ᠵᠠᠩ ᠵᠢᠶᠠᠨ ᠮᠢᠨ ᠬᠢᠨᠭ᠍ᠭᠠᠨ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠬᠠᠷᠢᠭᠤᠴᠠᠯᠭ᠎ᠠ ᠶᠢ ᠪᠤᠲᠠᠲᠠᠶᠢᠵᠢᠭᠤᠯᠵᠤ ᠲᠤᠶᠢᠯ ᠤᠨ ᠤᠨᠤᠪᠴᠢᠲᠠᠢ ᠪᠠᠷ ᠬᠦᠴᠦᠯᠡᠵᠥ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠲᠡᠢ
ᠨᠡᠶᠢᠲᠡᠯᠡᠭᠰᠡᠨ ᠴᠠᠭ᠄
2018/5/9
     5 ᠳ᠋ᠤᠭᠠᠷ ᠰᠠᠷ᠎ᠠ ᠶᠢᠨ 7᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠦᠪᠡᠷᠲᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠵᠢᠶᠠᠨ ᠮᠢᠨ ᠬᠢᠨᠭ᠍ᠭᠠᠨ ᠠᠶᠢᠮᠠᠭ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠳ ᠤ ᠠᠵᠢᠯ ᠢ ᠪᠠᠶᠢᠴᠠᠭᠠᠨ ᠰᠤᠳᠤᠯᠬᠤ ᠳᠠᠭᠠᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠲᠡᠷᠢᠭᠦᠨ ᠴᠢᠬᠤᠯᠠ ᠲᠤᠮᠤ ᠤᠴᠢᠷ ᠪᠤᠯᠤᠨ ᠠᠷᠠᠳ ᠤᠨ ᠠᠮᠢᠳᠤᠷᠠᠯ ᠤᠨ ᠨᠢᠭᠡᠳᠦᠭᠡᠷ ᠢᠨᠵᠧᠨᠧᠷᠢᠩ ᠪᠤᠯᠭᠠᠨ ᠠᠳᠬᠤᠵᠤ᠂ ᠬᠠᠷᠢᠭᠤᠴᠠᠯᠭ᠎ᠠ ᠶᠢ ᠴᠢᠨᠠᠭᠰᠢᠳᠠ ᠪᠤᠲᠠᠲᠠᠶᠢᠵᠢᠭᠤᠯᠵᠤ᠂ ᠲᠤᠶᠢᠯ ᠤᠨ ᠤᠨᠤᠪᠴᠢᠲᠠᠢ ᠪᠠᠷ ᠬᠦᠴᠦᠯᠡᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠤᠯ ᠵᠠᠩ ᠵᠢᠶᠠᠨ ᠮᠢᠨ ᠤ ᠠᠵᠢᠯ ᠲᠦᠷᠦᠯ ᠢᠶᠠᠷ ᠬᠠᠷᠢᠴᠠᠵᠤ ᠪᠠᠶᠢᠭ᠎ᠠ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠪᠤᠯᠤᠨ᠎ᠠ᠂ ᠲᠡᠷᠡ ᠲᠤᠬᠠᠢ ᠶᠢᠨ ᠭᠠᠵᠠᠷ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠪᠠᠶᠢᠳᠠᠯ ᠢ ᠲᠦᠢᠯ ᠢᠶᠠᠷ ᠬᠠᠯᠠᠮᠵᠢᠯᠠᠵᠤ ᠪᠠᠶᠢᠳᠠᠭ᠃ ᠴᠠᠷᠠᠰᠤᠨ ᠭᠠᠴᠠᠭ᠎ᠠ ᠳᠤ ᠪᠠᠶᠢᠴᠠᠭᠠᠯᠲᠠ ᠬᠢᠭᠦ ᠳᠡᠭᠡᠨ᠂ ᠵᠠᠩ ᠵᠢᠶᠠᠨ ᠮᠢᠨ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠭᠦᠴᠢᠷᠳᠠᠯᠳᠠᠢ ᠡᠷᠤᠭᠡ ᠶᠢᠨ ᠦᠢᠯᠡᠳᠪᠤᠷᠢᠯᠡᠯ ᠠᠮᠢᠳᠤᠷᠠᠯ᠂ ᠶᠠᠳᠠᠭᠤ ᠶᠢ ᠳᠡᠳᠬᠦᠬᠦ ᠠᠵᠤ ᠦᠢᠯᠡᠰ ᠤᠨ ᠭᠦᠭᠵᠢᠯᠳᠠ ᠪᠤᠯᠤᠨ ᠲᠤᠯᠤᠭᠠᠶᠢᠯᠠᠭᠴᠢ ᠠᠵᠤ ᠠᠬᠤᠶᠢᠯᠠᠯ ᠤᠳ ᠤᠯᠠᠨ ᠲᠦᠮᠡᠨ ᠢ ᠳᠠᠶᠢᠴᠢᠯᠠᠨ ᠶᠠᠳᠠᠭᠤ ᠠᠴᠠ ᠠᠩᠭᠢᠵᠢᠷᠠᠭᠤᠯᠤᠭᠰᠠᠨ ᠪᠠᠶᠢᠳᠠᠯ ᠢ ᠨᠠᠷᠢᠨ ᠤᠶᠢᠯᠠᠭᠠᠵᠤ᠂ ᠦᠨᠳᠤᠰᠤᠨ ᠱᠠᠳᠤᠨ ᠤ ᠺᠠᠳ᠋ᠷ᠂ ᠭᠠᠴᠠᠭ᠎ᠠ ᠳᠤ ᠰᠠᠭᠤᠭ᠎ᠠ ᠠᠵᠢᠯ ᠤᠨ ᠳᠤᠭᠤᠶᠢᠯᠠᠩ ᠲᠠᠢ ᠭᠦᠨᠵᠡᠭᠡᠢ ᠶᠠᠷᠢᠯᠴᠠᠵᠤ᠂ ᠲᠡᠳᠡᠨ ᠳᠤ ᠶᠠᠳᠠᠭᠤ ᠭᠦᠴᠢᠷᠳᠠᠯᠳᠠᠢ ᠤᠯᠠᠨ ᠲᠦᠮᠡᠨ ᠳᠤ ᠬᠠᠶᠢᠷ᠎ᠠ ᠰᠡᠳᠬᠢᠯᠭᠡ ᠡᠪᠦᠷᠯᠡᠨ ᠬᠠᠪᠰᠤᠷᠤᠨ ᠲᠡᠳᠭᠦᠭᠦ ᠠᠵᠢᠯ ᠢᠶᠠᠨ ᠰᠠᠶᠢᠲᠤᠷ ᠬᠢᠭᠦ ᠬᠡᠷᠡᠭᠳᠡᠢ ᠬᠡᠵᠥ ᠱᠠᠭᠠᠷᠳᠠᠪᠠ᠃      ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠤᠯᠳᠠ ᠶᠢ ᠰᠤᠨᠤᠰᠤᠭᠰᠠᠨ ᠤ ᠲᠠᠷᠠᠭ᠎ᠠ᠂ ᠵᠠᠩ ᠵᠢᠶᠠᠨ ᠮᠢᠨ ᠴᠢᠬᠤᠯᠠᠴᠢᠯᠠᠭᠰᠠᠨ ᠨᠢ᠂ ︽ᠦᠵᠡᠯ ᠲᠠᠨᠢᠯᠳᠠ ᠪᠠᠨ ᠤᠯᠠᠮ ᠳᠡᠭᠡᠭᠰᠢᠯᠡᠭᠦᠯᠵᠦ᠂ ᠬᠠᠷᠢᠭᠤᠴᠠᠯᠭ᠎ᠠ ᠲᠠᠮᠵᠢᠭᠤᠯᠭ᠎ᠠ ᠪᠠᠨ ᠤᠯᠠᠮ ᠤᠷᠤᠨ ᠪᠠᠶᠢᠷᠢ ᠳᠤᠨᠢ ᠬᠦᠷᠬᠡᠵᠥ᠂ ᠶᠠᠳᠠᠭᠤ ᠠᠴᠠ ᠠᠩᠭᠢᠵᠢᠷᠠᠭᠤᠯᠬᠤ ᠠᠷᠭ᠎ᠠ ᠬᠢᠳᠡᠯ ᠢᠶᠠᠨ ᠤᠯᠠᠮ ᠲᠤᠶᠢᠯ ᠤᠨ ᠤᠨᠤᠪᠴᠢᠳᠠᠢ ᠪᠤᠯᠭᠠᠬᠤ︾ ᠱᠠᠭᠠᠷᠳᠠᠯᠭ᠎ᠠ ᠶᠤᠰᠤᠭᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠲᠤᠲᠠᠢ ᠰᠠᠶᠢᠲᠤᠷ ᠬᠢᠵᠦ᠂ ︽ᠬᠤᠸᠠᠷ ᠬᠠᠳᠬᠤᠬᠤ︾ ᠡᠷᠳᠡᠮ ᠢᠶᠠᠷ ᠶᠠᠳᠠᠭᠤ ᠭᠦᠴᠢᠷᠳᠠᠯᠳᠠᠢ ᠡᠷᠤᠭᠡ ᠶᠢ ᠲᠤᠶᠢᠯ ᠤᠨ ᠤᠨᠤᠪᠴᠢᠳᠠᠢ ᠢᠯᠭᠠᠨ ᠲᠠᠨᠢᠬᠤ᠂ ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠳᠡᠢ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠦᠷᠤᠯ ᠵᠦᠢᠯ ᠤᠨ ᠭᠦᠮᠤᠷᠭᠡ ᠶᠢ ᠴᠢᠨᠠᠬᠰᠢᠳᠠ ᠪᠦᠷᠢᠨᠰᠢᠭᠦᠯᠵᠦ᠂ ᠳᠦᠷᠦᠯ ᠵᠦᠢᠯ ᠤᠨ ᠦᠨᠡᠯᠡᠯᠳᠡ ᠪᠤᠯᠤᠨ ᠨᠦᠬᠡᠴᠡ ᠶᠢ ᠴᠢᠩᠭᠠᠳᠬᠠᠵᠥ᠂ ᠶᠠᠳᠠᠭᠤ ᠶᠢ ᠲᠡᠳᠭᠦᠭᠦ ᠪᠡᠯᠡ ᠮᠦᠡᠭᠭᠦ ᠶᠢᠨ ᠬᠡᠷᠡᠭᠯᠡᠯᠲᠡ ᠶᠢᠨ ᠦᠷ᠎ᠡ ᠪᠦᠲᠦᠭᠡᠯ ᠢ ᠳᠡᠬᠡᠭᠰᠢᠯᠡᠬᠦᠯᠬᠦ ᠬᠡᠷᠡᠭᠳᠡᠢ᠃ ᠡᠬᠦᠨ ᠤ ᠬᠠᠮᠲᠤ᠂ ᠪᠡᠭᠡᠵᠢᠩ ᠦᠪᠦᠷ ᠮᠤᠩᠭᠤᠯ ᠤᠨ ᠠᠵᠢᠯ ᠲᠦᠷᠦᠯ ᠢᠶᠠᠷ ᠨᠢ ᠬᠠᠪᠰᠤᠷᠤᠨ ᠲᠡᠳᠭᠦᠭᠦ ᠲᠦᠷᠦ ᠶᠢᠨ ᠪᠤᠳᠤᠯᠭ᠎ᠠ ᠶᠢᠨ ᠠᠵᠠ ᠳᠤᠬᠢᠶᠠᠯ ᠢ ᠡᠵᠡᠮᠳᠡᠵᠥ᠂ ᠱᠠᠯᠠᠪᠳᠠᠭᠤᠯᠤᠨ ᠵᠢᠯᠤᠭᠤᠳᠬᠤ ᠲᠤᠭᠲᠠᠴᠠ ᠶᠢ ᠪᠦᠷᠢᠨᠰᠢᠭᠦᠯᠵᠦ᠂ ᠶᠠᠳᠠᠭᠤ ᠬᠦᠴᠢᠷᠳᠡᠯᠲᠡᠢ ᠠᠷᠠᠳ ᠤᠯᠠᠨ ᠤ ᠶᠠᠳᠠᠭᠤ ᠠᠴᠠ ᠠᠩᠭᠢᠵᠢᠷᠠᠵᠤ ᠪᠠᠶᠠᠵᠢᠨ ᠴᠢᠨᠡᠭᠡᠯᠢᠭᠵᠢᠬᠦ ᠳᠤᠲᠤᠭᠠᠳᠤ ᠬᠦᠳᠡᠯᠭᠡᠬᠦ ᠬᠦᠴᠦᠨ ᠢ ᠬᠦᠭᠵᠢᠭᠡᠵᠦ᠂ ᠡᠨᠡᠬᠦ ᠬᠠᠲᠠᠭᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠢᠯᠠᠯᠲᠠ ᠤᠯᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号