ᠡᠬᠢ ᠪᠠᠶᠠᠯᠢᠭ ᠢ ᠠᠷᠪᠢᠯᠠᠬᠤ ᠪᠠ ᠣᠷᠴᠢᠨ ᠠᠬᠤᠢ ᠳᠤ ᠨᠥᠬᠦᠷᠰᠡᠭ ᠬᠡᠯᠪᠡᠷᠢ ᠶᠢᠨ ᠨᠡᠶᠢᠭᠡᠮ ᠢ ᠲᠦᠷᠭᠡᠳᠭᠡᠨ | ᠪᠠᠶᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽13 · 5︾ ᠶᠢᠨ ᠡᠨᠧᠷᠭᠢ ᠠᠷᠪᠢᠯᠠᠨ | ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠶᠢ ᠦᠨᠡᠨ ᠬᠦ | ᠪᠠᠲᠤᠯᠠᠬᠤ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ | ᠤᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠠᠷᠪᠢᠯᠠᠵᠤ ᠪᠣᠬᠢᠷᠲᠤᠯ ᠪᠣᠳᠠᠰ | ᠭᠠᠳᠠᠭᠰᠢᠯᠠᠭᠤᠯᠬᠤ ᠶᠢ ᠪᠠᠭᠠᠰᠬᠠᠬᠤ ︿13 · 5 ﹀ ᠶᠢᠨ ᠲᠥᠯᠥᠪᠵᠢᠭᠦᠯᠭᠡ︾ ︵ᠳᠤᠷᠤᠭᠰᠢ ᠲᠦᠯᠦᠪᠵᠢᠭᠦᠯᠭᠡ | ᠭᠡᠵᠤ ᠲᠤᠪᠴᠢᠯᠠᠪᠠ︶ ᠶᠢ ᠳᠠᠷᠤᠮᠠᠯᠯᠠᠨ ᠲᠠᠷᠬᠠᠭᠠᠪᠠ᠃ | ᠲᠥᠯᠥᠪᠵᠢᠭᠦᠯᠭᠡ ᠶᠢᠨ ᠦᠨᠳᠦᠰᠦᠨ ᠵᠠᠷᠴᠢᠮ ᠳᠤ ᠭᠤᠣᠯᠳᠠᠭᠤ ᠳᠣᠣᠷᠠᠬᠢ ᠬᠡᠳᠦᠨ ᠲᠠᠯ᠎ᠠ ᠶᠢᠨ ᠠᠭᠤᠯᠭ᠎ᠠ | ᠪᠠᠭᠲᠠᠨ᠎ᠠ — | ᠬᠢᠵᠠᠭᠠᠷᠯᠠᠯ ᠢ ᠴᠢᠩᠭᠠᠳᠬᠠᠨ᠂ ᠬᠡᠯᠪᠡᠷᠢ ᠪᠠᠨ ᠬᠤᠪᠢᠷᠠᠭᠤᠯᠬᠤ ᠶᠢ ᠬᠦᠴᠦᠯᠡᠨ᠎ᠡ᠃ ᠡᠨᠧᠷᠭᠢ ᠠᠷᠪᠢᠯᠠᠨ | ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠲᠠᠰᠤᠷᠠᠯᠲᠠ ᠦᠭᠡᠢ | ᠴᠢᠩᠭᠠᠳᠬᠠᠨ᠂ ᠡᠬᠢ ᠰᠤᠷᠪᠤᠯᠵᠢ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠡᠨᠧᠷᠭᠢ ᠠᠷᠪᠢᠯᠠᠵᠤ | ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠢ | ᠨᠠᠶᠢᠳᠠᠪᠤᠷᠢᠵᠢᠭᠤᠯᠤᠨ᠎ᠠ᠃ ᠡᠨᠧᠷᠭᠢ ᠶᠢᠨ ᠬᠤᠷᠣᠭᠳᠠᠯ ᠤᠨ ᠬᠡᠮᠵᠢᠶ᠎ᠡ ᠪᠤᠯᠤᠨ ᠡᠨᠧᠷᠭᠢ ᠶᠢᠨ ᠰᠤᠷᠪᠤᠯᠵᠢ ᠶᠢᠨ | ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠡᠵᠡᠮᠳᠡᠵᠦ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠶᠡᠷᠦᠩᠬᠡᠶ | ᠬᠡᠮᠵᠢᠶ᠎ᠡ ᠶᠢ ᠬᠢᠵᠠᠭᠠᠷᠯᠠᠬᠤ ᠳᠦᠷᠢᠮ ᠢ ᠪᠦᠷᠢᠨᠰᠢᠬᠦᠯᠵᠤ᠂ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠡᠰ | ᠳᠡᠪᠰᠢᠭᠦᠯᠬᠦ ᠶᠢ ᠬᠦᠴᠦᠯᠡᠨ᠎ᠡ᠃ | ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠨ᠂ ᠬᠠᠳᠠᠭᠠᠯᠠᠮᠵᠢ ᠶᠢᠨ ᠬᠡᠮᠵᠢᠶ᠎ᠡ ᠶᠢ ᠰᠢᠯᠢᠳᠡᠭᠵᠢᠬᠦᠯᠦᠨ᠎ᠡ᠃ | ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠪᠠ ᠤᠷᠴᠢᠨ ᠲᠣᠭᠤᠷᠢᠨ ᠢ ᠦᠨᠡᠯᠡᠬᠦ ᠳᠦᠷᠢᠮ ᠢ ᠴᠢᠩᠭᠠᠳᠬᠠᠵᠤ᠂ | ᠠᠵᠢᠯ ᠲᠦᠷᠦᠯ ᠤᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ | ᠡᠨᠧᠷᠭᠢ ᠶᠢᠨ ᠬᠤᠷᠣᠭᠳᠠᠭᠤᠯᠤᠯ ᠶᠡᠬᠡᠲᠡᠶ᠂ ᠪᠣᠬᠢᠷᠲᠤᠭᠤᠯᠤᠯ ᠶᠡᠬᠡᠲᠡᠶ ᠠᠵᠢᠯ ᠲᠦᠷᠦᠯ ᠤᠨ ᠨᠡᠮᠡᠭᠳᠡᠯ ᠢ ᠴᠢᠩᠭ᠎ᠠ | ᠬᠢᠵᠠᠭᠠᠷᠯᠠᠵᠤ᠂ ᠰᠢᠨ᠎ᠡ ᠪᠠᠷ ᠨᠡᠮᠡᠭᠳᠡᠭᠰᠡᠨ ᠲᠦᠷᠦᠯ ᠵᠦᠢᠯ ᠤᠨ ᠡᠨᠧᠷᠭᠢ ᠶᠢᠨ ᠠᠰᠢᠭᠯᠠᠮᠵᠢ ᠪᠤᠯᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ︔ ᠬᠤᠴᠣᠷᠤᠩᠭᠤᠶ ᠪᠠ ᠳᠤᠤᠷᠠᠲᠤ | ᠲᠡᠰ ᠤᠨ ᠦᠢᠯᠡᠳᠪᠦᠷᠢᠯᠡᠬᠦ ᠴᠢᠳᠠᠪᠤᠷᠢ ᠶᠢ ᠲᠦᠷᠭᠡᠨ ᠰᠢᠭᠰᠢᠭᠳᠡᠭᠦᠯᠵᠦ᠂ ᠡᠨᠧᠷᠭᠢ ᠠᠷᠪᠢᠯᠠᠵᠤ ᠪᠣᠬᠢᠷᠲᠤᠯ ᠪᠣᠳᠠᠰ | ᠭᠠᠳᠠᠭᠰᠢᠯᠠᠭᠤᠯᠬᠤ ᠶᠢ ᠪᠠᠭᠠᠰᠬᠠᠬᠤ ᠭᠤᠤᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠵᠦ᠂ ᠤᠯᠠᠮᠵᠢᠯᠠᠯᠲᠤ ᠠᠵᠤ | ᠦᠢᠯᠡᠰ ᠢ ᠥᠭᠡᠷᠡᠴᠢᠯᠡᠨ ᠳᠡᠭᠡᠭᠰᠢᠯᠡᠬᠦᠯᠦᠨ᠎ᠡ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠨ᠂ ᠲᠣᠭᠲᠠᠴᠠ ᠶᠢ ᠪᠦᠷᠢᠨᠰᠢᠭᠦᠯᠦᠨ᠎ᠡ᠃ ᠡᠨᠧᠷᠭᠢ ᠠᠷᠪᠢᠯᠠᠵᠤ | ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ᠂ | ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠬᠦ ᠪᠠ ᠪᠠᠶᠢᠭᠤᠯᠤᠯ ᠤᠨ ᠲᠠᠯ᠎ᠠ ᠪᠠᠷ ᠰᠢᠨ᠎ᠡ ᠶᠢ ᠡᠭᠦᠳᠬᠦ ᠶᠢ | ᠲᠦᠷᠭᠡᠳᠬᠡᠵᠦ᠂ ᠤᠷᠮᠠᠰᠢᠭᠤᠯᠤᠨ ᠵᠣᠷᠢᠭᠵᠢᠭᠤᠯᠬᠤ ᠪᠠ ᠬᠢᠵᠠᠭᠠᠷᠯᠠᠬᠤ ᠲᠣᠭᠲᠠᠴᠠ ᠶᠢ ᠪᠦᠷᠢᠨᠰᠢᠬᠦᠯᠵᠤ᠂ ᠡᠬᠢ | ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠶᠳᠪᠦᠷᠢᠯᠡᠭᠴᠢ ᠴᠢᠨᠠᠷᠲᠠᠶ ᠦᠢᠯᠡᠳᠦᠯ ᠢ ᠨᠢ | ᠭᠦᠢᠴᠡᠳ ᠪᠠᠳᠠᠷᠠᠭᠤᠯᠵᠤ᠂ ᠡᠨᠧᠷᠭᠢ ᠬᠡᠷᠡᠭᠯᠡᠬᠦ ᠨᠢᠭᠡᠴᠡ ᠪᠣᠯᠤᠨ ᠠᠷᠠᠳ ᠢᠷᠭᠡᠨ ᠤ ᠤᠬᠠᠮᠰᠠᠷ ᠠᠴᠠ ᠪᠠᠨ | ᠡᠨᠧᠷᠭᠢ ᠶᠢᠨ ᠰᠤᠷᠪᠤᠯᠵᠢ ᠶᠢ ᠠᠷᠪᠢᠯᠠᠨ ᠭᠠᠮᠨᠠᠬᠤ ᠤᠬᠠᠮᠰᠠᠷ᠂ ᠳᠣᠲᠣᠭᠠᠳᠤ ᠬᠦᠳᠡᠯᠭᠡᠭᠴᠢ ᠬᠦᠴᠦᠨ ᠢ | ᠨᠡᠮᠡᠭᠳᠡᠭᠦᠯᠦᠨ᠎ᠡ᠃ | ᠭᠤᠣᠯᠳᠠᠯᠭ᠎ᠠ ᠶᠢ ᠳᠤᠪᠤᠶᠢᠯᠭᠠᠨ᠂ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ᠂ | ᠪᠠᠷᠢᠯᠭ᠎ᠠ᠂ ᠵᠠᠮ ᠬᠠᠷᠢᠯᠴᠠᠭ᠎ᠠ᠂ ᠤᠯᠠᠨ ᠨᠡᠶᠢᠲᠡ ᠶᠢᠨ ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ ᠬᠦᠷᠢᠶ᠎ᠡ ᠪᠣᠯᠤᠨ | ᠡᠨᠧᠷᠭᠢ ᠬᠡᠷᠡᠭᠯᠡᠬᠦ ᠭᠤᠣᠯᠳᠠᠯᠭ᠎ᠠ ᠲᠠᠢ ᠨᠢᠭᠡᠴᠡ ᠶᠢᠨ ᠡᠨᠧᠷᠭᠢ ᠠᠷᠪᠢᠯᠠᠬᠤ ᠵᠢᠴᠢ ᠭᠤᠣᠯᠳᠠᠯᠭ᠎ᠠ ᠲᠠᠢ ᠣᠷᠣᠨ | ᠪᠦᠰᠡ ᠶᠢᠨ ᠪᠣᠬᠢᠷᠲᠤᠯ ᠪᠣᠳᠠᠰ ᠢ ᠰᠡᠷᠭᠡᠶᠢᠯᠡᠨ ᠡᠵᠡᠮᠳᠡᠬᠦ ᠶᠢ ᠳᠤᠪᠤᠶᠢᠮ᠎ᠠ ᠰᠠᠶᠢᠲᠤᠷ ᠠᠳᠬᠤᠬᠤ ᠮᠦᠷᠲᠡᠭᠡᠨ ᠪᠠᠰᠠ | ᠪᠦᠬᠦ ᠨᠡᠶᠢᠭᠡᠮ ᠢ ᠳᠠᠶᠢᠴᠢᠯᠠᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ | ᠠᠵᠢᠯ ᠳᠤ ᠣᠷᠣᠯᠴᠠᠭᠤᠯᠵᠤ᠂ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠪᠤᠢ | ᠪᠣᠯᠭᠠᠬᠤ ᠶᠢ ᠲᠦᠯᠬᠢᠨ ᠠᠬᠢᠭᠤᠯᠤᠨ᠎ᠠ᠃ | ᠲᠥᠯᠥᠪᠵᠢᠭᠦᠯᠭᠡ ᠶᠢᠨ ᠡᠴᠦᠰ ᠲᠤ ᠭᠤᠣᠯ ᠬᠠᠷᠠᠯᠲᠠ ᠶᠢ ᠲᠤᠲᠤᠷᠬᠠᠶᠢᠯᠠᠵᠠᠢ᠄ 2020 ᠣᠨ ᠪᠣᠯᠬᠤ ᠳᠤ᠂ | ᠪᠦᠬᠦ ᠣᠷᠣᠨ ᠤ ᠲᠦᠮᠡᠨ ᠲᠥᠭᠦᠷᠢᠭ ᠤᠨ GDP ᠶᠢᠨ ᠡᠨᠧᠷᠬᠢ ᠶᠢᠨ ᠬᠤᠷᠤᠭᠳᠠᠯ ᠢ 2015 ᠣᠨ ᠤ ᠬᠢ ᠠᠴᠠ | 14% ᠪᠠᠭᠠᠰᠬᠠᠵᠤ᠂ ︽13·5︾ ᠶᠢᠨ ᠬᠤᠭᠤᠴᠠᠭᠠᠨ ᠳᠤ ᠡᠨᠧᠷᠭᠢ ᠶᠢᠨ ᠬᠤᠷᠤᠭᠳᠠᠯ ᠤᠨ ᠨᠡᠮᠡᠭᠳᠡᠯ ᠤᠨ | ᠬᠡᠮᠵᠢᠶ᠎ᠡ ᠶᠢ 3570 ᠲᠦᠮᠡᠨ ᠲᠣᠨ ᠪᠠᠷᠢᠮᠵᠢᠶᠠᠲᠤ ᠨᠡᠭᠦᠷᠡᠰᠦᠨ ᠤ ᠳᠣᠲᠣᠷ᠎ᠠ ᠬᠢᠵᠠᠭᠠᠷᠯᠠᠵᠤ᠂ ᠵᠢᠯ ᠪᠦᠷᠢ ᠶᠢᠨ | ᠡᠨᠧᠷᠭᠢ ᠶᠢᠨ ᠬᠤᠷᠤᠭᠳᠠᠯ ᠤᠨ ᠳᠤᠮᠳᠠᠴᠢ ᠨᠡᠮᠡᠭᠳᠡᠯ ᠤᠨ ᠬᠤᠷᠳᠤᠴᠠ ᠶᠢ 3.5% ᠠᠴᠠ ᠳᠤᠷᠤᠭᠰᠢ ᠬᠢᠵᠠᠭᠠᠷᠯᠠᠵᠤ᠂ | ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ 2.25 ᠳ᠋ᠦᠡᠭᠰᠢᠭᠤᠷ ᠲᠣᠨ ᠪᠠᠷᠢᠮᠵᠢᠶᠠᠲᠤ ᠨᠡᠭᠦᠷᠡᠰᠦᠨ ᠤ | ᠳᠣᠲᠣᠷ᠎ᠠ ᠬᠢᠵᠠᠭᠠᠷᠯᠠᠨ᠎ᠠ᠃ ᠪᠦᠬᠦ ᠣᠷᠣᠨ ᠤ ᠬᠢᠮᠢ ᠶᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ ᠶᠢᠨ | ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ 77.63 ᠲᠦᠮᠡᠨ ᠲᠣᠨ ᠤ ᠳᠣᠲᠣᠷ᠎ᠠ ᠬᠢᠵᠠᠭᠠᠷᠯᠠᠵᠤ᠂ ᠰᠢᠪᠲᠦᠷᠲᠦ | ᠠᠽᠣᠲ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ 4.37 ᠲᠦᠮᠡᠨ ᠲᠣᠨ ᠤ ᠳᠣᠲᠣᠷ᠎ᠠ ᠬᠢᠵᠠᠭᠠᠷᠯᠠᠵᠤ᠂ | ᠬᠦᠬᠦᠷ ᠤᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ 109.56 ᠲᠦᠮᠡᠨ ᠲᠣᠨ ᠤ | ᠳᠣᠲᠣᠷ᠎ᠠ ᠬᠢᠵᠠᠭᠠᠷᠯᠠᠵᠤ᠂ ᠠᠽᠣᠲ ᠤᠨ ᠢᠰᠦᠮᠡᠭ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ 101.4 ᠲᠦᠮᠡᠨ | ᠲᠣᠨ ᠤ ᠳᠣᠲᠣᠷ᠎ᠠ ᠬᠢᠵᠠᠭᠠᠷᠯᠠᠵᠤ᠂ ᠲᠤᠰ ᠲᠤᠰ 2015 ᠣᠨ ᠤ ᠬᠢ ᠠᠴᠠ 7.1%᠂ 7%᠂ 11%᠂ | 11% ᠪᠠᠭᠠᠰᠬᠠᠨ᠎ᠠ᠃ |