ᠦᠪᠦᠷ ᠮᠣᠩᠭᠤᠯ 24 ᠵᠦᠢᠯ ᠤᠨ ᠠᠷᠭ᠎ᠠ ᠬᠡᠮᠵᠢᠶ᠎ᠡ ᠪᠠᠷ ᠳᠡᠭᠡᠳᠦ ᠬᠡᠪ ᠴᠢᠨᠠᠷ ᠪᠦᠬᠦᠢ ᠠᠵᠤ ᠦᠢᠯᠡᠰ ᠤᠨ ᠠᠵᠢᠯᠴᠢᠨ ᠤ ᠡᠩᠨᠡᠭᠡ ᠶᠢ ᠪᠠᠶᠢᠭᠤᠯᠬᠤ ᠪᠠᠷ ᠪᠤᠢ
ᠨᠡᠶᠢᠲᠡᠯᠡᠭᠰᠡᠨ ᠴᠠᠭ᠄
2018/5/8
     ᠲᠦᠷᠦᠬᠦᠬᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠰᠢᠨ᠎ᠡ ᠴᠠᠭ ᠦᠶ᠎ᠡ ᠶᠢᠨ ᠠᠵᠤ ᠦᠢᠯᠡᠰ ᠤᠨ ᠠᠵᠢᠯᠴᠢᠨ ᠤ ᠡᠩᠨᠡᠭᠡ ᠶᠢ ᠪᠠᠶᠢᠭᠤᠯᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠳᠥᠭᠦᠮᠴᠢᠯᠡᠨ᠎ᠡ︶᠎ ᠢ ᠳᠠᠷᠤᠮᠠᠯᠯᠠᠨ ᠲᠠᠷᠬᠠᠭᠠᠵᠠᠢ᠃ ︽ᠬᠡᠷᠡᠭᠵᠢᠭᠦᠯᠬᠦ ᠲᠥᠰᠦᠯ︾᠎ ᠨᠢ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠦᠵᠡᠯ ᠰᠠᠨᠠᠭ᠎ᠠ ᠪᠠ ᠤᠯᠤᠰ ᠲᠦᠷᠤ ᠶᠢᠨ ᠵᠢᠯᠤᠭᠤᠳᠤᠯᠭ᠎ᠠ ᠶᠢ ᠴᠢᠩᠭᠠᠳᠬᠠᠬᠤ᠂ ᠠᠵᠤ ᠦᠢᠯᠡᠰ ᠤᠨ ᠠᠵᠢᠯᠴᠢᠨ ᠤ ᠡᠵᠡᠨ ᠬᠥᠮᠦᠨ ᠤ ᠪᠠᠶᠢᠷᠢ ᠰᠠᠭᠤᠷᠢ ᠶᠢ ᠪᠠᠲᠤᠯᠠᠬᠤ ᠪᠠᠶᠢᠭᠤᠯᠤᠯ ᠲᠣᠭᠲᠠᠴᠠ ᠶᠢ ᠲᠡᠬᠦᠯᠳᠡᠷᠵᠢᠬᠦᠯᠬᠦ᠂ ᠠᠵᠤ ᠦᠢᠯᠡᠰ ᠤᠨ ᠠᠵᠢᠯᠴᠢᠨ ᠤ ᠤᠷ᠎ᠠ ᠴᠢᠳᠠᠪᠤᠷᠢ ᠶᠢᠨ ᠰᠢᠰᠲ᠋ᠧᠮᠵᠢ ᠶᠢ ᠪᠠᠶᠢᠭᠤᠯᠬᠤ᠂ ᠬᠦᠴᠦ ᠶᠠᠪᠤᠭᠴᠢ ᠲᠠᠷᠢᠶᠠᠴᠢᠨ ᠮᠠᠯᠴᠢᠨ ᠢ ᠠᠵᠤ ᠦᠢᠯᠡᠳᠪᠦᠷᠢ ᠶᠢᠨ ᠠᠵᠢᠯᠴᠢᠨ ᠤ ᠵᠦᠭ ᠬᠡᠯᠪᠡᠷᠢ ᠶᠢ ᠨᠢ ᠬᠤᠪᠢᠷᠠᠭᠤᠯᠬᠤ ᠶᠢ ᠲᠦᠯᠬᠢᠨ ᠠᠬᠢᠭᠤᠯᠬᠤ᠂ ᠢᠨᠲ᠋ᠧᠷ ᠰᠦᠯᠵᠢᠶ᠎ᠡ ᠶᠢ ᠠᠰᠢᠭᠯᠠᠨ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠬᠤ᠂ ᠠᠵᠤ ᠦᠢᠯᠡᠰ ᠤᠨ ᠠᠵᠢᠯᠴᠢᠨ ᠤ ᠬᠥᠭᠵᠢᠯᠲᠡ ᠶᠢᠨ ᠲᠣᠭᠲᠠᠴᠠ ᠰᠢᠨᠡᠴᠢᠯᠡᠬᠦ᠂ ᠠᠵᠤ ᠦᠢᠯᠡᠳᠪᠦᠷᠢ ᠶᠢᠨ ᠠᠵᠢᠯᠴᠢᠨ ᠤ ᠡᠩᠨᠡᠭᠡᠨ ᠤ ᠪᠠᠶᠢᠭᠤᠯᠤᠯᠲᠠ ᠶᠢᠨ ᠲᠤᠯᠭᠠᠭᠤᠷᠢ ᠪᠠᠲᠤᠯᠠᠭ᠎ᠠ ᠶᠢ ᠴᠢᠩᠭᠠᠳᠬᠠᠬᠤ ᠵᠡᠷᠭᠡ 7 ᠲᠠᠯ᠎ᠠ ᠪᠠᠷ 24 ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠶ᠃      ︽ᠬᠡᠷᠡᠭᠵᠢᠭᠦᠯᠬᠦ ᠲᠥᠰᠦᠯ︾᠎ ᠳᠤ ᠳᠤᠷᠠᠳᠤᠭᠰᠠᠨ ᠨᠢ᠂ ᠠᠵᠤ ᠦᠢᠯᠡᠰ ᠤᠨ ᠠᠵᠢᠯᠴᠢᠳ ᠪᠣᠯ ᠠᠵᠢᠯᠴᠢᠨ ᠠᠩᠬᠢ ᠶᠢᠨ ᠳᠤᠮᠳᠠ ᠲᠤᠯᠭᠠᠭᠤᠷᠢᠯᠠᠬᠤ ᠦᠢᠯᠡᠳᠦᠯ ᠦᠵᠡᠬᠦᠯᠵᠤ ᠪᠠᠶᠢᠭ᠎ᠠ ᠭᠤᠣᠯ ᠴᠣᠭᠴᠠ ᠬᠦᠴᠦᠨ ᠪᠥᠭᠡᠳ ᠨᠡᠶᠢᠭᠡᠮ ᠤᠨ ᠡᠳ᠋ ᠪᠠᠶᠠᠯᠢᠭ ᠢ ᠡᠬᠦᠳᠬᠦ ᠭᠤᠣᠯ ᠲᠤᠯᠭᠠᠭᠤᠷᠢ ᠬᠦᠴᠦᠨ ᠮᠦᠨ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢᠨ ᠭᠤᠣᠯᠯᠠᠭᠴᠢ ᠬᠦᠴᠦᠨ ᠮᠦᠨ᠂ ᠦᠢᠯᠡᠳᠬᠦ ᠦᠢᠯᠡᠰ ᠢᠶᠠᠷ ᠤᠯᠤᠰ ᠎ ᠢᠶᠠᠨ ᠬᠦᠴᠦᠷᠬᠡᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠶᠢᠨ ᠠᠮᠢᠳᠤ ᠬᠦᠴᠦᠨ ᠮᠦᠨ᠃ ᠤᠯᠤᠰ ᠲᠦᠷᠦ ᠶᠢᠨ ᠲᠠᠯ᠎ᠠ ᠪᠠᠷ ᠪᠠᠳᠤᠯᠠᠬᠤ᠂ ᠳᠦᠷᠢᠮ ᠤᠨ ᠲᠠᠯ᠎ᠠ ᠪᠠᠷ ᠨᠠᠶᠢᠳᠠᠪᠤᠷᠢᠵᠢᠭᠤᠯᠬᠤ᠂ ᠬᠡᠪ ᠴᠢᠨᠠᠷ ᠤᠨ ᠲᠠᠯ᠎ᠠ ᠪᠠᠷ ᠲᠡᠭᠡᠭᠰᠢᠯᠡᠭᠦᠯᠬᠦ᠂ ᠡᠷᠬᠡ ᠠᠰᠢᠭ ᠢ ᠬᠠᠮᠠᠭᠠᠯᠠᠬᠤ ᠶᠡᠷᠦᠩᠬᠡᠶ ᠰᠡᠳᠬᠢᠴᠡ ᠶᠢᠨ ᠶᠣᠰᠣᠭᠠᠷ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠳᠤ ᠦᠯᠦ ᠲᠤᠬᠢᠷᠠᠬᠤ ᠪᠠᠶᠢᠭᠤᠯᠤᠯ ᠲᠣᠭᠲᠠᠴᠠ ᠶᠢ ᠦᠬᠡᠷᠡᠴᠢᠯᠡᠵᠤ᠂ ᠠᠵᠤ ᠦᠢᠯᠡᠰ ᠤᠨ ᠠᠵᠢᠯᠴᠢᠨ ᠤ ᠠᠵᠤ ᠠᠬᠤᠶ᠂ ᠤᠯᠤᠰ ᠲᠦ᠋ᠷᠦ᠂ ᠰᠣᠶᠣᠯ᠂ ᠨᠡᠶᠢᠭᠡᠮ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠵᠦ᠂ ᠦᠷᠬᠡᠨ ᠤᠯᠠᠨ ᠠᠵᠤ ᠦᠢᠯᠡᠰ ᠤᠨ ᠠᠵᠢᠯᠴᠢᠨ ᠤ ᠢᠳᠡᠪᠬᠢ ᠴᠢᠨᠠᠷ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠲᠠᠶᠢᠴᠢᠯᠠᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠤᠬᠢᠷᠠᠯᠴᠠᠭᠰᠠᠨ ᠮᠡᠳᠡᠯᠭᠡ ᠶᠢᠨ ᠬᠡᠯᠪᠡᠷᠢ ᠶᠢᠨ᠂ ᠮᠡᠷᠭᠡᠵᠢᠯ ᠤᠨ ᠬᠡᠯᠪᠡᠷᠢ ᠶᠢᠨ᠂ ᠰᠢᠨ᠎ᠡ ᠶᠢ ᠡᠭᠦᠳᠬᠦ ᠬᠡᠯᠪᠡᠷᠢ ᠶᠢᠨ ᠬᠥᠳᠡᠯᠮᠦᠷᠢᠴᠢᠳ ᠤᠨ ᠶᠡᠭᠡ ᠴᠡᠷᠢᠭ ᠪᠠᠶᠢᠭᠤᠯᠬᠤ ᠶᠢ ᠲᠦᠯᠬᠢᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠶᠳᠪᠦᠷᠢᠲᠦ ᠢᠯᠠᠯᠲᠠ ᠶᠢ ᠤᠯᠬᠤ᠂ ᠣᠳᠣᠬᠢᠴᠢᠯᠠᠭᠰᠠᠨ ᠥᠪᠥᠷ ᠮᠣᠩᠭᠤᠯ ᠢ ᠪᠦᠳᠦᠬᠡᠨ ᠪᠠᠶᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠦᠳᠦᠭᠡᠠ ᠪᠠᠶᠢᠭᠤᠯᠤᠯᠲᠠ ᠶᠢᠨ ᠥᠭᠡᠷᠡᠴᠢᠯᠡᠯᠲᠡ ᠨᠠᠶᠢᠳᠠᠪᠤᠷᠢᠵᠢᠭᠤᠯᠤᠭᠳᠠᠨ ᠦᠷ᠎ᠡ ᠪᠦᠳᠦᠮᠵᠢ ᠣᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ︽ᠬᠡᠷᠡᠭᠵᠢᠭᠦᠯᠬᠦ ᠲᠥᠰᠦᠯ︾᠎ ᠳᠤ ᠪᠠᠰᠠ ᠨᠠᠮ ᠤᠨ ᠬᠤᠷᠢᠶ᠎ᠠ ᠨᠢᠭᠡᠳᠦᠯᠲᠡᠶ ᠤᠳᠤᠷᠢᠳᠴᠤ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠬᠦᠴᠦ ᠪᠠᠨ ᠬᠠᠮᠲᠤᠳᠬᠠᠨ ᠠᠬᠢᠭᠤᠯᠬᠤ ᠠᠵᠢᠯ ᠤᠨ ᠪᠠᠶᠢᠷᠢᠰᠢᠯ ᠢ ᠪᠤᠶ ᠪᠣᠯᠭᠠᠵᠤ᠂ ᠥᠭᠡᠷᠡᠴᠢᠯᠡᠯᠲᠡ ᠶᠢ ᠬᠦᠴᠦᠲᠡᠶ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠥᠭᠡᠷᠡᠴᠢᠯᠡᠯᠲᠡ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠪᠠ ᠥᠭᠡᠷᠡᠴᠢᠯᠡᠯᠲᠡ ᠶᠢᠨ ᠬᠡᠷᠡᠭᠵᠢᠬᠦᠯᠦᠯᠳᠡ ᠶᠢ ᠰᠢᠮᠳᠠᠭᠤᠯᠤᠨ ᠪᠠᠶᠢᠴᠠᠭᠠᠬᠤ ᠠᠵᠢᠯ ᠢᠶᠠᠨ ᠴᠢᠩᠭᠠᠳᠬᠠᠬᠤ ᠵᠡᠷᠭᠡ ᠳᠤ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号