦᠷᠢᠯᠡᠬᠦ︾ ᠬᠤᠰᠢᠭᠤ ᠰᠢᠶᠠᠨ ᠭᠠᠷᠬᠤ ᠦᠭᠡᠢ ᠪᠠᠶᠢᠯᠭᠠᠨ᠎ᠠ᠃ 2017 ᠣᠨ ᠤ ᠵᠢᠯ ᠤᠨ ᠡᠴᠦᠰ ᠪᠣᠯᠲᠠᠯ᠎ᠠ᠂ ᠥᠪᠥᠷ ᠮᠣᠩᠭᠤᠯ ᠤᠨ ᠠᠯᠠᠵᠤ ᠨᠢᠲᠤᠯᠬᠤ ᠴᠢᠭ᠋ ᠢᠶᠠᠷ ᠲᠣᠭᠲᠠᠭᠠᠭᠰᠠᠨ ᠠᠵᠤ ᠠᠬᠤᠶᠢᠯᠠᠯ 612 ᠪᠠᠶᠢᠵᠤ ᠂ ᠡᠭᠦᠨ ᠳᠤ ᠳᠤᠮᠳᠠ ᠵᠢᠵᠢᠭ ᠬᠡᠯᠪᠡᠷᠢ ᠶᠢᠨ ᠠᠯᠠᠵᠤ ᠨᠢᠲᠤᠯᠬᠤ ᠭᠠᠵᠠᠷ ᠤᠨ ᠬᠠᠷᠢᠴᠠᠯ ᠨᠢ 2016 ᠣᠨ ᠤ 40% ᠪᠠᠶᠢᠭᠰᠠᠨ ᠠᠴᠠ ᠪᠠᠨ ᠪᠠᠭᠤᠷᠠᠭᠠᠳ 29.6% ᠪᠤᠯᠵᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠬᠤᠲᠠ ᠶᠢᠨ ᠲᠣᠭᠤᠷᠢᠭ ᠤᠨ ᠮᠢᠬᠠᠨ ᠤ ᠵᠦᠢᠯ ᠤᠨ ᠬᠠᠩᠭᠠᠯᠭ᠎ᠠ ᠦᠨᠳᠦᠰᠦᠨ ᠳᠡᠭᠡᠨ ᠠᠯᠠᠵᠤ ᠨᠢᠲᠤᠯᠬᠤ ᠴᠢᠭ᠋ ᠢᠶᠠᠷ ᠲᠣᠭᠲᠠᠭᠠᠭᠰᠠᠨ ᠠᠵᠤ ᠠᠬᠤᠶᠢᠯᠠᠯ ᠠᠴᠠ ᠢᠷᠡᠯᠲᠡ ᠲᠠᠢ ᠪᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号