ᠡᠨᠡ ᠵᠢᠯ᠂ ᠲᠥᠪ ᠠᠴᠠ ᠮᠠᠨ ᠤ ᠣᠷᠣᠨ ᠳᠤ 7.8 ᠳ᠋ᠥᠩᠰᠢᠭᠤᠷ ᠲᠦᠭᠦᠷᠢᠭ ᠤᠨ ᠳᠡᠮᠵᠢᠯᠭᠡ ᠦᠵᠡᠭᠦᠯᠵᠦ | ᠦᠨᠳᠦᠰᠦᠨ ᠱᠠᠲᠤᠨ ᠤ ᠠᠷᠠᠳ ᠨᠡᠶᠢᠲᠡ ᠶᠢᠨ ᠡᠷᠡᠭᠦᠯ ᠮᠡᠨᠳᠥ ᠶᠢ ᠪᠠᠲᠤᠯᠠᠬᠤ ᠢᠨᠵᠧᠨᠧᠷᠢᠩ ᠤᠨ ᠲᠦᠷᠦᠯ ᠵᠦᠢᠯ ᠢ | 33 ᠪᠦᠳᠦᠭᠡᠨ ᠪᠠᠶᠢᠭᠤᠯᠵᠦ᠂ ᠡᠭᠦᠨ ᠤ ᠤᠯᠠᠮ ᠢᠶᠠᠷ ᠡᠷᠡᠭᠦᠯ ᠮᠡᠨᠳᠦ ᠥᠪᠥᠷ ᠮᠣᠩᠭᠤᠯ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠂ ᠠᠷᠠᠳ ᠨᠡᠶᠢᠲᠡ ᠶᠢᠨ ᠡᠷᠡᠭᠦᠯ ᠮᠡᠨᠳᠥ ᠶᠢ ᠪᠠᠲᠤᠯᠠᠬᠤ ᠢᠨᠵᠧᠨᠧᠷᠢᠩ ᠢ ᠪᠦᠬᠦ | ᠲᠠᠯ᠎ᠠ ᠪᠠᠷ ᠬᠡᠷᠡᠭᠵᠢᠭᠦᠯᠵᠦ᠂ ᠬᠦᠴᠢᠷ ᠲᠦᠪᠡᠭᠲᠡᠢ ᠡᠪᠡᠳᠴᠢᠨ ᠢ ᠡᠮᠨᠡᠨ ᠵᠠᠰᠠᠬᠤ ᠢᠨᠵᠧᠨᠧᠷᠢᠩ᠂ ᠬᠤᠰᠢᠭᠤ | ᠰᠢᠶᠠᠨ ᠤ ᠡᠮᠨᠡᠯᠭᠡ ᠶᠢᠨ ᠬᠤᠷᠢᠶᠠᠨ ᠤ ᠪᠦᠳᠦᠭᠡᠨ ᠪᠠᠶᠢᠭᠤᠯᠤᠯᠲᠠ᠂ ᠭᠤᠷᠪᠠᠨ ᠱᠠᠲᠤᠨ ᠤ ᠡᠪᠡᠳᠴᠢᠨ ᠡᠮᠭᠡᠭ ᠢ | ᠰᠡᠭᠡᠶᠢᠯᠡᠨ ᠵᠠᠰᠠᠬᠤ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠪᠠᠶᠢᠭᠤᠯᠤᠯᠲᠠ᠂ ᠴᠢᠰᠤᠨ ᠤ | ᠥᠷᠲᠡᠭᠡ ᠶᠢᠨ ᠪᠠᠶᠢᠭᠤᠯᠤᠯᠲᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠣᠯᠣᠨ ᠮᠣᠩᠭᠤᠯ ᠬᠢᠲᠠᠳ ᠡᠮ | ᠡᠮᠨᠡᠯᠭᠡ ᠶᠢᠨ ᠤᠯᠠᠮᠵᠢᠯᠠᠯ ᠪᠠ ᠰᠢᠨᠡᠴᠢᠯᠡᠯᠲᠡ ᠶᠢᠨ ᠢᠨᠵᠧᠨᠧᠷᠢᠩ ᠵᠡᠷᠭᠡ ᠶᠢ ᠭᠤᠣᠯᠳᠠᠯᠭ᠎ᠠ ᠲᠠᠢ ᠳᠡᠮᠵᠢᠬᠦ ᠪᠣᠯᠣᠨ᠎ᠠ᠃ | ᠮᠠᠨ ᠤ ᠣᠷᠣᠨ ᠨᠢ ᠴᠢᠨᠠᠷ ᠰᠠᠶᠢᠲᠠᠶ ᠦᠷ᠎ᠡ ᠪᠦᠲᠦᠮᠵᠢᠲᠡᠢ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠰᠢᠰᠲ᠋ᠧᠮᠵᠢ ᠶᠢ ᠴᠢᠷᠮᠠᠶᠢᠨ ᠪᠠᠶᠢᠭᠤᠯᠵᠦ᠂ ᠠᠷᠠᠳ ᠨᠡᠶᠢᠲᠡ ᠶᠢᠨ ᠡᠷᠡᠭᠦᠯ ᠮᠡᠨᠳᠦ ᠶᠢ ᠪᠠᠲᠤᠯᠠᠬᠤ ᠢᠨᠵᠧᠨᠧᠷᠢᠩ ᠢ | ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ 8 ᠭᠤᠣᠯᠳᠠᠯᠭᠠᠲᠤ ᠡᠷᠡᠭᠦᠯ ᠬᠠᠮᠠᠭᠠᠯᠠᠯ ᠤᠨ | ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠠᠬᠢᠭᠤᠯᠵᠤ᠂ ᠡᠯ᠎ᠡ ᠠᠶᠢᠮᠠᠭ ᠬᠤᠳᠠ ᠶᠢ ᠰᠢᠮᠳᠠᠭᠤᠯᠤᠨ | ᠠᠵᠢᠯ ᠢᠶᠠᠨ ᠲᠦᠷᠭᠡᠬᠡᠨ ᠡᠬᠢᠯᠡᠭᠦᠯᠤᠨ᠂ ᠪᠠᠷᠢᠯᠭ᠎ᠠ ᠶᠢᠨ ᠬᠤᠷᠳᠤᠴᠠ ᠪᠠᠨ ᠲᠦᠷᠭᠡᠳᠬᠡᠵᠦ᠂ ᠪᠠᠷᠢᠯᠭ᠎ᠠ ᠶᠢᠨ ᠶᠠᠰᠤ | ᠴᠢᠨᠠᠷ ᠢᠶᠠᠨ ᠳᠡᠭᠡᠭᠰᠢᠯᠡᠭᠦᠯᠦᠨ᠂ ᠲᠥᠯᠥᠪᠯᠡᠭᠡ ᠶᠣᠰᠣᠭᠠᠷ ᠪᠠᠶᠢᠭᠤᠯᠵᠤ ᠳᠠᠭᠤᠰᠬᠠᠨ᠎ᠠ︔ ᠥᠪᠡᠷᠲᠡᠭᠡᠨ ᠵᠠᠰᠠᠬᠤ | ᠣᠷᠣᠨ ᠤ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠪᠠᠷᠢᠮᠵᠢᠶᠠᠵᠢᠭᠤᠯᠬᠤ | ᠪᠠᠶᠢᠭᠤᠯᠤᠯᠲᠠ ᠶᠢ ᠡᠬᠢᠯᠡᠭᠦᠯᠦᠨ᠎ᠡ︔ ᠬᠤᠰᠢᠭᠤ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠴᠢᠳᠠᠪᠤᠷᠢ ᠶᠢ | ᠳᠡᠭᠡᠭᠰᠢᠯᠡᠭᠦᠯᠬᠦ ᠢᠨᠵᠧᠨᠧᠷᠢᠩ᠂ ᠡᠬᠡ ᠨᠢᠯᠬᠠᠰ ᠤᠨ ᠡᠷᠡᠭᠦᠯᠵᠢᠯ ᠢ ᠪᠠᠲᠤᠯᠠᠬᠤ ᠢᠨᠵᠧᠨᠧᠷᠢᠩ᠂ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ᠂ ᠬᠦᠴᠢᠷ ᠲᠦᠪᠡᠭᠲᠡᠶ | ᠡᠪᠡᠳᠴᠢᠨ ᠢ ᠡᠮᠨᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ ᠪᠦᠳᠦᠬᠡᠨ ᠪᠠᠶᠢᠭᠤᠯᠤᠯᠲᠠ ᠶᠢ | ᠲᠥᠯᠬᠢᠨ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ | ᠲᠥᠯᠥᠪᠵᠢᠭᠦᠯᠭᠡ ᠪᠣᠯᠣᠨ ᠪᠦᠬᠦ ᠠᠷᠠᠳ ᠤᠨ ᠡᠷᠡᠭᠦᠯ ᠮᠡᠨᠳᠦ ᠶᠢ ᠪᠠᠲᠤᠯᠠᠬᠤ ᠢᠨᠵᠧᠨᠧᠷᠢᠩ ᠢ ᠪᠦᠲᠦᠭᠡᠨ ᠪᠠᠶᠢᠭᠤᠯᠬᠤ | ᠲᠥᠯᠥᠪᠵᠢᠭᠦᠯᠭᠡ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠬᠦ ᠠᠵᠢᠯ ᠢ ᠡᠬᠢᠯᠡᠭᠦᠯᠦᠨ᠎ᠡ᠃ ᠡᠨᠡ ᠵᠢᠯ ᠤᠨ | ᠡᠴᠦᠰ ᠪᠣᠯᠬᠤ ᠳᠤ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠪᠡᠯᠡ ᠣᠷᠤᠭᠤᠯᠤᠭᠰᠠᠨ 2018 | ᠣᠨ ᠤ ᠲᠦᠷᠦᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ ᠶᠢ 50% ᠳᠤ ᠬᠦᠷᠦᠭᠦᠯᠬᠦ ᠪᠠᠷ ᠴᠢᠷᠮᠠᠶᠢᠨ᠎ᠡ︔ | 2017 ᠣᠨ ᠠᠴᠠ ᠡᠮᠦᠨᠡᠬᠢ ᠲᠦᠷᠦᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ ᠶᠢ 100% ᠳᠤ | ᠬᠦᠷᠦᠭᠦᠯᠵᠦ᠂ ᠠᠵᠢᠯ ᠳᠠᠭᠤᠰᠬᠠᠭᠰᠠᠨ ᠨᠣᠷᠮ᠎ᠠ ᠶᠢ 80% ᠳᠤ ᠬᠦᠷᠦᠭᠦᠯᠬᠦ ᠪᠠᠷ ᠴᠢᠷᠮᠠᠶᠢᠨ᠎ᠠ᠃ ᠡᠷᠡᠭᠦᠯ | ᠮᠡᠨᠳᠥ ᠶᠢ ᠪᠠᠲᠤᠯᠠᠬᠤ ᠢᠨᠵᠧᠨᠧᠷᠢᠩ ᠤᠨ ᠶᠠᠰᠤ ᠴᠢᠨᠠᠷ ᠢ ᠪᠠᠲᠤᠯᠠᠬᠤ ᠶᠢᠨ ᠲᠤᠰᠠᠳᠠ᠂ ᠮᠠᠨ ᠤ ᠣᠷᠣᠨ ᠲᠤᠰᠬᠠᠶ | ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢᠨ ᠡᠯ᠎ᠡ | ᠭᠤᠭᠴᠤᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠮᠥᠷᠳᠡᠨ᠂ ᠲᠥᠪ ᠤᠨ ᠲᠥᠰᠦᠪ ᠤᠨ ᠳᠣᠲᠣᠷᠠᠬᠢ | ᠪᠡᠯᠡ ᠣᠷᠣᠭᠤᠯᠤᠯᠲᠠ ᠶᠢᠨ ᠲᠥᠯᠥᠪᠯᠡᠭᠡᠨ ᠤ ᠬᠡᠷᠡᠭᠵᠢᠭᠦᠯᠦᠯᠲᠡ ᠪᠠᠷ ᠭᠤᠣᠯᠳᠠᠯᠭ᠎ᠠ ᠪᠣᠯᠭᠠᠵᠤ᠂ ᠬᠢᠨᠠᠨ | ᠬᠠᠮᠢᠶᠠᠷᠤᠭᠳᠠᠭᠰᠠᠳ ᠲᠤ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ | ᠪᠠᠶᠢᠴᠠᠭᠠᠯᠲᠠ ᠬᠢᠵᠦ᠂ ᠠᠰᠠᠭᠤᠳᠠᠯ ᠢ ᠣᠯᠵᠣ ᠮᠡᠳᠡᠪᠡᠯ᠂ ᠴᠠᠭ ᠲᠤᠬᠠᠶ ᠳᠤᠨᠢ ᠰᠢᠢᠳᠪᠦᠷᠢᠯᠡᠵᠦ᠂ ᠡᠳ᠋ ᠤᠨ ᠵᠠᠰᠠᠭ | ᠠᠵᠤ ᠠᠬᠤᠶ ᠶᠢᠨ ᠰᠠᠬᠢᠯᠭ᠎ᠠ ᠪᠠᠲᠤ ᠶᠢ ᠵᠥᠷᠢᠴᠡᠭᠰᠡᠨ᠂ ᠪᠠᠷᠢᠯᠭ᠎ᠠ ᠶᠢᠨ ᠶᠠᠰᠤ ᠴᠢᠨᠠᠷ ᠤᠨ ᠠᠰᠠᠭᠤᠳᠠᠯ ᠭᠠᠷᠤᠭᠰᠠᠨ | ᠵᠡᠷᠭᠡ ᠠᠰᠠᠭᠤᠳᠠᠯ ᠢ ᠬᠠᠤᠯᠢ ᠴᠠᠭᠠᠵᠠ ᠰᠠᠬᠢᠯᠭ᠎ᠠ ᠪᠠᠲᠤ ᠶᠣᠰᠣᠭᠠᠷ ᠲᠥᠪ ᠴᠢᠩᠭ᠎ᠠ ᠰᠢᠢᠳᠪᠦᠷᠢᠯᠡᠨ᠎ᠡ᠃ |