| | ᠰᠤᠷᠪᠤᠯᠵᠢᠯᠠᠭᠰᠠᠨ ᠴᠠᠭ᠄ | 2018 ᠣᠨ ᠤ 3 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨᠠᠬᠢ 15 ᠴᠠᠭ | ᠰᠤᠷᠪᠤᠯᠵᠢᠯᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠵᠠᠩ ᠭᠠᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠡᠮᠦᠨᠡᠬᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠵᠠᠰᠠᠭ ᠤᠨ ᠶᠠᠪᠤᠳᠠᠯ ᠤᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠢ ᠨᠡᠶᠢᠲᠡᠯᠡᠨ | ᠬᠡᠷᠡᠭᠵᠢᠭᠦᠯᠪᠡ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠵᠠᠩ ᠭᠠᠩ ᠳᠡᠳ᠋ ᠡᠷᠬᠢᠯᠡᠭᠴᠢ ᠶᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠰᠦᠯᠵᠢᠶ᠎ᠡ ᠶᠢᠨ ᠰᠤᠷᠪᠤᠯᠵᠢᠯᠠᠭ᠎ᠠ ᠶᠢᠨ ᠪᠤᠯᠤᠩ ᠳᠤ ᠤᠷᠢᠵᠤ᠂ ᠮᠠᠨ ᠤ ᠣᠷᠣᠨ ᠤ ᠵᠠᠰᠠᠭ ᠤᠨ ᠶᠠᠪᠤᠳᠠᠯ ᠤᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠣᠯᠠᠨ ᠲᠠᠢ ᠰᠠᠨᠠᠯ | ᠰᠣᠯᠢᠯᠴᠠᠭᠤᠯᠬᠤ ᠪᠣᠯᠣᠯ᠎ᠠ᠃ ᠥᠷᠭᠡᠨ ᠣᠯᠠᠨ ᠰᠦᠯᠵᠢᠶᠡᠨ ᠤ ᠠᠨᠳᠠ ᠶᠢᠨ ᠢᠳᠡᠪᠬᠢᠲᠡᠢ ᠣᠷᠣᠯᠴᠠᠬᠤ ᠶᠢ ᠪᠠᠶᠠᠷᠯᠠᠨ | ᠤᠭᠲᠤᠵᠤ ᠪᠠᠶᠢᠨ᠎ᠠ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ ᠠᠪᠴᠤ ᠦᠵᠡᠭᠰᠡᠨ | ᠳᠤ ᠴᠢᠨᠢ ᠪᠠᠶᠠᠷᠯᠠᠯ᠎ᠠ᠃ ᠡᠮᠦᠨᠡᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ︽ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ | ᠲᠤᠬᠠᠢ ᠬᠡᠷᠡᠭᠵᠢᠭᠦᠯᠬᠦ ᠲᠥᠰᠥᠯ︾ ︵ᠳᠣᠣᠷ᠎ᠠ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠲᠠᠷᠬᠠᠭᠠᠭᠰᠠᠨ ᠨᠢ᠂ ᠣᠳᠣᠬᠠᠨ ᠤ ᠪᠠ ᠡᠭᠦᠨ ᠠᠴᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠠᠬᠢ ᠮᠠᠨ ᠤ | ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠳᠤ | ᠬᠦᠨᠳᠦ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠪᠠᠶᠢᠳᠠᠭ᠃ ᠥᠨᠥᠳᠥᠷ ᠪᠢᠳᠡ ᠵᠣᠯ ᠢᠶᠠᠷ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠵᠠᠩ ᠭᠠᠩ ᠳᠡᠳ᠋ ᠡᠷᠬᠢᠯᠡᠭᠴᠢ ᠶᠢ ᠤᠷᠢᠵᠤ | ᠂ ᠮᠠᠨ ᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ | ᠠᠭᠤᠯᠭ᠎ᠠ ᠶᠢᠨ ᠲᠤᠬᠠᠢ ᠰᠦᠯᠵᠢᠶ᠎ᠡ ᠪᠠᠷ ᠣᠯᠠᠨ ᠲᠠᠢ ᠰᠠᠨᠠᠯ ᠰᠣᠯᠢᠯᠴᠠᠭᠤᠯᠬᠤ ᠪᠣᠯᠣᠯ᠎ᠠ᠃ ᠵᠠᠩ ᠡᠷᠬᠢᠯᠡᠭᠴᠢ ᠶᠢ | ᠪᠠᠶᠠᠷᠯᠠᠨ ᠤᠭᠲᠤᠵᠤ ᠪᠠᠶᠢᠨ᠎ᠠ᠃ | ᠵᠠᠩ ᠭᠠᠩ᠄ | ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠠᠳᠡ ᠣᠯᠠᠨ ᠲᠠᠢ | ᠰᠠᠨᠠᠯ ᠢᠶᠠᠨ ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃ | ᠬᠥᠲᠥᠯᠥᠭᠴᠢ᠄ | ᠣᠶᠢᠷ᠎ᠠ ᠶᠢᠨ ᠬᠡᠳᠦᠨ ᠵᠢᠯ ᠳᠤ᠂ ᠤᠯᠤᠰ ᠠᠴᠠ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢᠨ ᠲᠠᠯ᠎ᠠ ᠪᠠᠷ ᠨᠡᠯᠢᠶᠡᠳ ᠣᠯᠠᠨ ᠱᠠᠭᠠᠷᠳᠠᠯᠭ᠎ᠠ ᠳᠤᠷᠠᠳᠴᠤ᠂ ᠡᠯ᠎ᠡ ᠬᠦᠷᠢᠶ᠎ᠡ ᠴᠠᠷᠠᠭᠠᠨ ᠳᠠᠬᠢ | ᠢᠲᠡᠭᠡᠮᠵᠢ ᠶᠢᠨ ᠪᠠᠶᠢᠭᠤᠯᠤᠯᠲᠠ ᠶᠢ ᠶᠡᠭᠡ ᠪᠠᠷ ᠠᠬᠢᠭᠤᠯᠪᠠ᠃ ᠲᠠᠨ ᠤ ᠦᠵᠡᠬᠦ ᠪᠠᠷ᠂ ᠵᠠᠰᠠᠭ ᠤᠨ ᠶᠠᠪᠤᠳᠠᠯ ᠤᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠭᠦᠨᠵᠡᠭᠡᠢ ᠥᠷᠨᠢᠭᠦᠯᠬᠦ ᠨᠢ ᠶᠠᠮᠠᠷ ᠴᠢᠬᠤᠯᠠ ᠠᠴᠢ ᠬᠤᠯᠪᠣᠭᠳᠠᠯ ᠲᠠᠢ | ᠪᠣᠢ︖ | ᠵᠠᠩ ᠭᠠᠩ᠄ | ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠣᠯ ᠣᠳᠣ ᠦᠶ᠎ᠡ ᠶᠢᠨ ᠨᠡᠶᠢᠭᠡᠮ ᠤᠨ ᠢᠲᠡᠭᠡᠮᠵᠢ ᠶᠢᠨ | ᠰᠢᠰᠲ᠋ᠧᠮᠵᠢ ᠶᠢᠨ ᠰᠠᠭᠤᠷᠢ ᠪᠠᠶᠢᠵᠤ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠨᠢ ᠪᠦᠬᠦᠶᠢᠯᠡ ᠨᠡᠶᠢᠭᠡᠮ ᠤᠨ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠳᠤᠮᠳᠠ ᠵᠢᠱᠢᠶ᠎ᠡ ᠦᠵᠡᠭᠦᠯᠬᠦ ᠪᠠ ᠬᠥᠲᠥᠯᠥᠨ ᠳᠠᠭᠠᠭᠤᠯᠬᠤ | ᠦᠢᠯᠡᠳᠦᠯ ᠦᠵᠡᠭᠦᠯᠵᠦ ᠪᠠᠶᠢᠳᠠᠭ᠃ ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠲᠡᠯᠡᠨ ᠬᠡᠷᠡᠭᠵᠢᠭᠦᠯᠦᠭᠰᠡᠨ ︽ | ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ ︵ | 2014 — 2020 ᠣᠨ︶︾ ᠳᠤ᠄ ︽ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠣᠯ ᠨᠡᠶᠢᠭᠡᠮ ᠤᠨ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠵᠠᠩᠭᠢᠯᠠᠭ᠎ᠠ ᠪᠠᠶᠢᠵᠤ᠂ ᠵᠠᠰᠠᠭ ᠤᠨ ᠶᠠᠪᠤᠳᠠᠯ ᠤᠨ ᠡᠯ᠎ᠡ | ᠲᠥᠷᠥᠯ ᠤᠨ ᠠᠵᠢᠯᠯᠠᠭ᠎ᠠ ᠶᠢᠨ ᠭᠤᠣᠯ ᠴᠣᠭᠴᠠ ᠶᠢᠨ ᠦᠨᠡᠨᠴᠢ ᠢᠲᠡᠭᠡᠮᠵᠢ ᠶᠢᠨ ᠬᠢᠷᠢ ᠲᠦᠪᠰᠢᠨ ᠨᠢ᠂ ᠪᠤᠰᠤᠳ | ᠨᠡᠶᠢᠭᠡᠮ ᠤᠨ ᠭᠤᠣᠯ ᠴᠣᠭᠴᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠴᠢᠬᠤᠯᠠ ᠥᠯᠢᠭᠡᠷ ᠳᠠᠭᠤᠷᠢᠶᠠᠯ | ᠪᠠ ᠤᠳᠤᠷᠢᠳᠤᠮᠵᠢ ᠶᠢᠨ ᠦᠢᠯᠡᠳᠦᠯ ᠦᠵᠡᠭᠦᠯᠵᠦ ᠪᠠᠶᠢᠳᠠᠭ︾ ᠭᠡᠵᠦ ᠵᠢᠭᠠᠵᠤ ᠭᠠᠷᠭᠠᠪᠠ᠃ ᠡᠨᠡ ᠨᠢ ᠨᠠᠮ ᠪᠠ | ᠵᠠᠰᠠᠭ ᠤᠨ ᠣᠷᠳᠣᠨ ᠠᠴᠠ ᠨᠢᠭᠡᠨᠲᠡ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠮᠠᠰᠢ | ᠲᠣᠪᠣᠶᠢᠮ᠎ᠠ ᠴᠢᠬᠤᠯᠠ ᠪᠠᠶᠢᠷᠢᠨ ᠳᠤ ᠲᠠᠯᠪᠢᠨ ᠠᠬᠢᠭᠤᠯᠵᠤ ᠪᠠᠶᠢᠬᠤ ᠪᠠᠷ ᠪᠠᠷᠠᠬᠤ ᠦᠭᠡᠢ᠂ ᠡᠨᠡ ᠦᠶ᠎ᠡ ᠳᠤ | ᠥᠪᠡᠷᠲᠡᠭᠡᠨ ᠵᠠᠰᠠᠬᠤ ᠣᠷᠣᠨ ︽ᠬᠡᠷᠡᠭᠵᠢᠭᠦᠯᠬᠦ ᠲᠥᠰᠥᠯ︾ ᠢ ᠨᠡᠶᠢᠲᠡᠯᠡᠭᠰᠡᠨ ᠨᠢ ᠪᠠᠴᠢᠮ ᠲᠤᠯᠭᠠᠮ᠎ᠠ ᠪᠠ ᠬᠦᠨᠳᠦ | ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠢ ᠭᠦᠢᠴᠡᠳ ᠲᠣᠳᠣᠷᠬᠠᠶᠢᠯᠠᠵᠠᠢ᠃ ᠠᠵᠤ ᠠᠬᠤᠢ ᠨᠡᠶᠢᠭᠡᠮ ᠤᠨ | ᠬᠥᠭᠵᠢᠯᠲᠡ ᠪᠠ ᠣᠳᠣ ᠦᠶ᠎ᠡ ᠶᠢᠨ ᠤᠯᠤᠰ ᠲᠥᠷᠥ ᠶᠢᠨ ᠪᠣᠯᠪᠠᠰᠤᠨ ᠤ ᠪᠣᠯᠪᠠᠰᠤᠷᠠᠩᠭᠤᠢ ᠪᠣᠯᠬᠤ ᠶᠢ ᠳᠠᠭᠠᠯᠳᠤᠨ᠂ | ᠨᠡᠶᠢᠲᠡ ᠣᠯᠠᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠳᠠᠬᠢ ᠬᠦᠰᠡᠯ ᠡᠷᠡᠮᠡᠯᠵᠡᠯ ᠨᠢ ᠲᠠᠰᠤᠷᠠᠯᠲᠠ ᠦᠭᠡᠢ | ᠳᠡᠭᠡᠭᠰᠢᠯᠡᠵᠦ ᠪᠠᠶᠢᠪᠠᠴᠤ᠂ ᠣᠳᠣᠬᠢ ᠱᠠᠲᠤᠨ ᠤ ᠬᠠᠤᠯᠢ ᠪᠠᠶᠢᠭᠠᠳ ᠵᠢᠷᠤᠮᠯᠠᠬᠤ ᠦᠭᠡᠢ᠂ ᠬᠠᠤᠯᠢ ᠬᠡᠷᠡᠭᠵᠢᠭᠦᠯᠦᠯᠲᠡ | ᠨᠢ ᠴᠢᠩᠭ᠎ᠠ ᠪᠤᠰᠤ᠂ ᠲᠥᠷᠥ ᠶᠢᠨ ᠪᠣᠳᠣᠯᠭ᠎ᠠ ᠶᠢ ᠪᠠᠶᠢᠨ ᠳᠠᠬᠢᠨ ᠥᠭᠡᠷᠡᠴᠢᠯᠡᠬᠦ᠂ ᠵᠠᠰᠠᠭ ᠤᠨ ᠣᠷᠳᠣᠨ ᠤ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤᠮᠳᠠᠬᠢ ︽JQK︾ ᠵᠡᠷᠭᠡ ᠠᠰᠠᠭᠤᠳᠠᠯ ᠨᠢ ᠳᠠᠬᠢᠨ ᠳᠠᠪᠲᠠᠨ | ᠡᠭᠦᠰᠴᠦ᠂ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠪᠠ ᠣᠯᠠᠨ ᠨᠡᠶᠢᠲᠡ ᠶᠢᠨ ᠦᠢᠯᠡᠴᠢᠯᠡᠭᠡ ᠶᠢᠨ ᠦᠷ᠎ᠡ | ᠪᠦᠲᠦᠮᠵᠢ ᠶᠢ ᠪᠠᠭᠤᠷᠠᠭᠤᠯᠵᠤ ᠪᠠᠶᠢᠬᠤ ᠪᠠᠷ ᠪᠠᠷᠠᠬᠤ ᠦᠭᠡᠢ᠂ ᠤᠯᠤᠰ ᠲᠥᠷᠥ ᠶᠢᠨ ᠠᠮᠢ ᠠᠬᠤᠢ ᠪᠠ ᠨᠡᠶᠢᠭᠡᠮ ᠤᠨ | ᠬᠡᠪ ᠰᠤᠷᠲᠠᠯ ᠢ ᠢᠯᠵᠠᠷᠠᠭᠤᠯᠤᠨ ᠮᠠᠭᠤᠳᠠᠭᠤᠯᠵᠤ ᠪᠠᠶᠢᠨ᠎ᠠ᠃ ᠡᠭᠦᠨ ᠳᠤ᠂ ᠵᠠᠰᠠᠭ ᠤᠨ ᠶᠠᠪᠤᠳᠠᠯ ᠤᠨ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠣᠷᠣᠨ ᠤ ᠦᠵᠥ ᠲᠥᠯᠥᠪᠯᠡᠭᠡ ᠶᠢᠨ ᠠᠴᠢ | ᠬᠤᠯᠪᠣᠭᠳᠠᠯ ᠪᠦᠬᠦᠢ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠬᠦᠷᠢᠶ᠎ᠡ ᠴᠠᠷᠠᠭᠠᠨ ᠳᠠᠬᠢ ᠲᠥᠷᠥ ᠶᠢᠨ | ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠡᠭᠦᠨ ᠠᠴᠠ ᠬᠤᠶᠢᠰᠢᠳᠠ ᠶᠢᠨ ᠨᠢᠭᠡ ᠬᠡᠰᠡᠭ | ᠬᠤᠭᠤᠴᠠᠭᠠᠨ ᠳᠠᠬᠢ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠭᠤᠣᠯ ᠪᠣᠯᠬᠤ | ᠬᠦᠷᠢᠶ᠎ᠡ ᠴᠠᠷᠠᠭ᠎ᠠ ᠪᠠ ᠴᠢᠬᠤᠯᠠ ᠵᠠᠩᠭᠢᠶᠠᠰᠤ ᠶᠢ ᠪᠦᠬᠦ ᠲᠠᠯ᠎ᠠ ᠪᠠᠷ ᠲᠥᠯᠥᠪᠵᠢᠭᠦᠯᠬᠦ ᠨᠢ ᠮᠠᠰᠢ ᠲᠤᠯᠭᠠᠮ᠎ᠠ ᠪᠠ | ᠴᠢᠬᠤᠯᠠᠲᠠᠢ ᠪᠠᠶᠢᠳᠠᠭ᠃ | ᠬᠥᠲᠥᠯᠥᠭᠴᠢ᠄ | ᠮᠠᠨ ᠤ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠳ ᠲᠤ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ | ᠪᠦᠷ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠬᠦᠴᠦᠯᠡᠨ | ᠠᠬᠢᠭᠤᠯᠵᠤ ᠪᠠᠶᠢᠨ᠎ᠠ᠃ ᠮᠠᠨ ᠤ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ | ᠲᠥᠷᠥ ᠶᠢᠨ ᠪᠣᠳᠣᠯᠭ᠎ᠠ ᠳᠦᠷᠢᠮ ᠲᠣᠭᠲᠠᠭᠠᠯ ᠨᠢ ᠠᠯᠬᠤᠮ ᠠᠯᠬᠤᠮ ᠢᠶᠠᠷ ᠲᠡᠭᠦᠯᠳᠡᠷᠵᠢᠵᠦ᠂ ᠢᠲᠡᠭᠡᠮᠵᠢ ᠶᠢᠨ | ᠮᠡᠳᠡᠭᠡ ᠵᠠᠩᠭᠢ ᠶᠢ ᠬᠠᠮᠲᠤ ᠪᠠᠷ ᠬᠦᠷᠲᠡᠨ ᠬᠡᠷᠡᠭᠯᠡᠬᠦ ᠶᠢ ᠲᠠᠰᠤᠷᠠᠯᠲᠠ ᠦᠭᠡᠢ ᠥᠷᠭᠡᠳᠬᠡᠵᠦ᠂ ᠢᠲᠡᠭᠡᠮᠵᠢ ᠶᠢᠨ | ᠬᠠᠮᠲᠤᠷᠠᠭᠰᠠᠨ ᠱᠠᠩᠨᠠᠯ ᠲᠣᠷᠭᠤᠭᠤᠯᠢ ᠶᠢ ᠡᠮᠬᠢ ᠵᠢᠷᠤᠮ ᠲᠠᠢ ᠥᠷᠨᠢᠭᠦᠯᠦᠨ᠂ ᠢᠲᠡᠭᠡᠮᠵᠢ ᠶᠢᠨ ᠦᠢᠯᠡᠴᠢᠯᠡᠭᠡ ᠶᠢᠨ | ᠵᠠᠬ᠎ᠠ ᠳᠡᠯᠭᠡᠭᠦᠷ ᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠮᠠᠨ ᠤ ᠣᠷᠣᠨ ᠤ ᠰᠠᠶᠢᠨ ᠰᠠᠶᠢᠬᠠᠨ ᠢᠲᠡᠭᠡᠮᠵᠢ ᠶᠢᠨ | ᠣᠷᠴᠢᠨ ᠲᠣᠭᠤᠷᠢᠨ ᠢ ᠪᠣᠢ ᠪᠣᠯᠭᠠᠭᠰᠠᠨ ᠲᠤᠬᠠᠢ ᠣᠯᠠᠨ ᠤ ᠰᠡᠳᠬᠢᠯ ᠳᠤ ᠭᠦᠨᠵᠡᠭᠡᠢ ᠲᠥᠷᠥᠭᠳᠡᠯ ᠲᠠᠢ ᠪᠠᠶᠢᠳᠠᠭ᠃ | ᠲᠡᠭᠡᠪᠡᠯ᠂ ᠲᠤᠰ ᠤᠳᠠᠭᠠᠨ ᠤ ᠨᠡᠶᠢᠲᠡᠯᠡᠭᠰᠡᠨ ︽ᠬᠡᠷᠡᠭᠵᠢᠭᠦᠯᠬᠦ ᠲᠥᠰᠥᠯ︾ ᠳᠤ ᠶᠠᠮᠠᠷ ᠶᠠᠮᠠᠷ ᠪᠣᠳᠣᠯᠬᠢᠯᠠᠯ ᠪᠠᠶᠢᠬᠤ | ᠪᠣᠢ︖ | ᠵᠠᠩ ᠭᠠᠩ᠄ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠳᠤ ︽ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ | ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ | ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠳᠤ᠂ ᠵᠠᠰᠠᠭ ᠤᠨ ᠶᠠᠪᠤᠳᠠᠯ ᠤᠨ | ᠦᠨᠡᠨᠴᠢ ᠢᠲᠡᠭᠡᠮᠵᠢ ᠶᠢ ᠲᠡᠷᠢᠭᠦᠨ ᠪᠠᠶᠢᠷᠢᠨ ᠳᠤ ᠵᠢᠭᠰᠠᠭᠠᠬᠤ ᠬᠡᠷᠡᠭᠲᠡᠢ︾ ᠭᠡᠵᠦ ᠳᠤᠷᠠᠳᠴᠠᠢ᠃ ᠶᠡᠷᠦᠩᠬᠡᠢ ᠱᠦᠵᠢ | ᠰᠢ ᠶᠢᠨ ᠫᠢᠩ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠪᠠᠨ ︽ᠵᠠᠰᠠᠭ ᠤᠨ ᠣᠷᠳᠣᠨ ᠤ | ᠡᠭᠦᠷᠭᠡ ᠴᠢᠳᠠᠪᠬᠢ ᠶᠢ ᠬᠤᠪᠢᠷᠠᠭᠤᠯᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ | ᠭᠦᠨᠵᠡᠭᠡᠶᠢᠷᠡᠭᠦᠯᠦᠨ᠂ ᠬᠢᠨᠠᠨ ᠬᠠᠮᠢᠶᠠᠷᠬᠤ ᠠᠷᠭ᠎ᠠ ᠬᠡᠯᠪᠡᠷᠢ ᠶᠢ ᠰᠢᠨᠡᠴᠢᠯᠡᠵᠦ᠂ ᠵᠠᠰᠠᠭ ᠤᠨ ᠣᠷᠳᠣᠨ ᠤ ᠨᠡᠶᠢᠲᠡ ᠶᠢ | ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠢ ᠴᠢᠩᠭᠠᠷᠠᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ | ᠦᠢᠯᠡᠴᠢᠯᠡᠭᠡ ᠶᠢᠨ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠬᠡᠷᠡᠭᠲᠡᠢ︾ ᠭᠡᠵᠦ ᠲᠣᠳᠣᠷᠬᠠᠢ ᠱᠠᠭᠠᠷᠳᠠᠯᠭ᠎ᠠ | ᠳᠤᠷᠠᠳᠤᠭᠰᠠᠨ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠪᠠ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠢᠲᠡᠭᠡᠮᠵᠢ | ᠠᠯᠳᠠᠭᠰᠠᠨ ᠬᠡᠷᠡᠭᠵᠢᠭᠦᠯᠦᠭᠳᠡᠭᠴᠢ ᠳᠤ ᠢᠲᠡᠭᠡᠮᠵᠢ ᠶᠢᠨ ᠬᠢᠨᠠᠯᠲᠠ᠂ ᠰᠡᠷᠡᠮᠵᠢᠯᠡᠭᠦᠯᠦᠯ ᠪᠠ ᠵᠠᠯᠬᠠᠭᠠᠯ ᠰᠢᠢᠳᠬᠡᠯ | ᠶᠠᠪᠤᠭᠤᠯᠬᠤ ᠲᠣᠭᠲᠠᠴᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠰᠠᠨᠠᠯ︾ ᠳᠤ᠄ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠬᠢᠭᠡᠳ ᠢᠲᠡᠭᠡᠮᠵᠢ ᠠᠯᠳᠠᠭᠰᠠᠨ ᠠᠰᠠᠭᠤᠳᠠᠯ ᠢ ᠳᠥᠭᠦᠮ ᠬᠢᠯᠪᠠᠷ ᠢᠶᠠᠷ | ᠵᠠᠰᠠᠭ ᠤᠨ ᠣᠷᠳᠣᠨ ᠵᠢᠴᠢ ᠠᠯᠪᠠᠨ ᠲᠤᠰᠢᠶᠠᠯᠲᠠᠳ ᠤᠨ ᠥᠯᠥ ᠬᠠᠷᠢᠭᠤᠴᠠᠨ ᠠᠵᠢᠯᠯᠠᠭᠰᠠᠨ᠂ ᠲᠤᠰᠢᠶᠠᠯ ᠳᠤ ᠪᠠᠨ | ᠴᠠᠯᠠᠭᠠᠶᠢᠳᠠᠭᠰᠠᠨ ᠲᠠᠢ ᠠᠳᠠᠯᠢ ᠪᠠᠷ ᠦᠵᠡᠵᠦ ᠪᠣᠯᠬᠤ ᠦᠭᠡᠢ᠂ ᠨᠡᠩ ᠴᠤ ᠳᠠᠩ ᠴᠣᠯᠭᠤᠢ ᠪᠠᠷ ᠶᠣᠰᠣ | ᠰᠤᠷᠲᠠᠬᠤᠨ ᠤ ᠳᠤᠲᠠᠭᠤᠳᠠᠯ ᠢᠶᠠᠷ ᠦᠵᠡᠵᠦ ᠪᠣᠯᠬᠤ ᠦᠭᠡᠢ᠂ ᠬᠠᠷᠢᠨ ᠳᠦᠷᠢᠮᠵᠢᠭᠦᠯᠬᠦ ᠬᠢᠭᠡᠳ ᠬᠠᠤᠯᠢ ᠪᠠᠷ | ᠵᠠᠰᠠᠵᠢᠬᠤ ᠵᠠᠮ ᠢᠶᠠᠷ ᠰᠢᠯᠭᠠᠨ ᠦᠨᠡᠯᠡᠬᠦ ᠬᠡᠷᠡᠭᠲᠡᠢ ᠭᠡᠵᠦ ᠳᠤᠷᠠᠳᠴᠠᠢ᠃ ᠡᠶᠢᠮᠦ ᠠᠴᠠ᠂ ᠪᠢᠳᠡ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠢᠶ᠎ᠠ ᠪᠦᠬᠦᠢ | ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠬᠤ ᠶᠢᠨ ᠲᠥᠯᠥᠭᠡ᠂ ᠮᠠᠨ ᠤ ᠣᠷᠣᠨ ᠤ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠠᠵᠢᠯ ᠲᠠᠢ ᠤᠶᠠᠯᠳᠤᠭᠤᠯᠵᠤ᠂ ︽ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠢ | ᠲᠣᠭᠲᠠᠭᠠᠪᠠ᠃ ︽ᠬᠡᠷᠡᠭᠵᠢᠭᠦᠯᠬᠦ ᠲᠥᠰᠥᠯ︾ ᠨᠢ ᠮᠠᠨ ᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠤᠭᠰᠠᠨ ᠤ ᠬᠠᠮᠲᠤ | ᠂ ᠭᠤᠷᠪᠠᠨ ᠵᠦᠢᠯ ᠤᠨ ᠭᠤᠣᠯ ᠡᠭᠦᠷᠭᠡ ᠶᠢ ᠲᠣᠳᠣᠷᠬᠠᠶᠢᠯᠠᠪᠠ᠄ ᠨᠢᠭᠡ ᠳᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ | ᠢᠯᠡ ᠪᠠᠷ ᠵᠠᠰᠠᠭ ᠶᠠᠪᠤᠭᠤᠯᠬᠤ ᠪᠠᠷ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠴᠢᠬᠤᠯᠠ ᠠᠷᠭ᠎ᠠ ᠪᠠᠷᠢᠯ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠵᠠᠰᠠᠭ ᠤᠨ ᠣᠷᠳᠣᠨ ᠤ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ | ︔ ᠬᠤᠶᠠᠷ ᠲᠤ᠂ ᠵᠠᠰᠠᠭ ᠤᠨ ᠶᠠᠪᠤᠳᠠᠯ ᠤᠨ ᠬᠦᠷᠢᠶ᠎ᠡ ᠴᠠᠷᠠᠭᠠᠨ ᠳᠤ ᠢᠲᠡᠭᠡᠮᠵᠢ ᠠᠯᠳᠠᠭᠰᠠᠨ ᠲᠡᠮᠳᠡᠭᠯᠡᠯ ᠢ | ᠪᠠᠶᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ ᠰᠢᠢᠳᠬᠡᠬᠦ ᠠᠷᠭ᠎ᠠ ᠬᠡᠮᠵᠢᠶ᠎ᠡ ᠪᠠᠷ ᠵᠠᠰᠠᠭ ᠤᠨ ᠶᠠᠪᠤᠳᠠᠯ ᠤᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠬᠢᠨᠠᠨ ᠵᠢᠯᠣᠭᠤᠳᠤᠯᠭ᠎ᠠ | ᠪᠠ ᠰᠢᠯᠭᠠᠨ ᠦᠨᠡᠯᠡᠯᠲᠡ ᠶᠢ ᠴᠢᠩᠭᠠᠳᠬᠠᠵᠤ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢᠲᠡᠢ ᠪᠠᠷ ᠵᠠᠰᠠᠭ | ᠶᠠᠪᠤᠭᠤᠯᠬᠤ ᠬᠢᠷᠢ ᠲᠦᠪᠰᠢᠨ ᠪᠠ ᠠᠯᠪᠠᠲᠠᠨ ᠤ ᠡᠩᠨᠡᠭᠡ ᠶᠢᠨ ᠦᠨᠡᠨᠴᠢ ᠢᠲᠡᠭᠡᠮᠵᠢᠲᠡᠢ ᠪᠠᠷ ᠡᠭᠦᠷᠭᠡ ᠭᠦᠢᠴᠡᠳᠬᠡᠬᠦ | ᠦᠵᠡᠯ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︔ ᠭᠤᠷᠪᠠ ᠳᠤ᠂ ᠣᠯᠠᠨ ᠲᠦᠮᠡᠨ ᠤ ᠠᠰᠢᠭ | ᠲᠤᠰᠠ ᠶᠢ ᠬᠤᠬᠢᠷᠠᠭᠤᠯᠬᠤ᠂ ᠵᠠᠬ᠎ᠠ ᠳᠡᠯᠭᠡᠭᠦᠷ ᠤᠨ ᠡᠷᠬᠡ ᠲᠡᠭᠰᠢ ᠶᠢ ᠬᠤᠬᠢᠷᠠᠭᠤᠯᠬᠤ ᠵᠡᠷᠭᠡ ᠵᠠᠰᠠᠭ ᠤᠨ | ᠶᠠᠪᠤᠳᠠᠯ ᠤᠨ ᠢᠲᠡᠭᠡᠮᠵᠢ ᠠᠯᠳᠠᠭᠰᠠᠨ ᠠᠵᠢᠯᠯᠠᠭ᠎ᠠ ᠪᠠᠷ ᠵᠠᠰᠠᠯᠲᠠ ᠬᠢᠬᠦ ᠭᠤᠣᠯᠳᠠᠯᠭ᠎ᠠ ᠪᠣᠯᠭᠠᠵᠤ᠂ ᠮᠠᠨ ᠤ ᠣᠷᠣᠨ ᠤ | ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠭᠰᠠᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠦᠨ᠎ᠡ᠃ ᠡᠨᠡ ᠭᠤᠷᠪᠠᠨ ᠵᠦᠢᠯ ᠤᠨ ᠭᠤᠣᠯᠳᠠᠯᠭᠠᠲᠤ ᠡᠭᠦᠷᠭᠡ ᠶᠢ ᠳᠤᠷᠠᠳᠤᠭᠰᠠᠨ ᠨᠢ ᠮᠠᠨ ᠤ ᠣᠷᠣᠨ ᠤ | ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠯᠬᠤᠴᠠ ᠶᠢ ᠬᠦᠴᠦᠲᠡᠢ ᠠᠬᠢᠭᠤᠯᠬᠤ | ᠪᠣᠯᠣᠨ᠎ᠠ᠃ | ᠬᠥᠲᠥᠯᠥᠭᠴᠢ᠄ | ᠳᠡᠭᠡᠷ᠎ᠡ ᠶᠠᠷᠢᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠮᠠᠨ ᠤ ᠣᠷᠣᠨ ᠬᠡᠷᠬᠢᠨ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠶᠢ ᠪᠠᠶᠢᠭᠤᠯᠵᠤ᠂ ᠶᠠᠮᠠᠷ ᠶᠠᠮᠠᠷ ᠪᠣᠳᠠᠲᠠᠢ ᠠᠵᠢᠯ ᠢ ᠥᠷᠨᠢᠭᠦᠯᠬᠦ ᠪᠠᠷ ᠪᠠᠶᠢᠭ᠎ᠠ ᠶᠢ | ᠵᠠᠩ ᠡᠷᠬᠢᠯᠡᠭᠴᠢ ᠲᠠ ᠶᠠᠷᠢᠭᠠᠳ ᠥᠭᠭᠦᠨ᠎ᠡ ᠦᠦ︖ | ᠵᠠᠩ ᠭᠠᠩ᠄ | ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ | ᠣᠷᠳᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠳᠤᠮᠳᠠᠬᠢ ᠵᠢᠱᠢᠶ᠎ᠡ ᠦᠵᠡᠭᠦᠯᠬᠦ | ᠦᠢᠯᠡᠳᠦᠯ ᠢ ᠪᠠᠳᠠᠷᠠᠭᠤᠯᠤᠨ᠂ ᠵᠠᠰᠠᠭ ᠤᠨ ᠣᠷᠳᠣᠨ ᠤ ᠨᠡᠶᠢᠲᠡ ᠶᠢ ᠢᠲᠡᠭᠡᠭᠦᠯᠬᠦ ᠬᠦᠴᠦᠨ ᠢ ᠤᠯᠠᠮ ᠴᠢᠨᠠᠭᠰᠢᠳᠠ | ᠳᠡᠭᠡᠭᠰᠢᠯᠡᠭᠦᠯᠬᠦ ᠶᠢᠨ ᠲᠥᠯᠥᠭᠡ᠂ ᠪᠢᠳᠡ ᠳᠥᠷᠪᠡᠨ ᠲᠠᠯ᠎ᠠ ᠪᠠᠷ ᠪᠣᠳᠠᠲᠠᠢ ᠠᠵᠢᠯ ᠤᠨ ᠡᠭᠦᠷᠭᠡ ᠶᠢ ᠪᠠᠶᠢᠷᠢᠯᠠᠭᠤᠯᠪᠠ᠃ | ᠨᠢᠭᠡ ᠳᠤ᠂ ᠵᠠᠰᠠᠭ ᠤᠨ ᠶᠠᠪᠤᠳᠠᠯ ᠤᠨ ᠭᠤᠣᠯ ᠴᠣᠭᠴᠠ ᠶᠢᠨ ᠦᠨᠡᠨᠴᠢ ᠢᠲᠡᠭᠡᠮᠵᠢ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠬᠡᠷᠡᠭᠲᠡᠢ᠃ ᠡᠭᠦᠨ ᠳᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠵᠠᠰᠠᠭ | ᠵᠠᠬᠢᠷᠭᠠᠨ ᠤ ᠡᠷᠬᠡ ᠶᠢ ᠬᠡᠷᠡᠭᠵᠢᠭᠦᠯᠬᠦ ᠶᠠᠪᠤᠴᠠ ᠶᠢ ᠢᠯᠡ ᠪᠣᠯᠭᠠᠬᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ | ᠪᠡᠯᠡ ᠣᠷᠤᠯᠠᠭᠤᠯᠤᠯᠲᠠ ᠶᠢ ᠬᠢᠨᠠᠨ ᠵᠥᠪᠰᠢᠶᠡᠷᠡᠬᠦ ᠳᠦᠷᠢᠮ ᠢ ᠥᠭᠡᠷᠡᠴᠢᠯᠡᠬᠦ᠂ ᠣᠯᠠᠨ ᠨᠡᠶᠢᠲᠡ ᠶᠢᠨ ᠡᠬᠢ | ᠪᠠᠶᠠᠯᠢᠭ ᠤᠨ ᠰᠣᠯᠢᠯᠴᠠᠭᠠᠨ ᠤ ᠠᠵᠢᠯᠯᠠᠭ᠎ᠠ ᠶᠢ ᠵᠢᠷᠤᠮᠵᠢᠭᠤᠯᠬᠤ᠂ ᠡᠯ᠎ᠡ ᠬᠦᠷᠢᠶ᠎ᠡ ᠴᠠᠷᠠᠭᠠᠨ ᠳᠤ ᠦᠨᠡᠨ ᠨᠡᠷ᠎ᠡ ᠪᠠᠷ | ᠳᠠᠩᠰᠠᠯᠠᠭᠤᠯᠬᠤ ᠳᠦᠷᠢᠮ ᠢ ᠪᠠᠶᠢᠭᠤᠯᠤᠨ ᠪᠦᠷᠢᠨᠰᠢᠭᠦᠯᠬᠦ ᠵᠡᠷᠭᠡ ᠪᠠᠭᠲᠠᠵᠤ ᠪᠠᠶᠢᠨ᠎ᠠ᠃ ᠬᠤᠶᠠᠷ ᠲᠤ᠂ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ | ᠭᠤᠣᠯ ᠪᠣᠯᠬᠤ ᠠᠷᠭ᠎ᠠ ᠬᠡᠮᠵᠢᠶ᠎ᠡ ᠭᠡᠪᠡᠯ ︽ᠨᠢᠭᠡ ᠶᠢ ᠴᠢᠩᠭᠠᠳᠬᠠᠬᠤ︾ ᠪᠠ ︽ᠵᠢᠷᠭᠤᠭ᠎ᠠ ᠶᠢ ᠪᠠᠶᠢᠭᠤᠯᠬᠤ︾᠂ | ᠲᠤᠬᠠᠶᠢᠯᠠᠪᠠᠯ ᠠᠯᠪᠠᠲᠠᠨ ᠤ ᠦᠨᠡᠨᠴᠢ ᠢᠲᠡᠭᠡᠮᠵᠢ ᠶᠢᠨ ᠬᠥᠮᠥᠵᠢᠯ ᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ | ᠢᠲᠡᠭᠡᠮᠵᠢ ᠠᠯᠳᠠᠭᠰᠠᠨ ᠲᠡᠮᠳᠡᠭᠯᠡᠯ ᠢ ᠪᠠᠶᠢᠭᠤᠯᠬᠤ᠂ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠲᠡᠮᠳᠡᠭᠯᠡᠯ ᠢ | ᠴᠤᠭᠯᠠᠭᠤᠯᠤᠨ ᠨᠡᠶᠢᠯᠡᠭᠦᠯᠬᠦ ᠲᠣᠭᠲᠠᠴᠠ ᠶᠢ ᠪᠠᠶᠢᠭᠤᠯᠬᠤ᠂ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ | ᠲᠡᠮᠳᠡᠭᠯᠡᠯ ᠢ ᠮᠡᠳᠡᠭᠦᠯᠦᠨ ᠳᠡᠪᠰᠢᠭᠦᠯᠬᠦ ᠲᠣᠭᠲᠠᠴᠠ ᠶᠢ ᠪᠠᠶᠢᠭᠤᠯᠬᠤ᠂ ᠢᠲᠡᠭᠡᠮᠵᠢ ᠶᠢ ᠪᠠᠷᠢᠮᠲᠠᠯᠠᠭᠰᠠᠳ ᠢ | ᠵᠣᠷᠢᠭᠵᠢᠭᠤᠯᠬᠤ ᠠᠷᠭ᠎ᠠ ᠬᠡᠮᠵᠢᠶ᠎ᠡ ᠶᠢ ᠪᠠᠶᠢᠭᠤᠯᠬᠤ᠂ ᠢᠲᠡᠭᠡᠮᠵᠢ ᠠᠯᠳᠠᠭᠰᠠᠳ ᠢ ᠵᠠᠯᠬᠠᠭᠠᠨ ᠰᠢᠢᠳᠬᠡᠬᠦ | ᠲᠣᠭᠲᠠᠴᠠ ᠶᠢ ᠪᠠᠶᠢᠭᠤᠯᠬᠤ᠂ ᠢᠲᠡᠭᠡᠮᠵᠢ ᠶᠢᠨ ᠡᠷᠬᠡ ᠠᠰᠢᠭ ᠢ ᠬᠠᠮᠠᠭᠠᠯᠠᠬᠤ ᠪᠠ ᠢᠲᠡᠭᠡᠮᠵᠢ ᠶᠢ ᠵᠠᠰᠠᠨ ᠰᠡᠷᠭᠦᠭᠡᠬᠦ | ᠲᠣᠭᠲᠠᠴᠠ ᠶᠢ ᠪᠠᠶᠢᠭᠤᠯᠬᠤ ᠵᠡᠷᠭᠡ ᠪᠣᠯᠣᠨ᠎ᠠ᠃ ᠭᠤᠷᠪᠠ ᠳᠤ᠂ ᠭᠤᠣᠯ ᠪᠣᠯᠬᠤ ᠬᠦᠷᠢᠶ᠎ᠡ ᠴᠠᠷᠠᠭ᠎ᠠ ᠳᠠᠬᠢ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠪᠢᠳᠡ ᠨᠡᠶᠢᠭᠡᠮ ᠤᠨ ᠠᠩᠬᠠᠷᠤᠯ | ᠲᠠᠯᠪᠢᠵᠤ ᠪᠠᠶᠢᠭ᠎ᠠ ᠬᠡᠮᠵᠢᠶ᠎ᠡ ᠥᠨᠳᠥᠷ᠂ ᠠᠷᠠᠳ ᠣᠯᠠᠨ ᠤ ᠲᠤᠰᠬᠠᠯ ᠴᠢᠩᠭ᠎ᠠ ᠵᠠᠰᠠᠭ ᠤᠨ ᠶᠠᠪᠤᠳᠠᠯ ᠤᠨ ᠢᠲᠡᠭᠡᠮᠵᠢ | ᠠᠯᠳᠠᠭᠰᠠᠨ ᠬᠡᠷᠡᠭ ᠠᠮᠠᠷᠬᠠᠨ ᠡᠭᠦᠰᠴᠦ ᠣᠯᠠᠨ ᠡᠭᠦᠰᠳᠡᠭ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶ᠎ᠡ | ᠴᠠᠷᠠᠭ᠎ᠠ᠂ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠬᠦᠷᠢᠶ᠎ᠡ ᠴᠠᠷᠠᠭ᠎ᠠ᠂ | ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠬᠦᠷᠢᠶ᠎ᠡ ᠴᠠᠷᠠᠭ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠬᠦᠷᠢᠶ᠎ᠡ ᠴᠠᠷᠠᠭ᠎ᠠ᠂ ᠵᠠᠰᠠᠭ ᠤᠨ ᠣᠷᠳᠣᠨ ᠤ ᠥᠷᠢ ᠥᠭᠴᠡᠭᠡᠨ ᠤ ᠬᠦᠷᠢᠶ᠎ᠡ ᠴᠠᠷᠠᠭ᠎ᠠ ᠪᠠ ᠵᠡᠭᠡᠯᠢ ᠭᠤᠳᠤᠮᠵᠢ ᠰᠢᠶᠠᠩ | ᠪᠠᠯᠭᠠᠰᠤᠨ ᠤ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠵᠡᠷᠭᠡ ᠵᠢᠷᠭᠤᠭᠠᠨ ᠬᠦᠷᠢᠶ᠎ᠡ ᠴᠠᠷᠠᠭᠠᠨ ᠳᠤ | ᠭᠤᠣᠯᠳᠠᠯᠭ᠎ᠠ ᠲᠠᠢ ᠪᠠᠷ ᠠᠵᠢᠯ ᠤᠨ ᠲᠣᠬᠢᠷᠠᠭᠤᠯᠤᠯᠲᠠ ᠬᠢᠪᠡ᠃ ᠡᠭᠦᠨ ᠳᠤ ᠢᠲᠡᠭᠡᠮᠵᠢ ᠶᠢᠨ ᠬᠠᠮᠢᠶᠠᠷᠤᠯᠲᠠ ᠶᠢᠨ | ᠲᠣᠭᠲᠠᠴᠠ ᠶᠢ ᠪᠦᠷᠢᠨᠰᠢᠭᠦᠯᠬᠦ᠂ ᠵᠠᠰᠠᠭ ᠤᠨ ᠶᠠᠪᠤᠳᠠᠯ ᠤᠨ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠬᠦ᠂ | ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠠᠶᠤᠯ ᠲᠦᠭᠰᠢᠭᠦᠷᠢ ᠶᠢ ᠪᠠᠭᠤᠷᠠᠭᠤᠯᠬᠤ ᠵᠡᠷᠭᠡ ᠪᠠᠭᠲᠠᠵᠤ ᠪᠠᠶᠢᠨ᠎ᠠ | ᠃ ᠳᠥᠷᠪᠡ ᠳᠤ᠂ ᠰᠢᠯᠭᠠᠨ ᠦᠨᠡᠯᠡᠵᠦ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ᠎ᠠ᠃ ᠪᠢᠳᠡ ᠳᠡᠭᠡᠳᠦ | ᠱᠠᠲᠤᠨ ᠤ ᠲᠤᠰᠬᠠᠢ ᠵᠦᠢᠯ ᠤᠨ ᠬᠢᠨᠠᠨ ᠵᠢᠯᠣᠭᠤᠳᠬᠤ ᠲᠣᠭᠲᠠᠴᠠ᠂ ᠵᠠᠰᠠᠭ ᠤᠨ ᠶᠠᠪᠤᠳᠠᠯ ᠤᠨ ᠦᠨᠡᠨᠴᠢ | ᠢᠲᠡᠭᠡᠮᠵᠢ ᠳᠤ ᠬᠥᠨᠳᠡᠯᠡᠨ ᠴᠢᠭᠯᠡᠯ ᠢᠶᠠᠷ ᠬᠢᠨᠠᠯᠲᠠ ᠲᠠᠯᠪᠢᠬᠤ ᠲᠣᠭᠲᠠᠴᠠ ᠪᠠ ᠭᠤᠷᠪᠠᠳᠠᠭᠴᠢ ᠡᠲᠡᠭᠡᠳ ᠤᠨ | ᠨᠡᠶᠢᠭᠡᠮ ᠤᠨ ᠪᠠᠶᠢᠭᠤᠯᠤᠮᠵᠢ ᠶᠢᠨ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠬᠢᠨᠠᠯᠲᠠ ᠲᠠᠯᠪᠢᠬᠤ ᠡᠷᠴᠢᠮ ᠢ ᠪᠦᠬᠦ ᠲᠠᠯ᠎ᠠ ᠪᠠᠷ ᠴᠢᠩᠭᠠᠷᠠᠭᠤᠯᠤᠨ᠎ᠠ᠃ | ᠬᠠᠤᠯᠢ ᠴᠠᠭᠠᠵᠠ ᠲᠣᠭᠲᠠᠭᠠᠯ ᠢ ᠵᠢᠷᠤᠮᠯᠠᠭᠰᠠᠨ ᠤᠷᠢᠳᠠᠯ ᠳᠣᠣᠷ᠎ᠠ᠂ ᠵᠠᠰᠠᠭ ᠤᠨ ᠶᠠᠪᠤᠳᠠᠯ ᠤᠨ ᠢᠲᠡᠭᠡᠮᠵᠢ | ᠠᠯᠳᠠᠭᠰᠠᠨ ᠠᠵᠢᠯᠯᠠᠭ᠎ᠠ ᠶᠢ ᠪᠣᠢ ᠪᠣᠯᠭᠠᠭᠰᠠᠨ ᠭᠤᠣᠯ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠵᠦ᠂ | ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠲᠡᠮᠳᠡᠭᠯᠡᠯ ᠣᠷᠣᠰᠢᠵᠤ ᠪᠠᠶᠢᠭ᠎ᠠ ᠠᠯᠪᠠᠲᠠᠨ ᠳᠤ ᠰᠢᠯᠢᠳᠡᠭ ᠪᠠ | ᠲᠡᠷᠢᠭᠦᠨ ᠤ ᠬᠢ ᠪᠠᠷ ᠦᠨᠡᠯᠡᠭᠳᠡᠬᠦ ᠶᠢ ᠬᠢᠵᠠᠭᠠᠷᠯᠠᠬᠤ ᠵᠡᠷᠭᠡ ᠰᠢᠢᠳᠪᠦᠷᠢᠯᠡᠬᠦ ᠠᠷᠭ᠎ᠠ ᠬᠡᠮᠵᠢᠶ᠎ᠡ ᠠᠪᠤᠨ᠎ᠠ᠃ | ᠬᠥᠲᠥᠯᠥᠭᠴᠢ᠄ | ᠰᠠᠶ᠋ᠢᠬᠠᠨ ᠲᠠ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ ᠠᠯᠪᠠᠲᠠᠨ ᠳᠤ ᠵᠠᠰᠠᠭ ᠤᠨ ᠶᠠᠪᠤᠳᠠᠯ ᠤᠨ | ᠢᠲᠡᠭᠡᠯ ᠠᠯᠳᠠᠭᠰᠠᠨ ᠲᠡᠮᠳᠡᠭᠯᠡᠯ ᠢ ᠪᠠᠶᠢᠭᠤᠯᠬᠤ ᠬᠡᠷᠡᠭᠲᠡᠢ ᠭᠡᠵᠦ ᠳᠤᠷᠠᠳᠴᠠᠢ᠂ ᠲᠡᠭᠡᠪᠡᠯ ᠶᠠᠮᠠᠷ ᠶᠠᠮᠠᠷ ᠠᠵᠢᠯᠯᠠᠭ᠎ᠠ ᠨᠢ | ᠢᠲᠡᠭᠡᠮᠵᠢ ᠠᠯᠳᠠᠭᠰᠠᠨ ᠲᠡᠮᠳᠡᠭᠯᠡᠯ ᠳᠤ ᠣᠷᠣᠬᠤ ᠪᠣᠢ︖ ᠢᠲᠡᠭᠡᠮᠵᠢ ᠠᠯᠳᠠᠭᠰᠠᠨ ᠲᠡᠮᠳᠡᠭᠯᠡᠯ ᠳᠤ ᠣᠷᠣᠭᠰᠠᠨ ᠤ | ᠳᠠᠷᠠᠭ᠎ᠠ ᠵᠠᠰᠠᠨ ᠰᠡᠷᠭᠦᠭᠡᠬᠦ ᠠᠷᠭ᠎ᠠ ᠵᠠᠮ ᠪᠠᠶᠢᠨ᠎ᠠ ᠦᠦ︖ | ᠵᠠᠩ ᠭᠠᠩ᠄ | ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠳᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ | ᠠᠯᠪᠠᠲᠠᠨ ᠳᠤ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠲᠡᠮᠳᠡᠭᠯᠡᠯ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ | ᠭᠡᠵᠦ ᠳᠤᠷᠠᠳᠤᠨ᠂ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠲᠡᠮᠳᠡᠭᠯᠡᠯ ᠪᠣᠯ ᠵᠠᠰᠠᠭ ᠤᠨ ᠣᠷᠳᠣᠨ ᠤ | ᠰᠠᠯᠠᠭ᠎ᠠ ᠮᠥᠴᠢᠷ ᠪᠠ ᠠᠯᠪᠠᠲᠠᠨ ᠤ ᠡᠭᠦᠷᠭᠡ ᠭᠦᠢᠴᠡᠳᠬᠡᠬᠦ ᠶᠠᠪᠤᠴᠠ ᠳᠤ᠂ ᠬᠠᠤᠯᠢ ᠴᠠᠭᠠᠵᠠ ᠲᠣᠭᠲᠠᠭᠠᠯ ᠢ | ᠵᠥᠷᠢᠴᠡᠵᠦ᠂ ᠢᠲᠡᠭᠡᠮᠵᠢ ᠠᠯᠳᠠᠵᠤ ᠭᠡᠷ᠎ᠡ ᠶᠢ ᠵᠥᠷᠢᠴᠡᠭᠰᠡᠨ ᠠᠴᠠ ᠪᠣᠯᠵᠤ ᠣᠯᠣᠭᠰᠠᠨ ᠰᠢᠭᠦᠬᠦ ᠲᠢᠩᠬᠢᠮ ᠤᠨ | ᠰᠢᠭᠦᠨ ᠲᠠᠰᠤᠯᠤᠯᠲᠠ᠂ ᠵᠠᠰᠠᠭ ᠵᠠᠬᠢᠷᠭᠠᠨ ᠤ ᠰᠢᠢᠳᠬᠡᠯ ᠲᠣᠷᠭᠤᠭᠤᠯᠢ᠂ ᠰᠠᠬᠢᠯᠭ᠎ᠠ ᠪᠠᠲᠤ ᠶᠢᠨ ᠰᠢᠢᠳᠬᠡᠯ᠂ | ᠬᠠᠷᠢᠭᠤᠴᠠᠯᠭ᠎ᠠ ᠬᠡᠯᠡᠯᠴᠡᠬᠦ ᠰᠢᠢᠳᠬᠡᠯ ᠵᠡᠷᠭᠡ ᠳᠥᠷᠪᠡᠨ ᠶᠡᠭᠡ ᠲᠥᠷᠥᠯ ᠤᠨ ᠢᠲᠡᠭᠡᠮᠵᠢ ᠠᠯᠳᠠᠭᠰᠠᠨ ᠮᠡᠳᠡᠭᠡ ᠵᠠᠩᠭᠢ | ᠪᠣᠯᠣᠨ᠎ᠠ ᠭᠡᠵᠦ ᠲᠣᠳᠣᠷᠬᠠᠢ ᠵᠠᠭᠠᠭ ᠬᠢᠵᠠᠭᠠᠷ ᠢ ᠲᠣᠭᠲᠠᠭᠠᠵᠠᠢ᠃ ᠪᠢᠳᠡ ᠡᠯ᠎ᠡ ᠲᠥᠷᠥᠯ ᠤᠨ ᠢᠲᠡᠭᠡᠮᠵᠢ ᠠᠯᠳᠠᠭᠰᠠᠨ | ᠲᠡᠮᠳᠡᠭᠯᠡᠯ ᠢ ᠡᠮᠬᠢᠯᠡᠨ ᠨᠡᠶᠢᠯᠡᠭᠦᠯᠬᠦ ᠶᠢᠨ ᠬᠠᠮᠲᠤ᠂ ᠬᠤᠯᠪᠣᠭᠳᠠᠯ ᠪᠦᠬᠦᠢ ᠲᠡᠮᠳᠡᠭᠯᠡᠯ ᠢ ᠥᠪᠡᠷᠲᠡᠭᠡᠨ ᠵᠠᠰᠠᠬᠤ | ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠴᠤᠭᠯᠠᠭᠤᠯᠤᠨ ᠨᠡᠶᠢᠯᠡᠭᠦᠯᠵᠦ᠂ ︽ | ᠢᠲᠡᠭᠡᠮᠵᠢᠲᠦ ᠥᠪᠥᠷ ᠮᠣᠩᠭᠤᠯ︾ ᠰᠦᠯᠵᠢᠶ᠎ᠡ ᠵᠡᠷᠭᠡ ᠵᠠᠭᠤᠴᠢᠯᠠᠭᠤᠷ ᠲᠤ ᠲᠦᠰᠢᠭᠯᠡᠨ ᠬᠠᠤᠯᠢ ᠴᠠᠭᠠᠵᠠ ᠲᠣᠭᠲᠠᠭᠠᠯ | ᠶᠣᠰᠣᠭᠠᠷ ᠡᠯ᠎ᠡ ᠱᠠᠲᠤᠨ ᠤ ᠵᠠᠰᠠᠭ ᠤᠨ ᠣᠷᠳᠣᠨ ᠪᠠ ᠠᠯᠪᠠᠲᠠᠨ ᠤ ᠵᠠᠰᠠᠭ ᠤᠨ ᠶᠠᠪᠤᠳᠠᠯ ᠤᠨ ᠢᠲᠡᠭᠡᠮᠵᠢ | ᠠᠯᠳᠠᠭᠰᠠᠨ ᠲᠡᠮᠳᠡᠭᠯᠡᠯ ᠢ ᠠᠯᠬᠤᠮ ᠠᠯᠬᠤᠮ ᠢᠶᠠᠷ ᠢᠯᠡ ᠪᠣᠯᠭᠠᠨ᠎ᠠ᠃ ᠡᠭᠦᠨ ᠤ ᠬᠠᠮᠲᠤ᠂ ᠵᠠᠰᠠᠭ ᠤᠨ ᠣᠷᠳᠣᠨ ᠤ | ᠰᠠᠯᠠᠭ᠎ᠠ ᠮᠥᠴᠢᠷ ᠪᠠ ᠠᠯᠪᠠᠲᠠᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠪᠢᠳᠡ | ᠠᠯᠳᠠᠭ᠎ᠠ ᠪᠠᠨ ᠥᠪᠡᠷ ᠢᠶᠠᠨ ᠵᠠᠯᠠᠷᠠᠭᠤᠯᠬᠤ᠂ ᠰᠠᠨᠠᠭᠠᠴᠢᠯᠠᠭ᠎ᠠ ᠠᠴᠠ ᠪᠠᠨ ᠥᠪᠡᠷ ᠢ ᠪᠠᠨ ᠰᠢᠨᠡᠳᠬᠡᠬᠦ ᠬᠠᠯᠠᠮᠵᠢᠯᠠᠨ | ᠬᠠᠶᠢᠷᠠᠯᠠᠬᠤ ᠲᠣᠭᠲᠠᠴᠠ ᠪᠠ ᠠᠯᠪᠠᠲᠠᠨ ᠤ ᠢᠲᠡᠭᠡᠮᠵᠢ ᠶᠢᠨ ᠮᠡᠳᠡᠭᠡ ᠵᠠᠩᠭᠢ ᠳᠤ ᠣᠨᠳᠣᠣ ᠰᠠᠨᠠᠯ ᠳᠡᠪᠰᠢᠭᠦᠯᠬᠦ᠂ | ᠵᠠᠭᠠᠯᠳᠤᠬᠤ ᠵᠡᠷᠭᠡ ᠳᠦᠷᠢᠮ ᠪᠠ ᠠᠯᠳᠠᠭ᠎ᠠ ᠪᠠᠨ ᠵᠠᠯᠠᠷᠠᠭᠤᠯᠬᠤ᠂ ᠵᠠᠰᠠᠨ ᠰᠡᠷᠭᠦᠭᠡᠬᠦ ᠵᠡᠷᠭᠡ ᠳᠦᠷᠢᠮ ᠢ ᠪᠠᠶᠢᠭᠤᠯᠵᠤ᠂ | ᠠᠯᠪᠠᠲᠠᠨ ᠤ ᠢᠲᠡᠭᠡᠮᠵᠢ ᠠᠯᠳᠠᠭᠰᠠᠨ ᠲᠡᠮᠳᠡᠭᠯᠡᠯ ᠢ ᠵᠠᠰᠠᠨ ᠰᠡᠷᠭᠦᠭᠡᠬᠦ ᠠᠷᠭ᠎ᠠ ᠬᠡᠯᠪᠡᠷᠢ ᠪᠠ ᠠᠷᠭ᠎ᠠ ᠵᠠᠮ ᠢ | ᠲᠣᠭᠲᠠᠭᠠᠨ᠎ᠠ᠃ ᠡᠭᠦᠨ ᠠᠴᠠ ᠭᠠᠳᠠᠨ᠎ᠠ᠂ ᠠᠯᠪᠠᠲᠠᠨ ᠤ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ | ᠠᠵᠢᠯᠯᠠᠭ᠎ᠠ ᠡᠭᠦᠰᠦᠭᠰᠡᠨ ᠤ ᠳᠠᠷᠠᠭ᠎ᠠ᠂ ᠰᠠᠨᠠᠭᠠᠴᠢᠯᠠᠭ᠎ᠠ ᠠᠴᠠ ᠪᠠᠨ ᠬᠤᠬᠢᠷᠠᠯ ᠢ ᠡᠷᠭᠢᠭᠦᠯᠦᠨ ᠪᠤᠴᠠᠭᠠᠬᠤ᠂ ᠡᠷᠡᠭᠦᠯ | ᠪᠤᠰᠤ ᠨᠥᠯᠥᠭᠡ ᠶᠢ ᠠᠷᠢᠯᠭᠠᠬᠤ ᠪᠤᠶᠤ ᠠᠶᠤᠯ ᠬᠥᠨᠥᠭᠡᠯᠲᠦ ᠦᠷ᠎ᠡ ᠳ᠋ᠦᠩ ᠡᠭᠦᠰᠬᠦ ᠶᠢ ᠪᠦᠲᠦᠮᠵᠢᠲᠡᠢ | ᠬᠤᠷᠢᠭᠯᠠᠭᠰᠠᠳ ᠲᠤ᠂ ᠢᠲᠡᠭᠡᠮᠵᠢ ᠠᠯᠳᠠᠭᠰᠠᠨ ᠵᠠᠯᠬᠠᠭᠠᠯ ᠰᠢᠢᠳᠬᠡᠯ ᠠᠴᠠ ᠬᠡᠯᠲᠦᠷᠢᠭᠦᠯᠬᠦ ᠪᠤᠶᠤ ᠬᠥᠩᠭᠡᠨ ᠢᠶᠠᠷ | ᠬᠡᠷᠡᠭᠵᠢᠭᠦᠯᠦᠨ᠎ᠡ᠃ | ᠬᠥᠲᠥᠯᠥᠭᠴᠢ᠄ | ᠲᠠᠨ ᠤ ᠬᠡᠯᠡᠭᠰᠡᠨ ᠮᠡᠲᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠣᠯ ᠵᠠᠰᠠᠭ ᠤᠨ ᠣᠷᠳᠣᠨ ᠤ | ᠪᠣᠳᠠᠰᠯᠢᠭ ᠪᠤᠰᠤ ᠬᠥᠷᠥᠩᠭᠡ ᠪᠠᠶᠢᠵᠤ᠂ ᠨᠡᠶᠢᠭᠡᠮ ᠤᠨ ᠢᠲᠡᠭᠡᠮᠵᠢ ᠶᠢᠨ ᠴᠢᠬᠤᠯᠠ ᠡᠬᠢ ᠪᠠᠶᠠᠯᠢᠭ ᠪᠣᠯᠣᠨ᠎ᠠ᠃ | ᠭᠡᠲᠡᠯ᠎ᠡ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠨᠢ ᠵᠠᠰᠠᠭ ᠤᠨ ᠣᠷᠳᠣᠨ ᠤ ᠪᠣᠢ | ᠪᠦᠬᠦᠢ ᠰᠠᠯᠠᠭ᠎ᠠ ᠮᠥᠴᠢᠷ ᠲᠤ ᠬᠤᠯᠪᠣᠭᠳᠠᠵᠤ ᠪᠠᠶᠢᠳᠠᠭ ᠪᠣᠯᠬᠤᠷ᠂ ᠬᠡᠷᠬᠢᠨ ᠡᠯ᠎ᠡ ᠰᠠᠯᠠᠭ᠎ᠠ ᠮᠥᠴᠢᠷ ᠤᠨ | ᠬᠤᠭᠤᠷᠣᠨᠳᠤᠬᠢ ᠠᠵᠢᠯ ᠤᠨ ᠬᠤᠪᠢᠶᠠᠷᠢᠯᠠᠯ ᠬᠠᠮᠲᠤᠷᠠᠯᠴᠠᠭ᠎ᠠ ᠶᠢ ᠵᠣᠬᠢᠴᠠᠭᠤᠯᠵᠤ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠥᠨᠳᠥᠷ ᠦᠷ᠎ᠡ ᠪᠦᠲᠦᠮᠵᠢᠲᠡᠢ ᠠᠵᠢᠯᠯᠠᠭᠠᠨ ᠢ ᠪᠠᠲᠤᠯᠠᠬᠤ ᠶᠢᠨ ᠬᠠᠮᠲᠤ᠂ ᠡᠯ᠎ᠡ ᠭᠠᠵᠠᠷ | ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠥᠷᠨᠢᠯᠲᠡ ᠶᠢ | ᠵᠢᠷᠤᠮᠵᠢᠭᠤᠯᠤᠨ᠂ ᠳᠦᠷᠢᠮ ᠤᠨ ᠬᠢᠨᠠᠯᠲᠠ ᠲᠠᠯᠪᠢᠨ ᠬᠢᠵᠠᠭᠠᠷᠯᠠᠬᠤ ᠦᠢᠯᠡᠳᠦᠯ ᠢ ᠪᠠᠳᠠᠷᠠᠭᠤᠯᠬᠤ ᠪᠣᠢ︖ | ᠵᠠᠩ ᠭᠠᠩ᠄ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠠᠵᠢᠯ ᠤᠨ ᠵᠣᠬᠢᠴᠠᠭᠤᠯᠭ᠎ᠠ ᠶᠢᠨ ᠲᠠᠯ᠎ᠠ ᠪᠠᠷ᠂ | ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠨᠢ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ | ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠳᠤ ᠭᠤᠣᠯᠳᠠᠯᠭᠠᠲᠤ | ᠡᠭᠦᠷᠭᠡ ᠶᠢᠨ ᠠᠵᠢᠯ ᠤᠨ ᠬᠤᠪᠢᠶᠠᠷᠢᠯᠠᠯ ᠬᠢᠭᠡᠳ ᠠᠬᠢᠴᠠ ᠶᠢᠨ ᠲᠣᠬᠢᠷᠠᠭᠤᠯᠤᠯᠲᠠ ᠬᠢᠪᠡ᠃ ᠡᠭᠦᠨ ᠤ ᠬᠠᠮᠲᠤ᠂ | ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠶᠡᠷᠦᠩᠬᠡᠶᠢᠯᠡᠨ | ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ | ᠬᠤᠭᠤᠷᠣᠨᠳᠤᠬᠢ ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ᠂ ᠡᠮᠬᠢ ᠵᠢᠷᠤᠮ ᠲᠠᠢ᠂ ᠥᠨᠳᠥᠷ ᠪᠦᠲᠦᠮᠵᠢᠲᠡᠢ | ᠥᠷᠨᠢᠭᠦᠯᠬᠦ ᠶᠢ ᠠᠬᠢᠭᠤᠯᠤᠨ᠎ᠠ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠳᠤ | ᠳᠡᠭᠡᠳᠦ ᠱᠠᠲᠤᠨ ᠤ ᠲᠤᠰᠬᠠᠢ ᠵᠦᠢᠯ ᠤᠨ ᠬᠢᠨᠠᠨ ᠵᠢᠯᠣᠭᠤᠳᠬᠤ ᠲᠣᠭᠲᠠᠴᠠ᠂ ᠵᠠᠰᠠᠭ ᠤᠨ ᠶᠠᠪᠤᠳᠠᠯ ᠤᠨ ᠦᠨᠡᠨᠴᠢ | ᠢᠲᠡᠭᠡᠮᠵᠢ ᠳᠤ ᠬᠥᠨᠳᠡᠯᠡᠨ ᠴᠢᠭᠯᠡᠯ ᠢᠶᠠᠷ ᠬᠢᠨᠠᠯᠲᠠ ᠲᠠᠯᠪᠢᠬᠤ ᠲᠣᠭᠲᠠᠴᠠ ᠪᠠ ᠭᠤᠷᠪᠠᠳᠠᠭᠴᠢ ᠲᠠᠯ᠎ᠠ ᠶᠢᠨ | ᠨᠡᠶᠢᠭᠡᠮ ᠤᠨ ᠪᠠᠶᠢᠭᠤᠯᠤᠮᠵᠢ ᠶᠢᠨ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠬᠢᠨᠠᠯᠲᠠ ᠲᠠᠯᠪᠢᠬᠤ ᠡᠷᠴᠢᠮ ᠢ ᠪᠦᠬᠦ ᠲᠠᠯ᠎ᠠ ᠪᠠᠷ ᠴᠢᠩᠭᠠᠳᠬᠠᠬᠤ | ᠬᠡᠷᠡᠭᠲᠡᠢ ᠭᠡᠵᠦ ᠲᠣᠳᠣᠷᠬᠠᠶᠢᠯᠠᠪᠠ᠃ ᠬᠠᠤᠯᠢ ᠴᠠᠭᠠᠵᠠ ᠲᠣᠭᠲᠠᠭᠠᠯ ᠢ ᠵᠢᠷᠤᠮᠯᠠᠭᠰᠠᠨ ᠤᠷᠢᠳᠠᠯ ᠳᠣᠣᠷ᠎ᠠ᠂ ᠵᠠᠰᠠᠭ ᠤᠨ | ᠶᠠᠪᠤᠳᠠᠯ ᠤᠨ ᠢᠲᠡᠭᠡᠮᠵᠢ ᠠᠯᠳᠠᠭᠰᠠᠨ ᠠᠵᠢᠯᠯᠠᠭ᠎ᠠ ᠶᠢ ᠪᠣᠢ ᠪᠣᠯᠭᠠᠭᠰᠠᠨ ᠭᠤᠣᠯ ᠬᠠᠷᠢᠭᠤᠴᠠᠯᠭᠠᠲᠠᠨ ᠠᠴᠠ | ᠬᠠᠷᠢᠭᠤᠴᠠᠯᠭ᠎ᠠ ᠨᠡᠬᠡᠮᠵᠢᠯᠡᠵᠦ᠂ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠲᠡᠮᠳᠡᠭᠯᠡᠯ ᠣᠷᠣᠰᠢᠵᠤ ᠪᠠᠶᠢᠭ᠎ᠠ | ᠠᠯᠪᠠᠲᠠᠨ ᠳᠤ ᠰᠢᠯᠢᠳᠡᠭ ᠪᠠ ᠲᠡᠷᠢᠭᠦᠨ ᠤ ᠬᠢ ᠪᠠᠷ ᠦᠨᠡᠯᠡᠭᠳᠡᠬᠦ ᠶᠢ ᠬᠢᠵᠠᠭᠠᠷᠯᠠᠬᠤ ᠵᠡᠷᠭᠡ ᠰᠢᠢᠳᠪᠦᠷᠢᠯᠡᠬᠦ ᠠᠷᠭ᠎ᠠ | ᠬᠡᠮᠵᠢᠶ᠎ᠡ ᠠᠪᠴᠤ᠂ ︽ᠬᠥᠮᠥᠨ ᠪᠦᠬᠦᠨ ᠲᠡᠮᠳᠡᠭᠯᠡᠯ ᠲᠠᠢ᠂ ᠬᠥᠮᠥᠨ ᠪᠦᠬᠦᠨ ᠬᠠᠷᠢᠭᠤᠴᠠᠯᠭ᠎ᠠ ᠲᠠᠢ︾ ᠪᠠᠶᠢᠬᠤ ᠶᠢ | ᠦᠨᠡᠨ ᠬᠦ ᠭᠦᠢᠴᠡᠳᠬᠡᠨ᠎ᠡ᠃ ᠪᠢᠳᠡ ᠪᠠᠰᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ | ᠢᠲᠡᠭᠡᠮᠵᠢ ᠶᠢ ᠦᠨᠡᠯᠡᠬᠦ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠢᠩᠬᠢᠮ᠂ ᠵᠠᠰᠠᠭ ᠤᠨ ᠣᠷᠳᠣᠨ ᠤ ᠬᠢᠨᠠᠨ ᠪᠠᠶᠢᠴᠠᠭᠠᠬᠤ ᠲᠠᠰᠤᠭ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠳᠤ ᠰᠢᠯᠭᠠᠨ ᠬᠢᠨᠠᠯᠲᠠ ᠪᠠ ᠬᠢᠨᠠᠨ | ᠪᠠᠶᠢᠴᠠᠭᠠᠯᠲᠠ ᠬᠢᠬᠦ ᠶᠢᠨ ᠬᠠᠮᠲᠤ᠂ ᠰᠢᠯᠭᠠᠨ ᠬᠢᠨᠠᠭᠰᠠᠨ ᠦᠷ᠎ᠡ ᠳ᠋ᠦᠩ ᠢ ᠠᠶᠢᠮᠠᠭ ᠬᠤᠲᠠ ᠲᠢᠩᠬᠢᠮ ᠲᠣᠪᠴᠢᠶ᠎ᠠ ᠶᠢᠨ | ᠤᠳᠤᠷᠢᠳᠬᠤ ᠪᠠᠭ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠦᠷᠢᠶ᠎ᠡ ᠬᠡᠪᠴᠢᠶᠡᠨ ᠳᠤ | ᠣᠷᠣᠭᠤᠯᠵᠤ᠂ ᠠᠵᠢᠯ ᠤᠨ ᠥᠷᠨᠢᠯᠲᠡ ᠶᠢ ᠤᠯᠠᠮ ᠴᠢᠨᠠᠭᠰᠢᠳᠠ ᠠᠬᠢᠭᠤᠯᠤᠨ᠎ᠠ᠃ | ᠬᠥᠲᠥᠯᠥᠭᠴᠢ᠄ | ᠰᠠᠶ᠋ᠢᠬᠠᠨ ᠲᠠᠨ ᠤ ᠲᠠᠨᠢᠯᠴᠠᠭᠤᠯᠭ᠎ᠠ ᠪᠠᠷ ᠳᠠᠮᠵᠢᠭᠤᠯᠵᠤ᠂ ᠮᠠᠨ ᠤ ᠣᠷᠣᠨ ᠤ ᠦᠷ᠎ᠡ ᠪᠦᠲᠦᠮᠵᠢ ᠲᠠᠢ᠂ ᠢᠯᠡ | ᠲᠣᠳᠣ᠂ ᠦᠨᠡᠨᠴᠢ ᠢᠲᠡᠭᠡᠮᠵᠢᠲᠡᠢ ᠵᠠᠰᠠᠭ ᠵᠠᠬᠢᠷᠭᠠᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠰᠢᠰᠲ᠋ᠧᠮᠵᠢ ᠶᠢ | ᠪᠠᠶᠢᠭᠤᠯᠬᠤ ᠳᠤ ᠪᠢᠳᠡ ᠢᠲᠡᠭᠡᠯ ᠳᠦᠭᠦᠷᠡᠩ ᠪᠣᠯᠵᠠᠢ᠃ ᠲᠡᠭᠡᠪᠡᠯ ᠮᠠᠨ ᠤ ᠣᠷᠣᠨ ᠣᠳᠣᠬᠠᠨ ᠳᠤ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ ᠨᠢᠭᠡᠨᠲᠡ ᠶᠠᠮᠠᠷ ᠶᠠᠮᠠᠷ ᠠᠵᠢᠯ | ᠥᠷᠨᠢᠭᠦᠯᠦᠭᠰᠡᠨ ᠪᠣᠢ︖ ᠡᠭᠦᠨ ᠠᠴᠠ ᠬᠤᠶᠢᠰᠢᠳᠠ ᠶᠢᠨ ᠠᠵᠢᠯ ᠳᠤ ᠲᠠ ᠶᠠᠮᠠᠷ ᠶᠠᠮᠠᠷ ᠪᠣᠳᠣᠯᠬᠢᠯᠠᠯ ᠪᠠᠶᠢᠬᠤ ᠪᠣᠢ︖ | | ᠵᠠᠩ ᠭᠠᠩ᠄ | 2016 ᠣᠨ ᠠᠴᠠ ᠡᠬᠢᠯᠡᠨ᠂ ᠮᠠᠨ ᠤ ᠣᠷᠣᠨ ᠳᠠᠷᠤᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠵᠦᠢᠯᠡᠰ ᠢ | ᠬᠦᠴᠦᠯᠡᠨ ᠠᠬᠢᠭᠤᠯᠬᠤ ᠶᠠᠪᠤᠴᠠ ᠳᠤ ᠢᠲᠡᠭᠡᠮᠵᠢ ᠶᠢᠨ ᠲᠡᠮᠳᠡᠭᠯᠡᠯ ᠪᠠ ᠢᠲᠡᠭᠡᠮᠵᠢ ᠶᠢᠨ ᠮᠡᠳᠡᠭᠦᠯᠦᠯᠲᠡ ᠵᠡᠷᠭᠡ | ᠢᠲᠡᠭᠡᠮᠵᠢ ᠶᠢᠨ ᠨᠡᠷᠡᠳᠬᠦᠨ ᠢ ᠬᠡᠷᠡᠭᠯᠡᠭᠰᠡᠨ ᠤ ᠬᠠᠮᠲᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠤᠨ ᠣᠷᠳᠣᠨ ᠤ ᠬᠤᠳᠠᠯᠳᠤᠨ | ᠠᠪᠬᠤ᠂ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠢᠶᠠᠷᠤᠯᠲᠠ᠂ ᠺᠠᠳ᠋ᠷ ᠢ ᠰᠢᠯᠢᠵᠦ ᠬᠡᠷᠡᠭᠯᠡᠬᠦ ᠪᠠ ᠬᠢᠨᠠᠨ ᠬᠠᠮᠢᠶᠠᠷᠬᠤ᠂ | ᠵᠠᠰᠠᠭ ᠤᠨ ᠣᠷᠳᠣᠨ ᠤ ᠪᠡᠯᠡ ᠮᠥᠩᠭᠦ ᠶᠢᠨ ᠳᠡᠮᠵᠢᠯᠭᠡ ᠶᠢ ᠭᠤᠶᠤᠴᠢᠯᠠᠬᠤ᠂ ᠮᠥᠩᠭᠦᠨ ᠭᠦᠢᠯᠭᠡᠭᠡ ᠵᠡᠷᠭᠡ ᠬᠦᠷᠢᠶ᠎ᠡ | ᠴᠠᠷᠠᠭ᠎ᠠ ᠳᠤ᠂ ᠢᠲᠡᠭᠡᠮᠵᠢ ᠶᠢᠨ ᠮᠡᠳᠡᠭᠡ ᠵᠠᠩᠭᠢ ᠪᠠ ᠢᠲᠡᠭᠡᠮᠵᠢ ᠶᠢᠨ ᠨᠡᠷᠡᠳᠬᠦᠨ ᠢ ᠤᠷᠢᠳ ᠢᠶᠠᠷ ᠬᠡᠷᠡᠭᠯᠡᠵᠦ᠂ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ ᠬᠢᠷᠢ ᠲᠦᠪᠰᠢᠨ ᠢ ᠳᠡᠭᠡᠭᠰᠢᠯᠡᠭᠦᠯᠦᠨ᠂ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ | ᠢᠲᠡᠭᠡᠮᠵᠢ ᠶᠢᠨ ᠮᠡᠳᠡᠭᠡ ᠵᠠᠩᠭᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠵᠦᠢᠯᠡᠰ ᠳᠤᠮᠳᠠᠬᠢ ᠥᠷᠭᠡᠨ ᠳᠡᠯᠭᠡᠷ | ᠬᠡᠷᠡᠭᠯᠡᠭᠡ ᠶᠢ ᠤᠯᠠᠮ ᠴᠢᠨᠠᠭᠰᠢᠳᠠ ᠠᠬᠢᠭᠤᠯᠬᠤ ᠶᠢᠨ ᠲᠥᠯᠥᠭᠡ᠂ ᠪᠢᠳᠡ ᠥᠪᠡᠷᠲᠡᠭᠡᠨ ᠵᠠᠰᠠᠬᠤ ᠣᠷᠣᠨ ᠤ | ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠬᠤ ᠡᠷᠴᠢᠮ ᠢ ᠴᠢᠩᠭᠠᠷᠠᠭᠤᠯᠤᠭᠰᠠᠨ ᠤ | ᠬᠠᠮᠲᠤ᠂ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ︽ᠪᠡᠯᠡ ᠣᠷᠤᠯᠠᠭᠤᠯᠤᠯᠲᠠ ᠶᠢᠨ ᠲᠥᠷᠥᠯ ᠵᠦᠢᠯ ᠢ | ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠬᠢᠨᠠᠨ ᠬᠠᠮᠢᠶᠠᠷᠬᠤ ᠲᠠᠪᠴᠠᠩ︾᠂ ᠡᠳ᠋ ᠤᠨ ᠵᠠᠰᠠᠭ ᠤᠨ | ᠲᠢᠩᠬᠢᠮ ᠤᠨ ︽ᠵᠠᠰᠠᠭ ᠤᠨ ᠣᠷᠳᠣᠨ ᠤ ᠬᠤᠳᠠᠯᠳᠤᠨ ᠠᠪᠬᠤ ᠰᠢᠰᠲ᠋ᠧᠮ︾᠂ ᠠᠵᠤ ᠠᠬᠤᠢ ᠪᠠ ᠮᠡᠳᠡᠭᠡ | ᠵᠠᠩᠭᠢᠵᠢᠯᠲᠠ ᠶᠢᠨ ᠵᠥᠪᠯᠡᠯ ᠤᠨ ︽ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡ ᠶᠢᠨ | ᠲᠠᠪᠴᠠᠩ︾᠂ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ︽ᠪᠠᠩᠬᠢ ᠭᠠᠶᠢᠯᠢ ᠶᠢᠨ ᠦᠢᠯᠡᠳᠦᠯᠴᠡᠬᠦ | ᠲᠠᠪᠴᠠᠩ︾᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ︽ᠵᠠᠰᠠᠮᠠᠯ ᠵᠠᠮ ᠤᠰᠤᠨ ᠵᠠᠮ ᠤᠨ ᠪᠠᠶᠢᠭᠤᠯᠤᠯᠲᠠ | ᠬᠢᠭᠡᠳ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢᠨ ᠰᠢᠰᠲ᠋ᠧᠮ︾ | ᠂ ᠥᠪᠥᠷ ᠮᠣᠩᠭᠤᠯ ᠤᠨ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠨᠡᠶᠢᠭᠡᠮᠯᠢᠭ ᠤᠨ ︽ᠳᠠᠭᠠᠭᠠᠴᠢᠯᠠᠯᠲᠠ ᠵᠠᠷᠯᠠᠬᠤ | ᠪᠠ ᠬᠦᠯᠢᠶᠡᠬᠦ ᠡᠯᠧᠺᠲᠷᠣᠨ ᠰᠢᠰᠲ᠋ᠧᠮ︾ ᠵᠡᠷᠭᠡ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠲᠠᠢ | ᠵᠣᠯᠭᠠᠭᠤᠯᠬᠤ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠡᠯ᠎ᠡ ᠲᠥᠷᠥᠯ ᠤᠨ ᠵᠦᠢᠯᠡᠰ ᠢ ᠭᠤᠶᠤᠴᠢᠯᠠᠭᠴᠢ ᠶᠢᠨ | ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠬᠠᠷᠭᠤᠭᠤᠯᠤᠨ ᠪᠠᠶᠢᠴᠠᠭᠠᠵᠤ᠂ ᠵᠠᠰᠠᠭ ᠤᠨ ᠣᠷᠳᠣᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠠᠶᠤᠯ ᠲᠦᠭᠰᠢᠭᠦᠷᠢ ᠶᠢ ᠪᠠᠭᠤᠷᠠᠭᠤᠯᠤᠨ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠵᠠᠢ᠃ 2017 | ᠣᠨ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠵᠢᠯ ᠤᠨ ᠪᠠᠶᠢᠷᠢᠯᠠᠭᠤᠯᠤᠯᠲᠠ | ᠶᠣᠰᠣᠭᠠᠷ᠂ ᠮᠠᠨ ᠤ ᠣᠷᠣᠨ ᠪᠠᠰᠠ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠢᠲᠡᠭᠡᠮᠵᠢ ᠠᠯᠳᠠᠭᠰᠠᠨ | ᠠᠰᠠᠭᠤᠳᠠᠯ ᠳᠤ ᠵᠠᠰᠠᠯᠲᠠ ᠬᠢᠬᠦ ᠠᠵᠢᠯ ᠢ ᠢᠳᠡᠪᠬᠢᠲᠡᠢ ᠥᠷᠨᠢᠭᠦᠯᠵᠦ᠂ ᠮᠠᠨ ᠤ ᠣᠷᠣᠨ ᠳᠤ ᠬᠤᠯᠪᠣᠭᠳᠠᠭᠰᠠᠨ 71 | ᠢᠲᠡᠭᠡᠮᠵᠢ ᠠᠯᠳᠠᠭᠰᠠᠨ ᠵᠠᠰᠠᠭ ᠤᠨ ᠣᠷᠳᠣᠨ ᠤ ᠪᠠᠶᠢᠭᠤᠯᠤᠮᠵᠢ ᠳᠤ ᠲᠤᠰᠬᠠᠢ ᠵᠦᠢᠯ ᠤᠨ ᠵᠠᠰᠠᠯᠲᠠ ᠬᠢᠵᠦ᠂ | ᠦᠯᠡᠳᠡᠭᠡᠯ ᠢ ︽ᠪᠦᠬᠦᠨ ᠢ ᠦᠭᠡᠢ ᠪᠣᠯᠭᠠᠬᠤ︾ ᠶᠢ ᠪᠡᠶᠡᠯᠡᠭᠦᠯᠵᠦ᠂ ᠵᠠᠰᠠᠯᠲᠠ ᠬᠢᠬᠦ ᠡᠭᠦᠷᠭᠡ ᠶᠢ ᠬᠤᠭᠤᠴᠠᠭ᠎ᠠ | ᠶᠣᠰᠣᠭᠠᠷ ᠪᠡᠶᠡᠯᠡᠭᠦᠯᠦᠭᠰᠡᠨ ᠪᠠᠶᠢᠨ᠎ᠠ᠃ | ᠵᠠᠩ ᠭᠠᠩ᠄ | ᠡᠭᠦᠨ ᠤ ᠬᠠᠮᠲᠤ᠂ ᠪᠢᠳᠡ ᠪᠠᠰᠠ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠣᠯ | ᠨᠢᠭᠡᠨ ᠵᠦᠢᠯ ᠤᠨ ᠰᠢᠰᠲ᠋ᠧᠮᠲᠦ ᠢᠨᠵᠧᠨᠧᠷᠢᠩ ᠪᠠᠶᠢᠵᠤ᠂ ᠥᠩᠭᠡᠨ ᠲᠠᠯ᠎ᠠ ᠪᠠ ᠦᠨᠳᠦᠰᠦᠨ ᠠᠴᠠ ᠨᠢ ᠵᠡᠷᠭᠡ ᠪᠠᠷ | ᠵᠠᠰᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠤᠳᠠᠭᠠᠨ ᠳᠠᠭᠠᠭᠠᠮᠠᠭᠠᠢ ᠪᠠᠷ ᠪᠠᠷᠢᠮᠲᠠᠯᠠᠬᠤ ᠶᠢ ᠱᠠᠭᠠᠷᠳᠠᠵᠤ | ᠪᠠᠶᠢᠬᠤ ᠶᠢ ᠣᠯᠵᠤ ᠬᠠᠷᠠᠬᠤ ᠬᠡᠷᠡᠭᠲᠡᠢ᠃ ᠪᠢᠳᠡ ᠲᠤᠰ ᠤᠳᠠᠭᠠᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠨᠡᠶᠢᠲᠡᠯᠡᠭᠰᠡᠨ ︽ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠢᠶᠠᠷ ᠦᠨᠳᠦᠰᠦᠯᠡᠯ ᠪᠣᠯᠭᠠᠵᠤ᠂ ᠰᠠᠭᠤᠷᠢ ᠪᠠᠶᠢᠭᠤᠯᠤᠯᠲᠠ ᠶᠢ | ᠴᠢᠩᠭᠠᠳᠬᠠᠨ᠂ ᠠᠵᠢᠯ ᠤᠨ ᠪᠠᠲᠤᠯᠠᠭ᠎ᠠ ᠶᠢ ᠰᠠᠶᠢᠲᠤᠷ ᠬᠢᠵᠦ᠂ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ | ᠠᠵᠢᠯ ᠤᠨ ᠡᠭᠦᠷᠭᠡ ᠶᠢ ᠪᠣᠳᠠᠲᠠᠢ ᠲᠣᠬᠢᠷᠠᠭᠤᠯᠬᠤ ᠪᠠᠷ ᠳᠠᠮᠵᠢᠭᠤᠯᠤᠨ᠂ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ | ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠦᠨᠡᠨ ᠬᠦ | ᠠᠬᠢᠭᠤᠯᠤᠨ᠎ᠠ᠃ ᠡᠭᠦᠨ ᠤ ᠬᠠᠮᠲᠤ᠂ ᠪᠢᠳᠡ ᠤᠬᠠᠭᠤᠯᠵᠤ ᠬᠥᠲᠥᠯᠥᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ | ᠂ ᠷᠠᠳᠢᠣ᠋᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠵᠠᠭᠤᠴᠢᠯᠠᠭᠤᠷ ᠢ ᠢᠳᠡᠪᠬᠢᠲᠡᠢ ᠠᠰᠢᠭᠯᠠᠨ᠂ | ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠠᠬᠢᠴᠠ ᠪᠠ ᠦᠷ᠎ᠡ | ᠪᠦᠲᠦᠭᠡᠯ ᠢ ᠶᠡᠭᠡ ᠪᠠᠷ ᠤᠬᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠥᠷᠭᠡᠨ ᠳᠡᠯᠭᠡᠷ ᠬᠢᠨᠠᠯᠲᠠ ᠶᠢ | ᠬᠦᠯᠢᠶᠡᠨ᠎ᠡ᠃ ᠪᠢᠳᠡ ᠪᠦᠬᠦᠨ ᠤ ᠬᠠᠮᠲᠤ ᠶᠢᠨ ᠴᠢᠷᠮᠠᠶᠢᠯᠭ᠎ᠠ ᠪᠠᠷ ᠳᠠᠮᠵᠢᠭᠤᠯᠤᠨ᠂ ᠮᠠᠨ ᠤ ᠣᠷᠣᠨ ᠤ ᠦᠨᠡᠨᠴᠢ | ᠢᠲᠡᠭᠡᠮᠵᠢ ᠶᠢᠨ ᠨᠡᠷ᠎ᠡ ᠶᠢᠨ ᠬᠠᠭᠤᠳᠠᠰᠤ ᠶᠢ ᠴᠣᠭᠴᠠᠯᠠᠨ ᠪᠦᠲᠦᠭᠡᠵᠦ᠂ ᠮᠠᠨ ᠤ ᠣᠷᠣᠨ ᠤ ᠡᠷᠬᠡ ᠲᠡᠭᠰᠢ ᠥᠨᠳᠥᠷ | ᠪᠦᠲᠦᠮᠵᠢᠲᠡᠢ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠪᠠᠶᠢᠭᠤᠯᠬᠤ ᠳᠤ ᠬᠦᠴᠦᠨ ᠪᠦᠬᠦᠢ | ᠬᠥᠳᠡᠯᠭᠡᠭᠴᠢ ᠬᠦᠴᠦᠨ ᠨᠡᠮᠡᠷᠢᠯᠡᠵᠦ᠂ ᠡᠬᠡ ᠤᠯᠤᠰ ᠤᠨ ᠤᠮᠠᠷᠠᠲᠤ ᠬᠢᠵᠠᠭᠠᠷ ᠤᠨ ᠰᠣᠳᠣᠨ ᠦᠵᠡᠮᠵᠢ ᠶᠢ | ᠴᠣᠭᠴᠠᠯᠠᠨ ᠪᠠᠶᠢᠭᠤᠯᠬᠤ ᠳᠤ ᠪᠠᠶᠢᠪᠠᠰᠤ ᠵᠣᠬᠢᠬᠤ ᠬᠤᠪᠢ ᠨᠡᠮᠡᠷᠢ ᠪᠠᠨ ᠬᠠᠨᠳᠢᠪᠯᠠᠬᠤ ᠶᠢ ᠬᠦᠰᠡᠵᠦ ᠪᠠᠶᠢᠨ᠎ᠠ᠃ | ᠬᠥᠲᠥᠯᠥᠭᠴᠢ᠄ | ᠰᠠᠶᠢᠨ ᠪᠣᠯᠣᠯ᠎ᠠ᠂ ᠵᠠᠩ ᠡᠷᠬᠢᠯᠡᠭᠴᠢ ᠶᠢᠨ ᠭᠤᠶᠢᠳᠠ ᠰᠠᠶᠢᠬᠠᠨ ᠲᠠᠶᠢᠯᠤᠮᠵᠢ ᠳᠤ ᠪᠠᠶᠠᠷᠯᠠᠯ᠎ᠠ᠂ ᠲᠤᠰ | ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠲᠠᠷᠠᠭᠠᠴᠢ ᠶᠢᠨ ᠬᠤᠭᠤᠴᠠᠭᠠᠨ ᠳᠤ | ᠳᠠᠬᠢᠨ ᠵᠣᠯᠭᠠᠶ᠎ᠠ︕ | |