︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠡᠰ ᠳᠡᠪᠰᠢᠵᠦ ᠥᠷᠭᠡᠳᠬᠡᠯ ᠬᠢᠬᠦ ᠶᠢ ᠦᠨᠡᠯᠡᠬᠦ ᠠᠷᠭ᠎ᠠ︾ ᠳᠤ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2018/5/9
     ᠰᠤᠷᠪᠤᠯᠵᠢᠯᠠᠭᠰᠠᠨ ᠴᠠᠭ᠄        2018 ᠣᠨ ᠤ 4 ᠳ᠋ᠦ᠋ᠭᠡᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨᠡᠬᠢ 10 ᠴᠠᠭ       ᠰᠤᠷᠪᠤᠯᠵᠢᠯᠠᠭᠰᠠᠨ ᠵᠣᠴᠢᠨ᠄      ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠳᠡᠳ᠋ ᠡᠷᠬᠢᠯᠡᠭᠴᠢ   ᠵᠠᠩ ᠵᠠᠨ ᠵᠢᠶᠦ᠋ᠨ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠡᠰ ᠳᠡᠪᠰᠢᠵᠦ ᠥᠷᠭᠡᠳᠬᠡᠯ ᠬᠢᠬᠦ ᠶᠢ ᠦᠨᠡᠯᠡᠬᠦ ᠠᠷᠭ᠎ᠠ︾ ᠶᠢ ᠳᠠᠷᠤᠮᠠᠯᠯᠠᠨ ᠲᠠᠷᠬᠠᠭᠠᠪᠠ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠵᠠᠩ ᠵᠠᠨ ᠵᠢᠶᠦ᠋ᠨ ᠳᠡᠳ᠋ ᠡᠷᠬᠢᠯᠡᠭᠴᠢ ᠶᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠶᠢᠨ ᠰᠤᠷᠪᠤᠯᠵᠢᠯᠠᠭ᠎ᠠ ᠶᠢᠨ ᠪᠤᠯᠤᠩ ᠳᠤ ᠤᠷᠢᠵᠤ᠂ ᠮᠠᠨ ᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠡᠰ ᠳᠡᠪᠰᠢᠵᠦ ᠥᠷᠭᠡᠳᠬᠡᠯ ᠬᠢᠬᠦ ᠶᠢ ᠦᠨᠡᠯᠡᠬᠦ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠣᠯᠠᠨ  ᠲᠠᠢ ᠰᠠᠨᠠᠯ ᠰᠣᠯᠢᠯᠴᠠᠭᠤᠯᠬᠤ ᠪᠣᠯᠣᠯ᠎ᠠ᠃ ᠥᠷᠭᠡᠨ ᠣᠯᠠᠨ ᠰᠦᠯᠵᠢᠶᠡᠨ ᠤ ᠠᠨᠳᠠ ᠶᠢᠨ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃      ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠳᠤ ᠣᠷᠣᠯᠴᠠᠬᠤ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠲᠠᠢ ᠵᠣᠬᠢᠴᠠᠯᠳᠤᠨ᠂ ᠰᠢᠨ᠎ᠡ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠢᠯᠯᠠᠭᠠᠨ ᠤ ᠬᠠᠮᠢᠶᠠᠷᠤᠯᠲᠠ ᠶᠢ ᠪᠦᠬᠦ ᠲᠠᠯ᠎ᠠ ᠪᠠᠷ ᠰᠠᠶᠢᠲᠤᠷ ᠬᠢᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠷᠡᠭᠦᠯ ᠢᠶᠠᠷ ᠬᠥᠭᠵᠢᠬᠦ ᠶᠢ ᠪᠦᠲᠦᠮᠵᠢᠲᠡᠢ ᠠᠬᠢᠭᠤᠯᠬᠤ ᠬᠡᠷᠡᠭᠲᠡᠢ᠃ 2017 ᠣᠨ ᠤ 12 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠡᠰ ᠳᠡᠪᠰᠢᠵᠦ ᠥᠷᠭᠡᠳᠬᠡᠯ ᠬᠢᠬᠦ ᠶᠢ ᠦᠨᠡᠯᠡᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠥᠨᠥᠳᠥᠷ ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠵᠠᠩ ᠵᠠᠨ ᠵᠢᠶᠦ᠋ᠨ ᠳᠡᠳ᠋ ᠡᠷᠬᠢᠯᠡᠭᠴᠢ ᠶᠢ ᠤᠷᠢᠵᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠡᠰ ᠳᠡᠪᠰᠢᠵᠦ ᠥᠷᠭᠡᠳᠬᠡᠯ ᠬᠢᠬᠦ ᠶᠢ ᠦᠨᠡᠯᠡᠬᠦ ᠠᠷᠭ᠎ᠠ ᠶᠢᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠣᠯᠠᠨ ᠲᠠᠢ ᠰᠦᠯᠵᠢᠶ᠎ᠡ ᠪᠠᠷ ᠰᠠᠨᠠᠯ ᠰᠣᠯᠢᠯᠴᠠᠭᠤᠯᠬᠤ ᠪᠣᠯᠣᠯ᠎ᠠ᠃ ᠵᠠᠩ ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ᠃      ᠵᠠᠩ ᠵᠠᠨ ᠵᠢᠶᠦ᠋ᠨ᠄      ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠠᠳᠡ ᠣᠯᠠᠨ ᠲᠠᠢ ᠰᠠᠨᠠᠯ ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃ ᠡᠨᠡ ᠬᠦ ᠲᠣᠬᠢᠶᠠᠯ ᠢ ᠠᠰᠢᠭᠯᠠᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠡᠮᠦᠨ᠎ᠡ ᠠᠴᠠ ᠮᠠᠨ ᠤ ᠣᠷᠣᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠬᠢᠭᠡᠳ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠶᠢ ᠬᠠᠷᠠᠭᠠᠯᠵᠠᠨ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠦᠯᠵᠢᠶᠡᠨ ᠤ ᠠᠨᠳᠠ ᠳᠤ ᠪᠠᠨ ᠴᠢᠩ ᠰᠡᠳᠬᠢᠯ ᠠᠴᠠ ᠪᠠᠨ ᠪᠠᠶᠠᠷᠯᠠᠨ ᠲᠠᠯᠠᠷᠬᠠᠵᠤ ᠪᠠᠶᠢᠨ᠎ᠠ᠃      ᠬᠥᠲᠥᠯᠥᠭᠴᠢ᠄      ᠣᠶᠢᠷ᠎ᠠ ᠶᠢᠨ ᠵᠢᠯ ᠤᠳ ᠲᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠪᠣᠯ ᠮᠠᠨ ᠤ ᠣᠷᠣᠨ ᠤ ᠥᠭᠡᠷᠡᠴᠢᠯᠡᠯᠲᠡ ᠨᠡᠭᠡᠭᠡᠯᠲᠡ ᠬᠢᠭᠰᠡᠨ ᠠᠮᠵᠢᠯᠲᠠ ᠲᠠᠢ ᠦᠢᠯᠡᠳᠦᠯᠭᠡ ᠪᠠᠶᠢᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠴᠤ ᠮᠠᠨ ᠤ ᠣᠷᠣᠨ ᠤ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠭᠦᠯᠦᠯᠲᠡ᠂ ᠬᠤᠲᠠ ᠪᠠᠯᠭᠠᠰᠤᠵᠢᠯᠲᠠ ᠶᠢ ᠲᠦᠷᠭᠡᠨ ᠬᠥᠭᠵᠢᠭᠦᠯᠬᠦ ᠪᠠ ᠭᠠᠳᠠᠭᠰᠢ ᠨᠡᠭᠡᠭᠡᠯᠲᠡ ᠬᠢᠬᠦ ᠶᠢ ᠠᠬᠢᠭᠤᠯᠬᠤ ᠴᠢᠬᠤᠯᠠ ᠲᠠᠪᠴᠠᠩ ᠪᠣᠯᠪᠠ᠃ ᠪᠠᠰᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠵᠤ᠂ ᠠᠵᠤ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠠᠵᠤ ᠠᠬᠤᠢ ᠶᠢᠨ ᠥᠰᠦᠯᠲᠡ ᠶᠢᠨ ᠰᠢᠨ᠎ᠡ ᠬᠥᠳᠡᠯᠭᠡᠭᠴᠢ ᠴᠢᠳᠠᠪᠤᠷᠢ ᠶᠢ ᠪᠦᠷᠢᠯᠳᠦᠭᠦᠯᠬᠦ ᠳᠤ ᠴᠢᠬᠤᠯᠠ ᠦᠢᠯᠡᠳᠦᠯ ᠦᠵᠡᠭᠦᠯᠵᠡᠢ᠃ ᠮᠠᠨ ᠤ ᠣᠷᠣᠨ ︽ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠡᠰ ᠳᠡᠪᠰᠢᠵᠦ ᠥᠷᠭᠡᠳᠬᠡᠯ ᠬᠢᠬᠦ ᠠᠷᠭ᠎ᠠ︾ ᠶᠢ ᠶᠠᠮᠠᠷ ᠠᠬᠤᠢ ᠪᠠᠶᠢᠳᠠᠯ ᠳᠣᠣᠷ᠎ᠠ ᠨᠡᠶᠢᠲᠡᠯᠡᠭᠰᠡᠨ ᠶᠢ ᠵᠠᠩ ᠡᠷᠬᠢᠯᠡᠭᠴᠢ ᠲᠠ ᠶᠠᠷᠢᠭᠠᠳ ᠥᠭᠭᠦᠨ᠎ᠡ ᠦᠦ︖      ᠵᠠᠩ ᠵᠠᠨ ᠵᠢᠶᠦ᠋ᠨ᠄      ᠮᠠᠨ ᠤ ᠣᠷᠣᠨ ᠤ 60% ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠪᠠ 70% ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠠᠶᠢᠯᠢ ᠶᠢᠨ ᠣᠷᠣᠯᠭ᠎ᠠ ᠨᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠠᠴᠠ ᠢᠷᠡᠵᠦ᠂ ᠬᠦᠷᠢᠶᠡᠯᠡᠩ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠳᠠᠬᠢ ᠬᠤᠪᠢ ᠨᠡᠮᠡᠷᠢ ᠨᠢ ᠮᠠᠰᠢ ᠶᠡᠭᠡ ᠪᠠᠶᠢᠳᠠᠭ᠂ ᠡᠭᠦᠨ ᠤ ᠬᠠᠮᠲᠤ᠂ ᠮᠠᠨ ᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠳᠠᠯᠳᠠ ᠬᠦᠴᠦᠨ ᠪᠠ ᠳᠠᠪᠠᠭᠤᠯᠢᠭ ᠢ ᠭᠦᠢᠴᠡᠳ ᠪᠠᠳᠠᠷᠠᠭᠤᠯᠵᠤ ᠴᠢᠳᠠᠭ᠎ᠠ ᠦᠭᠡᠢ ᠭᠡᠳᠡᠭ ᠢ ᠴᠤ ᠣᠯᠵᠤ ᠬᠠᠷᠠᠬᠤ ᠬᠡᠷᠡᠭᠲᠡᠢ᠃ ᠬᠥᠭᠵᠢᠯᠲᠡ ᠶᠢᠨ ᠶᠠᠰᠤ ᠴᠢᠨᠠᠷ ᠢ ᠤᠯᠠᠮ ᠴᠢᠨᠠᠭᠰᠢᠳᠠ ᠳᠡᠭᠡᠭᠰᠢᠯᠡᠭᠦᠯᠬᠦ ᠶᠢᠨ ᠲᠥᠯᠥᠭᠡ᠂ ︽ᠤᠯᠤᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ ᠢ ᠰᠢᠯᠭᠠᠨ ᠬᠢᠨᠠᠬᠤ ᠳᠦᠷᠢᠮ ᠢ ᠲᠡᠭᠦᠯᠳᠡᠷᠵᠢᠭᠦᠯᠦᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ  ﹇2016﹈ 14 ᠳ᠋ᠦ᠋ᠭᠡᠷ ᠲᠣᠭᠠᠲᠤ︶᠂ ︽ᠨᠡᠭᠡᠭᠡᠯᠲᠡ ᠶᠢᠨ ᠣᠷᠣᠨ ᠤ ᠥᠭᠡᠷᠡᠴᠢᠯᠡᠯᠲᠡ ᠪᠠ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ ᠤᠳ︾ ︵ᠲᠥᠷᠥ ᠠᠯᠪᠠᠨ ᠲᠠᠷᠬᠠᠭᠠᠭᠰᠠᠨ  ﹇2017﹈ 7 ᠳ᠋ᠤᠭᠠᠷ ᠲᠣᠭᠠᠲᠤ︶᠂ ︽ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠯᠣᠭᠤᠳᠬᠤ ᠰᠠᠨᠠᠯ︾ ︵ᠥᠪᠥᠷ ᠵᠠᠰᠠᠭ ᠲᠠᠷᠬᠠᠭᠠᠭᠰᠠᠨ  ﹇2015﹈ 126 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠭᠤᠷᠪᠠᠳᠤᠭᠠᠷ ᠲᠠᠪᠤᠨ ᠵᠢᠯ﹀ ᠤᠨ ᠨᠡᠭᠡᠭᠡᠯᠲᠡ ᠶᠢᠨ ᠣᠷᠣᠨ ᠤ ᠬᠥᠭᠵᠢᠯᠲᠡ ᠶᠢᠨ ᠲᠥᠯᠥᠪᠵᠢᠭᠦᠯᠭᠡ︾ ᠪᠠᠷ ᠦᠨᠳᠦᠰᠦᠯᠡᠯ ᠪᠣᠯᠭᠠᠵᠤ᠂ ᠪᠦᠬᠦ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ︽ᠠᠷᠭ᠎ᠠ︾ ᠶᠢ ᠲᠣᠭᠲᠠᠭᠠᠭᠰᠠᠨ ᠪᠠᠶᠢᠨ᠎ᠠ᠃      ᠬᠥᠲᠥᠯᠥᠭᠴᠢ᠄      ᠲᠡᠭᠡᠪᠡᠯ᠂ ︽ᠠᠷᠭ᠎ᠠ︾ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠭᠠᠨ ᠳᠡᠰ ᠳᠡᠪᠰᠢᠭᠦᠯᠬᠦ ᠳᠤ ᠶᠠᠮᠠᠷ ᠶᠠᠮᠠᠷ ᠨᠥᠬᠦᠴᠡᠯ ᠪᠦᠷᠢᠯᠳᠦᠭᠦᠯᠬᠦ ᠪᠠᠷ ᠱᠠᠭᠠᠷᠳᠠᠵᠤ ᠪᠠᠶᠢᠬᠤ ᠪᠣᠢ︖      ᠵᠠᠩ ᠵᠠᠨ ᠵᠢᠶᠦ᠋ᠨ᠄      ︽ᠠᠷᠭ᠎ᠠ︾ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠭᠠᠨ ᠳᠡᠰ ᠳᠡᠪᠰᠢᠭᠦᠯᠬᠦ ᠳᠤ ᠪᠦᠷᠢᠯᠳᠦᠭᠦᠯᠪᠡᠰᠦ ᠵᠣᠬᠢᠬᠤ ᠳᠣᠣᠷᠠᠬᠢ ᠨᠠᠢᠮᠠᠨ ᠵᠦᠢᠯ ᠤᠨ ᠨᠥᠬᠦᠴᠡᠯ ᠢ ᠲᠣᠭᠲᠠᠭᠠᠪᠠ᠃      1. ᠳᠡᠰ ᠳᠡᠪᠰᠢᠬᠦ ᠪᠠᠷ ᠭᠤᠶᠤᠴᠢᠯᠠᠬᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠡᠷᠬᠡᠪᠰᠢ ᠨᠢᠭᠡᠨᠲᠡ ᠠᠶᠢᠮᠠᠭ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ︵ᠮᠠᠨᠵᠤᠤᠷ ᠬᠤᠲᠠ᠂ ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠᠭᠲᠠᠨ᠎ᠠ᠂ ᠳᠣᠷᠣᠭᠰᠢ ᠠᠳᠠᠯᠢ︶ ᠠᠴᠠ ᠵᠥᠪᠰᠢᠶᠡᠷᠡᠨ ᠪᠠᠶᠢᠭᠤᠯᠤᠭᠰᠠᠨ ᠬᠦᠷᠢᠶᠡᠯᠡᠩ ᠲᠣᠭᠤᠷᠢᠭ ᠪᠠᠶᠢᠬᠤ ᠬᠡᠷᠡᠭᠲᠡᠢ᠃      2. ᠬᠦᠷᠢᠶᠡᠯᠡᠩ ᠲᠣᠭᠤᠷᠢᠭ ᠤᠨ ᠠᠵᠤ ᠦᠢᠯᠡᠳᠪᠦᠷᠢ ᠶᠢᠨ ᠶᠡᠷᠦᠩᠬᠡᠢ ᠦᠢᠯᠡᠳᠬᠦᠨ ᠤ ᠥᠷᠲᠡᠭ ᠨᠢ 150 ᠳ᠋ᠦᠩᠰᠢᠭᠤᠷ ᠲᠥᠭᠦᠷᠢᠭ ᠠᠴᠠ ᠳᠡᠭᠡᠭᠰᠢ᠂ ᠳᠡᠭᠡᠭᠰᠢ ᠲᠤᠰᠢᠶᠠᠭᠰᠠᠨ ᠭᠠᠶᠢᠯᠢ ᠶᠢᠨ ᠮᠥᠩᠭᠦ ᠨᠢ 7.5 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠬᠤ ᠬᠡᠷᠡᠭᠲᠡᠢ᠃ ᠲᠤᠰ ᠠᠷᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ ᠬᠤᠶᠠᠷ ᠵᠢᠯ ᠪᠦᠷᠢ ᠨᠢᠭᠡ ᠤᠳᠠᠭ᠎ᠠ ᠲᠣᠬᠢᠷᠠᠭᠤᠯᠤᠯᠲᠠ ᠬᠢᠵᠦ᠂ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠠᠵᠤ ᠦᠢᠯᠡᠳᠪᠦᠷᠢ ᠶᠢᠨ ᠶᠡᠷᠦᠩᠬᠡᠢ ᠦᠢᠯᠡᠳᠬᠦᠨ ᠤ ᠥᠷᠲᠡᠭ ᠪᠠ ᠳᠡᠭᠡᠭᠰᠢ ᠲᠤᠰᠢᠶᠠᠬᠤ ᠭᠠᠶᠢᠯᠢ ᠶᠢᠨ ᠮᠥᠩᠭᠦ ᠶᠢᠨ ᠪᠠᠷᠢᠮᠵᠢᠶ᠎ᠠ ᠨᠢ ᠲᠣᠬᠢᠷᠠᠭᠤᠯᠤᠯᠲᠠ ᠬᠢᠬᠦ ᠠᠴᠠ ᠡᠮᠦᠨᠡᠬᠢ ᠪᠠᠷᠢᠮᠵᠢᠶ᠎ᠠ ᠠᠴᠠ 10% ᠠᠴᠠ ᠳᠡᠭᠡᠭᠰᠢᠬᠢ ᠥᠰᠦᠯᠲᠡ ᠶᠢᠨ ᠬᠡᠮᠵᠢᠶ᠎ᠡ ᠶᠢ ᠪᠠᠲᠤᠯᠠᠬᠤ ᠬᠡᠷᠡᠭᠲᠡᠢ︔ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠤᠨ ᠦᠢᠯᠡᠳᠬᠦᠨ ᠤ ᠥᠷᠲᠡᠭ ᠨᠢ ᠬᠦᠷᠢᠶᠡᠯᠡᠩ ᠲᠣᠭᠤᠷᠢᠭ ᠤᠨ ᠶᠡᠷᠦᠩᠬᠡᠢ ᠦᠢᠯᠡᠳᠬᠦᠨ ᠤ ᠥᠷᠲᠡᠭ ᠤᠨ 70% ᠠᠴᠠ ᠳᠡᠭᠡᠭᠰᠢᠬᠢ ᠶᠢ ᠡᠵᠡᠯᠡᠭᠰᠡᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠵᠤ ᠦᠢᠯᠡᠳᠪᠦᠷᠢ ᠶᠢᠨ ᠶᠡᠷᠦᠩᠬᠡᠢ ᠦᠢᠯᠡᠳᠬᠦᠨ ᠤ ᠥᠷᠲᠡᠭ ᠪᠠ ᠳᠡᠭᠡᠭᠰᠢ ᠲᠤᠰᠢᠶᠠᠭᠰᠠᠨ ᠭᠠᠶᠢᠯᠢ ᠶᠢᠨ ᠮᠥᠩᠭᠦ ᠨᠢ ᠲᠤᠬᠠᠢ ᠶᠢᠨ ᠵᠢᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠳᠡᠰ ᠳᠡᠪᠰᠢᠭᠦᠯᠬᠦ ᠪᠠᠷᠢᠮᠵᠢᠶ᠎ᠠ ᠶᠢᠨ 50% ᠠᠴᠠ ᠳᠡᠭᠡᠭᠰᠢ ᠳᠤ ᠬᠦᠷᠬᠦ ᠬᠡᠷᠡᠭᠲᠡᠢ᠂ ᠲᠡᠭᠦᠨ ᠤ ᠳᠣᠲᠣᠷ᠎ᠠ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢᠶᠠᠷ ᠭᠤᠣᠯ ᠤᠳᠤᠷᠢᠳᠬᠤ ᠠᠵᠤ ᠦᠢᠯᠡᠰ ᠪᠣᠯᠭᠠᠭᠰᠠᠨ ᠬᠦᠷᠢᠶᠡᠯᠡᠩ ᠲᠣᠭᠤᠷᠢᠭ ᠨᠢ᠂ ᠨᠢᠭᠡᠨᠲᠡ ︽ᠠᠵᠤ ᠠᠬᠤᠶᠢᠯᠠᠯ + ᠲᠠᠷᠢᠶᠠᠴᠢᠨ ᠡᠷᠦᠬᠡ + ᠡᠯᠧᠺᠲᠷᠣᠨ ᠬᠤᠳᠠᠯᠳᠤᠭᠠᠨ ᠤ ᠶᠠᠪᠤᠳᠠᠯ︾ ᠵᠡᠷᠭᠡ ᠪᠦᠷᠢᠨ ᠲᠥᠬᠦᠷ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠲᠠᠷᠢᠶᠠᠴᠢᠨ ᠮᠠᠯᠴᠢᠨ ᠲᠦᠮᠡᠨ ᠤ ᠶᠠᠳᠠᠭᠤ ᠠᠴᠠ ᠠᠩᠭᠢᠵᠢᠷᠠᠵᠤ ᠴᠢᠨᠡᠭᠡᠯᠢᠭᠵᠢᠬᠦ ᠳᠤ ᠳᠠᠶᠢᠴᠢᠯᠠᠨ ᠳᠠᠭᠠᠭᠤᠯᠬᠤ ᠦᠢᠯᠡᠳᠦᠯ ᠨᠢ ᠢᠯᠡᠷᠬᠡᠢ ᠪᠣᠯ᠂ ᠬᠦᠷᠢᠶᠡᠯᠡᠩ ᠤᠨ ᠶᠡᠷᠦᠩᠬᠡᠢ ᠦᠢᠯᠡᠳᠬᠦᠨ ᠤ ᠥᠷᠲᠡᠭ ᠪᠠ ᠭᠠᠶᠢᠯᠢ ᠲᠠᠲᠠᠪᠤᠷᠢ ᠶᠢᠨ ᠪᠠᠷᠢᠮᠵᠢᠶ᠎ᠠ ᠶᠢ ᠨᠢ ᠵᠣᠬᠢᠰᠲᠠᠢ ᠪᠠᠭᠤᠷᠠᠭᠤᠯᠵᠤ ᠪᠣᠯᠣᠨ᠎ᠠ᠃      3. ᠭᠠᠵᠠᠷ ᠰᠢᠷᠣᠢ ᠶᠢ ᠠᠰᠢᠭᠯᠠᠭᠰᠠᠨ ᠣᠳᠣᠬᠢ ᠪᠠᠶᠢᠳᠠᠯ ᠨᠢ ᠢᠯᠡ ᠲᠣᠳᠣ᠂ ᠡᠷᠬᠡ ᠶᠢᠨ ᠬᠠᠷᠢᠶ᠎ᠠ ᠨᠢ ᠲᠣᠳᠣᠷᠬᠠᠢ᠂ ᠳᠥᠷᠪᠡᠨ ᠲᠠᠯ᠎ᠠ ᠶᠢᠨ ᠬᠡᠪᠴᠢᠶ᠎ᠡ ᠶᠢᠨ ᠵᠠᠭᠠᠭ ᠬᠢᠵᠠᠭᠠᠷ ᠨᠢ ᠲᠣᠳᠣ᠂ ᠵᠠᠭᠠᠭ ᠱᠤᠭᠤᠮ ᠤᠨ ᠴᠡᠭ ᠪᠠᠶᠢᠷᠢᠰᠢᠯ ᠨᠢ ᠣᠨᠣᠪᠴᠢᠲᠠᠢ᠂ ᠲᠤᠬᠠᠢ ᠶᠢᠨ ᠭᠠᠵᠠᠷ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠭᠠᠵᠠᠷ ᠰᠢᠷᠣᠢ ᠶᠢᠨ ᠠᠰᠢᠭᠯᠠᠯᠲᠠ ᠶᠢᠨ ᠶᠡᠷᠦᠩᠬᠡᠢ ᠲᠥᠯᠥᠪᠵᠢᠭᠦᠯᠭᠡ ᠲᠠᠢ ᠨᠡᠶᠢᠴᠡᠭᠰᠡᠨ ᠪᠠᠶᠢᠬᠤ ᠬᠡᠷᠡᠭᠲᠡᠢ᠃ ᠭᠠᠵᠠᠷ ᠰᠢᠷᠣᠢ ᠶᠢᠨ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠰᠢᠷᠣᠢ ᠬᠠᠩᠭᠠᠵᠤ ᠭᠠᠵᠠᠷ ᠰᠢᠷᠣᠢ ᠬᠡᠷᠡᠭᠯᠡᠭᠰᠡᠨ ᠠᠰᠠᠭᠤᠳᠠᠯ ᠦᠭᠡᠢ ᠪᠤᠶᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠨᠢᠭᠡᠨᠲᠡ ᠬᠠᠤᠯᠢ ᠶᠣᠰᠣᠭᠠᠷ ᠰᠢᠢᠳᠪᠦᠷᠢᠯᠡᠵᠦ᠂ ᠭᠠᠵᠠᠷ ᠰᠢᠷᠣᠢ ᠬᠠᠩᠭᠠᠭᠰᠠᠨ ᠨᠣᠷᠮ᠎ᠠ ᠵᠢᠴᠢ ᠰᠤᠯᠠ ᠬᠠᠶᠠᠭᠳᠠᠵᠤ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠭᠰᠡᠨ  ᠨᠢ ᠲᠣᠭᠲᠠᠭᠠᠭᠰᠠᠨ ᠳᠡᠰ ᠳᠠᠷᠠᠭᠠᠯᠠᠯ ᠪᠠ ᠱᠠᠭᠠᠷᠳᠠᠯᠭ᠎ᠠ ᠳᠤ ᠨᠡᠶᠢᠴᠡᠨ᠎ᠡ᠃ ᠭᠠᠵᠠᠷ ᠰᠢᠷᠣᠢ ᠶᠢᠨ ᠡᠷᠴᠢᠮᠵᠢᠭᠦᠯᠦᠭᠰᠡᠨ ᠠᠰᠢᠭᠯᠠᠯᠲᠠ ᠦᠨᠡᠯᠡᠯᠲᠡ ᠶᠢ ᠱᠠᠭᠠᠷᠳᠠᠯᠭ᠎ᠠ ᠶᠣᠰᠣᠭᠠᠷ ᠥᠷᠨᠢᠭᠦᠯᠵᠦ᠂ ᠦᠷ᠎ᠡ ᠪᠦᠲᠦᠭᠡᠯ ᠢ ᠨᠡᠯᠢᠶᠡᠳ ᠰᠠᠶᠢᠲᠤᠷ ᠬᠡᠷᠡᠭᠯᠡᠭᠰᠡᠨ ᠪᠠᠶᠢᠬᠤ ᠬᠡᠷᠡᠭᠲᠡᠢ᠃       ᠵᠠᠩ ᠵᠠᠨ ᠵᠢᠶᠦ᠋ᠨ᠄      4. ᠠᠵᠤ ᠦᠢᠯᠡᠰ ᠤᠨ ᠪᠠᠶᠢᠷᠢ ᠲᠣᠭᠲᠠᠭᠠᠯᠲᠠ ᠨᠢ ᠲᠣᠳᠣᠷᠬᠠᠢ᠂ ᠠᠵᠤ ᠦᠢᠯᠡᠳᠪᠦᠷᠢ ᠶᠢᠨ ᠲᠥᠪᠯᠡᠷᠡᠭᠰᠡᠨ ᠬᠡᠮᠵᠢᠶ᠎ᠡ ᠨᠢ ᠨᠡᠯᠢᠶᠡᠳ ᠥᠨᠳᠥᠷ᠂ ᠤᠯᠤᠰ ᠤᠨ ᠠᠵᠤ ᠦᠢᠯᠡᠰ ᠤᠨ ᠵᠥᠪᠰᠢᠶᠡᠷᠡᠨ ᠣᠷᠣᠭᠤᠯᠬᠤ ᠪᠠ ᠡᠨᠧᠷᠭᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠠᠮᠤᠷ ᠲᠦᠪᠰᠢᠨ᠂ ᠶᠠᠰᠤ ᠴᠢᠨᠠᠷ ᠤᠨ ᠪᠠᠷᠢᠮᠵᠢᠶ᠎ᠠ ᠳᠤ ᠨᠡᠶᠢᠴᠡᠨ᠎ᠡ᠃ ᠲᠥᠪ ᠬᠤᠷᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠢ ᠠᠰᠠᠭᠤᠳᠠᠯ ᠢ ᠴᠡᠭᠴᠡᠯᠡᠨ ᠥᠭᠡᠷᠡᠴᠢᠯᠡᠬᠦ ᠶᠢᠨ ᠬᠠᠮᠲᠤ ᠪᠠᠷᠢᠮᠵᠢᠶ᠎ᠠ ᠳᠤ ᠬᠦᠷᠦᠭᠦᠯᠬᠦ ᠶᠢ ᠬᠤᠭᠤᠴᠠᠭ᠎ᠠ ᠶᠣᠰᠣᠭᠠᠷ ᠪᠡᠶᠡᠯᠡᠭᠦᠯᠦᠨ᠎ᠡ᠃      5. ᠶᠡᠷᠦᠩᠬᠡᠢ ᠲᠥᠯᠥᠪᠵᠢᠭᠦᠯᠦᠭᠡ᠂ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠵᠢᠭᠦᠯᠭᠡ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠬᠦ ᠠᠵᠢᠯ ᠨᠢ ᠠᠶᠢᠮᠠᠭ ᠬᠤᠲᠠ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠤᠶᠤ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠣᠨ᠎ᠠ᠃      6. ᠰᠠᠭᠤᠷᠢ ᠪᠡᠯᠡᠳᠬᠡᠮᠵᠢ ᠶᠢᠨ ᠲᠥᠬᠦᠷᠵᠢᠯᠲᠠ ᠨᠢ ᠨᠡᠯᠢᠶᠡᠳ ᠰᠠᠶᠢᠨ᠂ ᠦᠨᠳᠦᠰᠦᠨ ᠳᠤ ᠪᠠᠨ ︽ᠳᠣᠯᠤᠭ᠎ᠠ ᠶᠢ ᠨᠡᠪᠲᠡᠷᠡᠭᠦᠯᠵᠦ ᠲᠠᠯᠠᠪᠤᠷ ᠭᠠᠵᠠᠷ ᠢ ᠲᠡᠭᠰᠢᠯᠡᠬᠦ︾ ᠪᠠᠷᠢᠮᠵᠢᠶ᠎ᠠ ᠳᠤ ᠬᠦᠷᠦᠭᠦᠯᠵᠦ᠂ ᠰᠠᠭᠤᠷᠢ ᠪᠡᠯᠡᠳᠬᠡᠮᠵᠢ ᠶᠢᠨ ᠪᠠᠶᠢᠭᠤᠯᠤᠯᠲᠠ ᠶᠢᠨ ᠣᠷᠣᠭᠤᠯᠤᠯᠲᠠ ᠭᠠᠷᠭᠠᠯᠲᠠ ᠶᠢᠨ ᠰᠠᠶᠢᠨ ᠡᠷᠭᠢᠯᠲᠡ ᠶᠢ ᠦᠨᠳᠦᠰᠦᠨ ᠳᠤ ᠪᠠᠨ ᠪᠦᠷᠢᠯᠳᠦᠭᠦᠯᠦᠨ᠎ᠡ᠃      7. ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠨᠢ ᠪᠦᠷᠢᠨ ᠪᠠᠶᠢᠵᠤ᠂ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠬᠥᠭᠵᠢᠯᠲᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠠᠵᠢᠯᠯᠠᠭᠠᠨ ᠤ ᠬᠠᠮᠢᠶᠠᠷᠤᠯᠲᠠ᠂ ᠶᠡᠷᠦᠩᠬᠡᠶᠢᠯᠡᠭᠰᠡᠨ ᠦᠢᠯᠡᠴᠢᠯᠡᠭᠡ ᠶᠢᠨ ᠱᠠᠭᠠᠷᠳᠠᠯᠭ᠎ᠠ ᠶᠢ ᠦᠨᠡᠨ ᠬᠦ ᠪᠠᠲᠤᠯᠠᠵᠤ ᠴᠢᠳᠠᠨ᠎ᠠ᠃      8. ᠣᠶᠢᠷ᠎ᠠ ᠶᠢᠨ ᠭᠤᠷᠪᠠᠨ ᠵᠢᠯ ᠳᠤ ᠣᠨᠴᠠ ᠶᠡᠭᠡ ᠣᠷᠴᠢᠨ ᠲᠣᠭᠤᠷᠢᠨ ᠤ ᠪᠣᠬᠢᠷᠲᠤᠯ ᠤᠨ ᠬᠡᠷᠡᠭ ᠪᠠ ᠠᠶᠤᠯ ᠦᠭᠡᠢ ᠦᠢᠯᠡᠳᠪᠦᠷᠢᠯᠡᠯ ᠤᠨ ᠠᠳᠡᠯ ᠡᠭᠦᠰᠦᠭᠰᠡᠨ ᠦᠭᠡᠢ᠃      ᠬᠥᠲᠥᠯᠥᠭᠴᠢ᠄      ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠭᠠᠨ ᠳᠡᠰ ᠳᠡᠪᠰᠢᠭᠦᠯᠬᠦ ᠳᠤ ᠦᠢᠯᠡᠳᠬᠦᠨ ᠤ ᠥᠷᠲᠡᠭ ᠪᠠ ᠭᠠᠶᠢᠯᠢ ᠶᠢᠨ ᠮᠥᠩᠭᠦ ᠶᠢᠨ ᠬᠡᠪᠴᠢᠶ᠎ᠡ ᠶᠢᠨ ᠱᠠᠭᠠᠷᠳᠠᠯᠭ᠎ᠠ ᠶᠢ ᠬᠡᠷᠬᠢᠨ ᠲᠣᠭᠲᠠᠭᠠᠭᠰᠠᠨ ᠲᠤᠬᠠᠢ ᠪᠢᠳᠡᠨ ᠳᠤ ᠶᠠᠷᠢᠭᠠᠳ ᠥᠭᠭᠦᠨ᠎ᠡ ᠦᠦ︖      ᠵᠠᠩ ᠵᠠᠨ ᠵᠢᠶᠦ᠋ᠨ᠄      2016 ᠣᠨ ᠳᠤ᠂ ᠪᠦᠬᠦ ᠣᠷᠣᠨ ᠤ 113 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠤᠮᠳᠠᠴᠢ ᠦᠢᠯᠡᠳᠬᠦᠨ ᠤ ᠥᠷᠲᠡᠭ ᠨᠢ 150.11 ᠳ᠋ᠦᠩᠰᠢᠭᠤᠷ ᠲᠥᠭᠦᠷᠢᠭ᠂ ᠳᠤᠮᠳᠠᠴᠢ ᠭᠠᠶᠢᠯᠢ ᠶᠢᠨ ᠣᠷᠣᠯᠭ᠎ᠠ ᠨᠢ 6.23 ᠳ᠋ᠦᠩᠰᠢᠭᠤᠷ ᠲᠥᠭᠦᠷᠢᠭ ᠲᠤ ᠬᠦᠷᠴᠡᠢ᠃ ᠲᠡᠭᠦᠨ ᠤ ᠳᠣᠲᠣᠷ᠎ᠠ᠂ ᠤᠯᠤᠰ ᠤᠨ ᠳᠡᠰ ᠤᠨ 9 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠤᠮᠳᠠᠴᠢ ᠦᠢᠯᠡᠳᠬᠦᠨ ᠤ ᠥᠷᠲᠡᠭ ᠨᠢ 301.6 ᠳ᠋ᠦᠩᠰᠢᠭᠤᠷ ᠲᠥᠭᠦᠷᠢᠭ᠂ ᠳᠤᠮᠳᠠᠴᠢ ᠭᠠᠶᠢᠯᠢ ᠶᠢᠨ ᠣᠷᠣᠯᠭ᠎ᠠ ᠨᠢ 12.66 ᠳ᠋ᠦᠩᠰᠢᠭᠤᠷ ᠲᠥᠭᠦᠷᠢᠭ ᠲᠤ ᠬᠦᠷᠪᠡ︔ ᠥᠪᠡᠷᠲᠡᠭᠡᠨ ᠵᠠᠰᠠᠬᠤ ᠣᠷᠣᠨ ᠤ ᠳᠡᠰ ᠤᠨ 55 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠤᠮᠳᠠᠴᠢ ᠦᠢᠯᠡᠳᠬᠦᠨ ᠤ ᠥᠷᠲᠡᠭ ᠨᠢ 201.66 ᠳ᠋ᠦᠩᠰᠢᠭᠤᠷ ᠲᠥᠭᠦᠷᠢᠭ᠂ ᠳᠤᠮᠳᠠᠴᠢ ᠭᠠᠶᠢᠯᠢ ᠶᠢᠨ ᠣᠷᠣᠯᠭ᠎ᠠ ᠨᠢ 8.52 ᠳ᠋ᠦᠩᠰᠢᠭᠤᠷ ᠲᠥᠭᠦᠷᠢᠭ ᠲᠤ ᠬᠦᠷᠴᠡᠢ᠃ 2016 ᠣᠨ ᠳᠤ ᠪᠦᠬᠦᠶᠢᠯᠡ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠠᠭᠤᠨ ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠤᠨ ᠭᠠᠶᠢᠯᠢ ᠶᠢᠨ ᠣᠷᠣᠯᠭ᠎ᠠ ᠶᠢᠨ ᠬᠤᠪᠢ ᠨᠡᠮᠡᠷᠢ ᠨᠢ 4.12 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠵᠠᠭᠤᠨ ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠤᠨ ᠭᠠᠶᠢᠯᠢ ᠶᠢᠨ ᠣᠷᠣᠯᠭ᠎ᠠ ᠶᠢᠨ ᠬᠤᠪᠢ ᠨᠡᠮᠡᠷᠢ ᠨᠢ ᠪᠠᠷᠤᠭ 4.5 ᠳ᠋ᠦᠩᠰᠢᠭᠤᠷ ᠲᠥᠭᠦᠷᠢᠭ ᠲᠤ ᠬᠦᠷᠴᠡᠢ᠃ ᠳᠡᠭᠡᠷᠡᠬᠢ ᠭᠦᠢᠴᠡᠳᠬᠡᠯ ᠲᠤᠭ᠎ᠠ ᠪᠠᠷ ᠯᠠᠪᠯᠠᠯᠲᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠭᠠᠨ ᠳᠡᠰ ᠳᠡᠪᠰᠢᠭᠦᠯᠬᠦ ᠪᠠᠷ ᠭᠤᠶᠤᠴᠢᠯᠠᠨ ᠮᠡᠳᠡᠭᠦᠯᠬᠦ ᠬᠡᠪᠴᠢᠶ᠎ᠡ ᠶᠢᠨ ᠱᠠᠭᠠᠷᠳᠠᠯᠭ᠎ᠠ ᠶᠢ ᠠᠵᠤ ᠦᠢᠯᠡᠳᠪᠦᠷᠢ ᠶᠢᠨ ᠶᠡᠷᠦᠩᠬᠡᠢ ᠦᠢᠯᠡᠳᠬᠦᠨ ᠤ ᠥᠷᠲᠡᠭ ᠢ 150 ᠳ᠋ᠦᠩᠰᠢᠭᠤᠷ ᠲᠥᠭᠦᠷᠢᠭ ᠠᠴᠠ ᠳᠡᠭᠡᠭᠰᠢ᠂ ᠳᠡᠭᠡᠭᠰᠢ ᠲᠤᠰᠢᠶᠠᠬᠤ ᠭᠠᠶᠢᠯᠢ ᠶᠢᠨ ᠮᠥᠩᠭᠦ ᠶᠢ 7.5 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠬᠤ ᠪᠠᠷ ᠲᠣᠭᠲᠠᠭᠠᠭᠰᠠᠨ ᠨᠢ ᠨᠡᠯᠢᠶᠡᠳ ᠬᠡᠷᠡᠭᠵᠢᠭᠦᠯᠦᠭᠦᠰᠢᠲᠡᠢ ᠪᠠᠶᠢᠵᠤ᠂ ᠬᠦᠷᠢᠶᠡᠯᠡᠩ ᠲᠣᠭᠤᠷᠢᠭ ᠢ ︽ᠳᠡᠭᠡᠭᠰᠢ ᠦᠰᠦᠷᠴᠦ ᠲᠤᠭᠤᠷ ᠠᠪᠬᠤ︾ ᠪᠣᠯᠭᠠᠵᠤ ᠴᠢᠳᠠᠨ᠎ᠠ᠃ ᠡᠭᠦᠨ ᠤ ᠬᠠᠮᠲᠤ᠂ ᠬᠤᠶᠠᠷ ᠵᠢᠯ ᠳᠤ ᠨᠢᠭᠡ ᠤᠳᠠᠭ᠎ᠠ ᠲᠣᠬᠢᠷᠠᠭᠤᠯᠤᠯᠲᠠ ᠬᠢᠵᠦ᠂ ᠦᠢᠯᠡᠳᠬᠦᠨ ᠤ ᠥᠷᠲᠡᠭ ᠪᠠ ᠭᠠᠶᠢᠯᠢ ᠶᠢᠨ ᠮᠥᠩᠭᠦ ᠶᠢᠨ 10% ᠠᠴᠠ ᠳᠡᠭᠡᠭᠰᠢᠬᠢ ᠥᠰᠦᠯᠲᠡ ᠶᠢᠨ ᠬᠤᠷᠳᠤᠴᠠ ᠶᠢ ᠪᠠᠲᠤᠯᠠᠬᠤ ᠨᠢ ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠬᠦ ᠣᠷᠣᠨ ᠤ ᠠᠵᠤ ᠦᠢᠯᠡᠳᠪᠦᠷᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠤᠯᠭᠠᠭᠤᠷᠢᠯᠠᠬᠤ ᠳᠣᠲᠣᠭᠠᠳᠤ ᠱᠠᠭᠠᠷᠳᠠᠯᠭ᠎ᠠ ᠶᠢ ᠢᠯᠡᠷᠡᠭᠦᠯᠪᠡ᠃ ᠡᠭᠦᠨ ᠠᠴᠠ ᠭᠠᠳᠠᠨ᠎ᠠ ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠲᠦᠷᠭᠡᠳᠬᠡᠨ ᠬᠥᠭᠵᠢᠭᠦᠯᠬᠦ ᠶᠢ ᠳᠡᠮᠵᠢᠬᠦ ᠪᠠ ᠲᠠᠷᠢᠶᠠᠯᠠᠩ ᠮᠠᠯ ᠠᠵᠤ ᠠᠬᠤᠢ ᠶᠢᠨ ᠬᠤᠰᠢᠭᠤ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠶᠢ ᠳᠡᠮᠵᠢᠬᠦ ᠠᠴᠠ ᠭᠠᠷᠳᠠᠵᠤ᠂ ︽ᠠᠷᠭ᠎ᠠ︾ ᠨᠢ ︽ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠤᠨ ᠦᠢᠯᠡᠳᠬᠦᠨ ᠤ ᠥᠷᠲᠡᠭ ᠨᠢ ᠬᠦᠷᠢᠶᠡᠯᠡᠩ ᠲᠣᠭᠤᠷᠢᠭ ᠤᠨ ᠶᠡᠷᠦᠩᠬᠡᠢ ᠦᠢᠯᠡᠳᠬᠦᠨ ᠤ ᠥᠷᠲᠡᠭ ᠤᠨ 70% ᠠᠴᠠ ᠳᠡᠭᠡᠭᠰᠢᠬᠢ ᠶᠢ ᠡᠵᠡᠯᠡᠬᠦ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠦᠢᠯᠡᠳᠪᠦᠷᠢ ᠶᠢᠨ ᠶᠡᠷᠦᠩᠬᠡᠢ ᠦᠢᠯᠡᠳᠬᠦᠨ ᠤ ᠥᠷᠲᠡᠭ ᠪᠠ ᠳᠡᠭᠡᠭᠰᠢ ᠲᠤᠰᠢᠶᠠᠭᠰᠠᠨ ᠭᠠᠶᠢᠯᠢ ᠶᠢᠨ ᠮᠥᠩᠭᠦ ᠶᠢ ᠲᠤᠬᠠᠢ ᠶᠢᠨ ᠵᠢᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠭᠠᠨ ᠳᠡᠰ ᠳᠡᠪᠰᠢᠭᠦᠯᠬᠦ ᠪᠠᠷᠢᠮᠵᠢᠶ᠎ᠠ ᠶᠢᠨ 50% ᠠᠴᠠ ᠳᠡᠭᠡᠭᠰᠢᠬᠢ ᠶᠢ ᠡᠵᠡᠯᠡᠭᠦᠯᠦᠨ᠎ᠡ︾ ᠭᠡᠵᠦ ᠲᠣᠭᠲᠠᠭᠠᠵᠠᠢ᠃ ᠳᠡᠰ ᠳᠡᠪᠰᠢᠭᠦᠯᠬᠦ ᠪᠠᠷᠢᠮᠵᠢᠶ᠎ᠠ ᠶᠢ ᠵᠣᠬᠢᠰᠲᠠᠢ ᠪᠠᠷ ᠪᠠᠭᠤᠷᠠᠭᠤᠯᠵᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠤᠨ ᠭᠤᠣᠯᠯᠠᠨ ᠤᠳᠤᠷᠢᠳᠬᠤ ᠬᠡᠯᠪᠡᠷᠢ ᠶᠢᠨ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠶᠢ ᠳᠡᠮᠵᠢᠬᠦ ᠨᠢ ᠪᠣᠳᠠᠲᠤ ᠪᠠᠶᠢᠳᠠᠯ ᠲᠠᠢ ᠨᠡᠶᠢᠴᠡᠵᠦ ᠪᠠᠶᠢᠨ᠎ᠠ᠃      ᠬᠥᠲᠥᠯᠥᠭᠴᠢ᠄      ᠲᠤᠰ ︽ᠠᠷᠭ᠎ᠠ︾ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠭᠠᠨ ᠳᠡᠰ ᠳᠡᠪᠰᠢᠭᠦᠯᠬᠦ ᠶᠢᠨ ᠭᠤᠶᠤᠴᠢᠯᠠᠨ ᠮᠡᠳᠡᠭᠦᠯᠵᠦ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠬᠡᠷᠬᠢᠨ ᠲᠣᠭᠲᠠᠭᠠᠭᠰᠠᠨ ᠪᠣᠢ︖      ᠵᠠᠩ ᠵᠠᠨ ᠵᠢᠶᠦ᠋ᠨ᠄      1. ᠬᠦᠷᠢᠶᠡᠯᠡᠩ ᠲᠣᠭᠤᠷᠢᠭ ᠤᠨ ᠪᠠᠶᠢᠭ᠎ᠠ ᠠᠶᠢᠮᠠᠭ ᠤᠨ ᠵᠠᠰᠠᠭ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠳᠡᠰ ᠳᠡᠪᠰᠢᠭᠦᠯᠬᠦ ᠭᠤᠶᠤᠴᠢᠯᠠᠯ ᠭᠠᠷᠭᠠᠨ᠎ᠠ᠃      2. ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠰᠠᠨᠠᠯ ᠳᠤᠷᠠᠳᠴᠤ᠂ ᠲᠤᠬᠠᠢ ᠶᠢᠨ ᠲᠠᠯᠠᠪᠤᠷ ᠲᠤ ᠬᠠᠷᠭᠤᠭᠤᠯᠤᠨ ᠪᠠᠶᠢᠴᠠᠭᠠᠯᠲᠠ ᠬᠢᠬᠦ ᠶᠢᠨ ᠬᠠᠮᠲᠤ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠬᠦᠷᠢᠶᠡᠯᠡᠩ ᠲᠣᠭᠤᠷᠢᠭ ᠤᠨ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠢ ᠦᠨᠡᠯᠡᠨ ᠨᠤᠲᠠᠯᠠᠭᠤᠯᠤᠭᠰᠠᠨ ᠤ ᠳᠠᠷᠠᠭ᠎ᠠ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠳᠡᠰ ᠳᠡᠪᠰᠢᠭᠦᠯᠬᠦ ᠶᠢ ᠵᠥᠪᠰᠢᠶᠡᠷᠡᠬᠦ ᠡᠰᠡᠬᠦ ᠲᠤᠬᠠᠢ ᠰᠠᠨᠠᠭᠤᠯᠭ᠎ᠠ ᠳᠤᠷᠠᠳᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠴᠣᠬᠤᠯᠠᠪᠤᠷᠢᠯᠠᠭᠤᠯᠤᠭᠰᠠᠨ ᠤ ᠳᠠᠷᠠᠭ᠎ᠠ ᠲᠥᠷᠥ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠦᠨ ᠪᠦᠷᠢᠳᠬᠡᠨ ᠳᠠᠩᠰᠠᠯᠠᠭᠤᠯᠤᠨ᠎ᠠ᠃      ᠬᠥᠲᠥᠯᠥᠭᠴᠢ᠄      ᠬᠠᠷᠭᠤᠭᠤᠯᠤᠨ ᠵᠥᠪᠰᠢᠶᠡᠷᠡᠭᠰᠡᠨ ᠲᠠᠯᠠᠪᠠᠢ ᠪᠠ ᠬᠡᠷᠡᠭᠯᠡᠯᠲᠡ ᠶᠣᠰᠣᠭᠠᠷ ᠨᠢᠭᠡᠨᠲᠡ ᠦᠨᠳᠦᠰᠦᠨ ᠳᠤ ᠪᠠᠨ ᠪᠠᠶᠢᠭᠤᠯᠤᠭᠳᠠᠭᠰᠠᠨ ᠣᠳᠣ ᠶᠢᠨ ᠪᠠᠶᠢᠭ᠎ᠠ ᠬᠦᠷᠢᠶᠡᠯᠡᠩ ᠲᠣᠭᠤᠷᠢᠭ ᠨᠢ᠂ ᠭᠠᠵᠠᠷ ᠰᠢᠷᠣᠢ ᠶᠢ ᠬᠠᠤᠯᠢ ᠶᠣᠰᠣᠭᠠᠷ᠂ ᠵᠣᠬᠢᠰᠲᠠᠢ᠂ ᠡᠷᠴᠢᠮᠲᠡᠢ ᠬᠡᠷᠡᠭᠯᠡᠬᠦ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ᠂ ᠰᠠᠶ᠋ᠢ ᠥᠷᠭᠡᠳᠬᠡᠯ ᠬᠢᠬᠦ ᠪᠠᠷ ᠭᠤᠶᠤᠴᠢᠯᠠᠵᠤ ᠪᠣᠯᠣᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠠᠴᠠ ᠥᠷᠭᠡᠳᠬᠡᠯ ᠬᠢᠬᠦ ᠪᠠᠷ ᠭᠤᠶᠤᠴᠢᠯᠠᠬᠤ ᠳᠤ ᠶᠠᠮᠠᠷ ᠶᠠᠮᠠᠷ ᠨᠥᠬᠦᠴᠡᠯ ᠪᠠ ᠵᠠᠷᠴᠢᠮ ᠳᠤ ᠨᠡᠶᠢᠴᠡᠪᠡᠯ ᠵᠣᠬᠢᠬᠤ ᠲᠤᠬᠠᠢ ᠵᠠᠩ ᠡᠷᠬᠢᠯᠡᠭᠴᠢ ᠶᠠᠷᠢᠭᠠᠳ ᠥᠭᠭᠦᠨ᠎ᠡ ᠦᠦ︖ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠥᠷᠭᠡᠳᠬᠡᠯ ᠬᠢᠬᠦ ᠪᠠᠷ ᠭᠤᠶᠤᠴᠢᠯᠠᠬᠤ ᠳᠤ ᠳᠣᠣᠷᠠᠬᠢ ᠨᠥᠬᠦᠴᠡᠯ ᠢ ᠪᠦᠷᠢᠯᠳᠦᠭᠦᠯᠬᠦ ᠶᠢᠨ ᠬᠠᠮᠲᠤ ᠳᠣᠣᠷᠠᠬᠢ ᠵᠠᠷᠴᠢᠮ ᠢ ᠵᠢᠷᠤᠮᠯᠠᠬᠤ ᠬᠡᠷᠡᠭᠲᠡᠢ᠄      1. ᠬᠦᠷᠢᠶᠡᠯᠡᠩ ᠲᠣᠭᠤᠷᠢᠭ ᠤᠨ ᠥᠷᠭᠡᠳᠬᠡᠯ ᠬᠢᠬᠦ ᠪᠠᠷ ᠭᠤᠶᠤᠴᠢᠯᠠᠬᠤ ᠠᠴᠠ ᠡᠮᠦᠨ᠎ᠡ ᠬᠤᠶᠢᠨᠠᠬᠢ ᠬᠡᠪᠴᠢᠶᠡᠨ ᠳᠣᠲᠣᠷᠠᠬᠢ ᠭᠠᠵᠠᠷ ᠰᠢᠷᠣᠢ ᠠᠰᠢᠭᠯᠠᠭᠰᠠᠨ ᠣᠳᠣᠬᠢ ᠪᠠᠶᠢᠳᠠᠯ ᠨᠢ ᠢᠯᠡ ᠲᠣᠳᠣ᠂ ᠡᠷᠬᠡ ᠶᠢᠨ ᠬᠠᠷᠢᠶ᠎ᠠ  ᠨᠢ ᠲᠣᠳᠣᠷᠬᠠᠢ᠂ ᠭᠠᠵᠠᠷ ᠰᠢᠷᠣᠢ ᠶᠢᠨ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠰᠢᠷᠣᠢ ᠬᠠᠩᠭᠠᠵᠤ ᠭᠠᠵᠠᠷ ᠰᠢᠷᠣᠢ ᠬᠡᠷᠡᠭᠯᠡᠭᠰᠡᠨ ᠠᠰᠠᠭᠤᠳᠠᠯ ᠦᠭᠡᠢ ᠪᠤᠶᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠨᠢᠭᠡᠨᠲᠡ ᠬᠠᠤᠯᠢ ᠶᠣᠰᠣᠭᠠᠷ ᠰᠢᠢᠳᠪᠦᠷᠢᠯᠡᠵᠦ᠂ ᠭᠠᠵᠠᠷ ᠰᠢᠷᠣᠢ ᠬᠠᠩᠭᠠᠭᠰᠠᠨ ᠨᠣᠷᠮ᠎ᠠ ᠵᠢᠴᠢ ᠰᠤᠯᠠ ᠬᠠᠶᠠᠭᠳᠠᠵᠤ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠭᠰᠡᠨ ᠨᠢ ᠲᠣᠭᠲᠠᠭᠠᠭᠰᠠᠨ ᠳᠡᠰ ᠳᠠᠷᠠᠭᠠᠯᠠᠯ ᠪᠠ ᠱᠠᠭᠠᠷᠳᠠᠯᠭ᠎ᠠ ᠳᠤ ᠨᠡᠶᠢᠴᠡᠨ᠎ᠡ᠃ ᠭᠠᠵᠠᠷ ᠰᠢᠷᠣᠢ ᠶᠢᠨ ᠡᠷᠴᠢᠮᠵᠢᠭᠦᠯᠦᠭᠰᠡᠨ ᠠᠰᠢᠭᠯᠠᠯᠲᠠ ᠦᠨᠡᠯᠡᠯᠲᠡ ᠶᠢ ᠱᠠᠭᠠᠷᠳᠠᠯᠭ᠎ᠠ ᠶᠣᠰᠣᠭᠠᠷ ᠥᠷᠨᠢᠭᠦᠯᠵᠦ᠂ ᠦᠷ᠎ᠡ ᠪᠦᠲᠦᠭᠡᠯ ᠢ ᠨᠡᠯᠢᠶᠡᠳ ᠰᠠᠶᠢᠲᠤᠷ ᠬᠡᠷᠡᠭᠯᠡᠭᠰᠡᠨ ᠪᠠᠶᠢᠬᠤ ᠬᠡᠷᠡᠭᠲᠡᠢ᠃      2. ᠬᠦᠷᠢᠶᠡᠯᠡᠩ ᠲᠣᠭᠤᠷᠢᠭ ᠤᠨ ᠤᠤᠯ ᠤᠨ ᠲᠥᠯᠥᠪᠵᠢᠭᠦᠯᠦᠭᠰᠡᠨ ᠣᠷᠣᠨ ᠪᠦᠰᠡ ᠶᠢᠨ ᠳᠣᠲᠣᠷᠠᠬᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠡᠯᠢᠶᠡᠳ ᠭᠦᠢᠴᠡᠳ ᠠᠰᠢᠭᠯᠠᠵᠤ᠂ ᠲᠥᠯᠥᠪᠵᠢᠭᠦᠯᠦᠨ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠤᠨ ᠣᠷᠣᠨ ᠵᠠᠢ ᠨᠢ ᠢᠷᠡᠭᠡᠳᠦᠢ ᠶᠢᠨ 3 ᠵᠢᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠪᠣᠯᠣᠭᠰᠠᠨ᠃ ᠥᠷᠭᠡᠳᠬᠡᠯ ᠬᠢᠬᠦ ᠪᠠᠷ ᠲᠥᠯᠥᠪᠯᠡᠭᠰᠡᠨ ᠣᠷᠣᠨ ᠪᠦᠰᠡ ᠨᠢ ᠵᠠᠷᠴᠢᠮ ᠳᠡᠭᠡᠷ᠎ᠡ ᠪᠠᠨ ᠤᠤᠯ ᠤᠨ ᠲᠥᠯᠥᠪᠵᠢᠭᠦᠯᠦᠭᠰᠡᠨ ᠣᠷᠣᠨ ᠪᠦᠰᠡ ᠲᠠᠢ ᠲᠥᠪᠯᠡᠷᠡᠨ ᠵᠠᠯᠭᠠᠯᠳᠤᠬᠤ ᠬᠡᠷᠡᠭᠲᠡᠢ᠂ ᠲᠥᠪᠯᠡᠷᠡᠨ ᠵᠠᠯᠭᠠᠯᠳᠤᠵᠤ ᠳᠡᠶᠢᠯᠬᠦ ᠦᠭᠡᠢ ᠣᠷᠣᠨ ᠬᠡᠰᠡᠭ ᠤᠨ ᠲᠤᠭ᠎ᠠ ᠨᠢ ᠵᠠᠷᠴᠢᠮ ᠳᠡᠭᠡᠷ᠎ᠡ ᠪᠠᠨ 3 ᠬᠡᠰᠡᠭ ᠢ ᠳᠠᠪᠠᠵᠤ ᠪᠣᠯᠬᠤ ᠦᠭᠡᠢ᠃      3. ᠥᠷᠭᠡᠳᠬᠡᠯ ᠬᠢᠬᠦ ᠣᠷᠣᠨ ᠪᠦᠰᠡ ᠶᠢ ᠭᠤᠣᠯᠳᠠᠭᠤ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠣᠷᠴᠢᠨ ᠲᠣᠭᠤᠷᠢᠨ ᠤ ᠬᠠᠮᠠᠭᠠᠯᠠᠯᠲᠠ᠂ ᠠᠮᠤᠷ ᠲᠦᠪᠰᠢᠨ᠂ ᠡᠨᠧᠷᠭᠢ ᠠᠷᠪᠢᠯᠠᠬᠤ᠂ ᠶᠠᠰᠤ ᠴᠢᠨᠠᠷ ᠤᠨ ᠪᠠᠷᠢᠮᠵᠢᠶ᠎ᠠ ᠳᠤ ᠨᠡᠶᠢᠴᠡᠭᠰᠡᠨ ᠰᠢᠨ᠎ᠡ ᠲᠥᠷᠥᠯ ᠵᠦᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ᠂ ᠴᠢᠳᠠᠮᠵᠢ ᠶᠢ  ᠨᠢ ᠥᠷᠭᠡᠳᠬᠡᠬᠦ ᠪᠤᠶᠤ ᠬᠦᠷᠢᠶᠡᠯᠡᠩ ᠲᠣᠭᠤᠷᠢᠭ ᠢ ᠨᠡᠶᠢᠯᠡᠭᠦᠯᠦᠨ ᠨᠢᠭᠡᠳᠬᠡᠬᠦ ᠶᠢ ᠠᠬᠢᠭᠤᠯᠬᠤ ᠳᠤ ᠬᠡᠷᠡᠭᠯᠡᠨ᠎ᠡ᠃      4. ᠬᠦᠷᠢᠶᠡᠯᠡᠩ ᠲᠣᠭᠤᠷᠢᠭ ᠤᠨ ᠥᠷᠭᠡᠳᠬᠡᠯ ᠬᠢᠬᠦ ᠰᠠᠭᠤᠷᠢ ᠲᠤᠭ᠎ᠠ ᠨᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠢᠨᠠᠨ ᠬᠠᠷᠭᠤᠭᠤᠯᠤᠭᠰᠠᠨ ᠵᠠᠷᠯᠠᠯ ᠤᠨ ᠲᠠᠯᠠᠪᠠᠢ ᠪᠠ ︽ᠳᠥᠷᠪᠡᠨ ᠲᠠᠯ᠎ᠠ︾ ᠶᠢᠨ ᠬᠡᠪᠴᠢᠶ᠎ᠡ ᠪᠠᠷ ᠪᠠᠷᠢᠮᠵᠢᠶ᠎ᠠ ᠪᠣᠯᠭᠠᠨ᠎ᠠ᠃ ᠥᠷᠭᠡᠳᠬᠡᠯ ᠬᠢᠬᠦ ᠪᠠᠷ ᠭᠤᠶᠤᠴᠢᠯᠠᠨ ᠮᠡᠳᠡᠭᠦᠯᠬᠦ ᠬᠡᠪᠴᠢᠶ᠎ᠡ ᠨᠢ ᠲᠤᠬᠠᠢ ᠶᠢᠨ ᠭᠠᠵᠠᠷ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠭᠠᠵᠠᠷ ᠰᠢᠷᠣᠢ ᠠᠰᠢᠭᠯᠠᠬᠤ ᠶᠡᠷᠦᠩᠬᠡᠢ ᠲᠥᠯᠥᠪᠵᠢᠭᠦᠯᠭᠡ ᠲᠠᠢ ᠨᠡᠶᠢᠴᠡᠵᠦ᠂ ᠳᠥᠷᠪᠡᠨ ᠲᠠᠯ᠎ᠠ ᠶᠢᠨ ᠬᠡᠪᠴᠢᠶ᠎ᠡ ᠶᠢᠨ ᠵᠠᠭᠠᠭ ᠬᠢᠵᠠᠭᠠᠷ ᠨᠢ ᠲᠣᠳᠣᠷᠬᠠᠢ᠂ ᠵᠠᠭᠠᠭ ᠱᠤᠭᠤᠮ ᠤᠨ ᠴᠡᠭ ᠪᠠᠶᠢᠷᠢᠰᠢᠯ ᠨᠢ ᠣᠨᠣᠪᠴᠢᠲᠠᠢ᠂ ᠲᠠᠯᠠᠪᠠᠢ ᠨᠢ ᠬᠠᠩᠭᠠᠭᠰᠠᠨ ᠪᠠᠶᠢᠷᠢᠰᠢᠯ ᠢᠶᠠᠷ ᠬᠡᠮᠵᠢᠨ ᠪᠣᠳᠣᠭᠰᠠᠨ ᠲᠠᠯᠠᠪᠠᠢ ᠲᠠᠢ ᠨᠢᠭᠡᠳᠦᠯᠲᠡᠢ ᠪᠠᠶᠢᠬᠤ ᠬᠡᠷᠡᠭᠲᠡᠢ᠃      5. ᠰᠢᠨ᠎ᠡ ᠪᠠᠷ ᠥᠷᠭᠡᠳᠬᠡᠯ ᠬᠢᠭᠰᠡᠨ ᠣᠷᠣᠨ ᠪᠦᠰᠡ ᠨᠢ ᠲᠤᠬᠠᠢ ᠶᠢᠨ ᠭᠠᠵᠠᠷ ᠤᠨ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠬᠤ ᠴᠢᠳᠠᠪᠤᠷᠢ ᠲᠠᠢ ᠲᠣᠬᠢᠷᠠᠯᠴᠠᠵᠤ᠂ ᠥᠷᠭᠡᠳᠬᠡᠯ ᠬᠢᠬᠦ ᠪᠠᠷ ᠭᠤᠶᠤᠴᠢᠯᠠᠨ ᠮᠡᠳᠡᠭᠦᠯᠬᠦ ᠶᠡᠷᠦᠩᠬᠡᠢ ᠲᠥᠯᠥᠪᠵᠢᠭᠦᠯᠭᠡ ᠪᠠ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠳᠠᠬᠢᠵᠤ ᠰᠢᠨ᠎ᠡ ᠪᠠᠷ ᠨᠠᠶᠢᠷᠠᠭᠤᠯᠤᠨ ᠲᠣᠭᠲᠠᠭᠠᠬᠤ ᠶᠢᠨ ᠬᠠᠮᠲᠤ ᠲᠥᠯᠥᠪᠵᠢᠭᠦᠯᠭᠡ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠳᠤ ᠤᠷᠢᠳᠴᠢᠯᠠᠭᠰᠠᠨ ᠦᠨᠡᠯᠡᠯᠲᠡ ᠬᠢᠬᠦ ᠬᠡᠷᠡᠭᠲᠡᠢ᠃      ᠬᠥᠲᠥᠯᠥᠭᠴᠢ᠄      ︽ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠡᠰ ᠳᠡᠪᠰᠢᠵᠦ ᠥᠷᠭᠡᠳᠬᠡᠯ ᠬᠢᠬᠦ ᠠᠷᠭ᠎ᠠ︾ ᠨᠢ ᠬᠦᠷᠢᠶᠡᠯᠡᠩ ᠲᠣᠭᠤᠷᠢᠭ ᠲᠤ ᠬᠡᠷᠬᠢᠨ ᠦᠨᠡᠯᠡᠯᠲᠡ ᠬᠢᠬᠦ ᠪᠣᠢ︖ ᠦᠨᠡᠯᠡᠯᠲᠡ ᠬᠢᠭᠰᠡᠨ ᠦᠷ᠎ᠡ ᠳ᠋ᠦᠩ ᠢ ᠬᠡᠷᠬᠢᠨ ᠬᠡᠷᠡᠭᠯᠡᠬᠦ ᠪᠣᠢ︖      ᠵᠠᠩ ᠵᠠᠨ ᠵᠢᠶᠦ᠋ᠨ᠄      ︽ᠠᠷᠭ᠎ᠠ︾ ᠳᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠬᠥᠭᠵᠢᠯᠲᠡ ᠶᠢᠨ ᠬᠢᠷᠢ ᠲᠦᠪᠰᠢᠨ ᠢ ᠦᠨᠡᠯᠡᠵᠦ ᠰᠢᠯᠭᠠᠨ ᠬᠢᠨᠠᠬᠤ ᠭᠦᠢᠴᠡᠳᠬᠡᠯ ᠲᠣᠭᠠᠨ ᠤ ᠰᠢᠰᠲ᠋ᠧᠮᠴᠢ ᠶᠢ ᠲᠣᠬᠢᠷᠠᠭᠤᠯᠵᠤ᠂ ᠲᠥᠷᠥᠯ ᠬᠤᠪᠢᠶᠠᠨ ᠵᠢᠯᠣᠭᠤᠳᠬᠤ ᠪᠠ ᠬᠥᠳᠡᠯᠦᠩᠭᠦᠢ ᠪᠠᠷ ᠬᠠᠮᠢᠶᠠᠷᠬᠤ ᠶᠢ ᠴᠢᠩᠭᠠᠳᠬᠠᠵᠤ᠂ ᠲᠡᠷᠢᠭᠦᠨ ᠤ ᠬᠢ ᠲᠡᠮᠡᠴᠡᠨ ᠣᠷᠣᠨ ᠳᠠᠪᠰᠢᠬᠤ ᠶᠢ ᠵᠣᠷᠢᠭᠵᠢᠭᠤᠯᠪᠠ᠃ ᠠᠶᠢᠮᠠᠭ ᠬᠤᠲᠠ ᠶᠢᠨ ᠬᠢᠨ ᠵᠢᠯ ᠪᠦᠷᠢ ᠶᠢᠨ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠯᠭᠠᠨ ᠬᠢᠨᠠᠬᠤ ᠭᠦᠢᠴᠡᠳᠬᠡᠯ ᠲᠣᠭᠠᠨ ᠤ ᠰᠢᠰᠲ᠋ᠧᠮᠴᠢ ᠲᠠᠢ ᠬᠠᠷᠢᠴᠠᠭᠤᠯᠤᠨ ᠳᠡᠭᠡᠷ᠎ᠡ ᠨᠢᠭᠡ ᠵᠢᠯ ᠤᠨ ᠲᠤᠰ ᠭᠠᠵᠠᠷ ᠣᠷᠣᠨ ᠤ ᠪᠠᠨ ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠥᠪᠡᠰᠦᠪᠡᠨ ᠪᠠᠶᠢᠴᠠᠭᠠᠵᠤ ᠥᠪᠡᠰᠦᠪᠡᠨ ᠦᠨᠡᠯᠡᠭᠰᠡᠨ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠵᠦ᠂ ᠶᠡᠷᠦᠩᠬᠡᠢ ᠦᠨᠡᠯᠡᠨ ᠲᠣᠭᠲᠠᠭᠠᠯᠲᠠ ᠬᠢᠨᠠᠨ ᠬᠠᠷᠭᠤᠭᠤᠯᠤᠯᠲᠠ ᠬᠢᠭᠰᠡᠨ ᠤ ᠳᠠᠷᠠᠭ᠎ᠠ ᠨᠡᠶᠢᠭᠡᠮ ᠳᠤ ᠨᠡᠶᠢᠲᠡᠯᠡᠨ᠎ᠡ ᠭᠡᠵᠦ ᠱᠠᠭᠠᠷᠳᠠᠵᠠᠢ᠃ ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠣᠷᠣᠭᠰᠢᠬᠢ ᠬᠦᠷᠢᠶᠡᠯᠡᠩ ᠲᠣᠭᠤᠷᠢᠭ ᠢ ᠲᠡᠭᠦᠨ ᠤ ᠪᠠᠶᠢᠭ᠎ᠠ ᠠᠶᠢᠮᠠᠭ ᠬᠤᠰᠢᠭᠤ ᠠᠴᠠ ᠰᠢᠯᠭᠠᠨ ᠬᠢᠨᠠᠵᠤ ᠦᠨᠡᠯᠡᠨ ᠲᠣᠭᠲᠠᠭᠠᠨ᠎ᠠ᠃ ᠶᠡᠷᠦᠩᠬᠡᠶᠢᠯᠡᠭᠰᠡᠨ ᠦᠨᠡᠯᠡᠯᠲᠡ ᠨᠢ ᠡᠮᠦᠨᠡᠭᠦᠷ ᠵᠢᠭᠰᠠᠭᠠᠭᠳᠠᠭᠰᠠᠨ 20 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ᠂ ᠰᠠᠭᠤᠷᠢ ᠪᠡᠯᠡᠳᠬᠡᠮᠵᠢ ᠪᠦᠲᠦᠭᠡᠨ ᠪᠠᠶᠢᠭᠤᠯᠬᠤ᠂ ᠪᠡᠯᠡ ᠮᠥᠩᠭᠦ ︵ᠰᠠᠭᠤᠷᠢ ᠮᠥᠩᠭᠦ︶  ᠲᠣᠬᠢᠷᠠᠭᠤᠯᠬᠤ᠂ ᠳᠡᠰ ᠳᠡᠪᠰᠢᠭᠦᠯᠬᠦ᠂ ᠥᠷᠭᠡᠳᠬᠡᠯ ᠬᠢᠬᠦ ᠪᠤᠶᠤ ᠲᠣᠬᠢᠷᠠᠭᠤᠯᠤᠯᠲᠠ ᠬᠢᠬᠦ᠂ ᠭᠠᠵᠠᠷ ᠰᠢᠷᠣᠢ ᠬᠠᠩᠭᠠᠬᠤ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠭᠰᠡᠨ ᠥᠭᠡᠷᠡᠴᠢᠯᠡᠯᠲᠡ ᠬᠢᠬᠦ ᠵᠡᠷᠭᠡ ᠲᠠᠯ᠎ᠠ ᠪᠠᠷ ᠤᠷᠢᠳ ᠢᠶᠠᠷ ᠳᠡᠮᠵᠢᠯᠭᠡ ᠦᠵᠡᠭᠦᠯᠵᠦ᠂ ᠠᠰᠠᠭᠤᠳᠠᠯ ᠣᠷᠣᠰᠢᠵᠤ ᠪᠠᠶᠢᠬᠤ ᠮᠥᠷᠲᠡᠭᠡᠨ ᠬᠤᠭᠤᠴᠠᠭ᠎ᠠ ᠬᠢᠵᠠᠭᠠᠷᠯᠠᠵᠤ ᠪᠠᠶᠢᠭᠠᠳ ᠴᠡᠭᠴᠡᠯᠡᠨ ᠰᠠᠶᠢᠵᠢᠷᠠᠭᠤᠯᠤᠭᠠᠳ ᠪᠠᠷᠢᠮᠵᠢᠶ᠎ᠠ ᠳᠤ ᠥᠯᠥ ᠬᠥᠷᠥᠭᠰᠡᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ᠂ ᠳᠡᠰ ᠪᠠᠭᠤᠷᠠᠭᠤᠯᠬᠤ ᠪᠤᠶᠤ ᠬᠦᠴᠦᠨ ᠦᠭᠡᠢ ᠪᠣᠯᠭᠠᠨ᠎ᠠ᠃      ᠬᠥᠲᠥᠯᠥᠭᠴᠢ᠄      2018 ᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠢᠯ ᠳᠤ ᠶᠠᠮᠠᠷ ᠶᠠᠮᠠᠷ ᠪᠣᠳᠠᠲᠠᠢ ᠲᠣᠬᠢᠷᠠᠭᠤᠯᠤᠯᠲᠠ ᠪᠠᠶᠢᠬᠤ ᠶᠢ ᠵᠠᠩ ᠡᠷᠬᠢᠯᠡᠭᠴᠢ ᠶᠠᠷᠢᠭᠠᠳ ᠥᠭᠭᠦᠨ᠎ᠡ ᠦᠦ︖      ᠵᠠᠩ ᠵᠠᠨ ᠵᠢᠶᠦ᠋ᠨ᠄      2018 ᠣᠨ ᠳᠤ ᠪᠢᠳᠡ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠢᠯ ᠳᠤ ᠬᠤᠶᠠᠷ ᠲᠠᠯ᠎ᠠ ᠶᠢᠨ ᠭᠤᠣᠯᠳᠠᠯᠭ᠎ᠠ ᠲᠠᠢ ᠲᠣᠬᠢᠷᠠᠭᠤᠯᠤᠯᠲᠠ ᠬᠢᠨ᠎ᠡ᠂ ᠨᠢᠭᠡ ᠲᠠᠯ᠎ᠠ ᠪᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠱᠠᠭᠠᠷᠳᠠᠯᠭ᠎ᠠ ᠶᠢ ᠦᠨᠳᠦᠰᠦᠯᠡᠵᠦ᠂ ᠶᠠᠭ ᠰᠠᠶᠢᠬᠠᠨ ᠴᠠᠭ ᠢ ᠠᠮᠵᠢᠨ ᠬᠦᠷᠢᠶᠡᠯᠡᠩ ᠲᠣᠭᠤᠷᠢᠭ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ ᠲᠣᠭᠲᠠᠭᠠᠵᠤ᠂ ᠬᠠᠮᠢᠶ᠎ᠠ ᠪᠦᠬᠦᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ ᠪᠠᠶᠢᠨ᠎ᠠ︔ ᠨᠥᠭᠦᠭᠡ ᠲᠠᠯ᠎ᠠ ᠪᠠᠷ ︽ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ 2017 ᠣᠨ ᠤ ᠬᠦᠷᠢᠶᠡᠯᠡᠩ ᠲᠣᠭᠤᠷᠢᠭ ᠤᠨ ᠬᠥᠭᠵᠢᠯᠲᠡ ᠳᠤ ᠰᠢᠯᠭᠠᠨ ᠬᠢᠨᠠᠯᠲᠠ ᠪᠠ ᠦᠨᠡᠯᠡᠯᠲᠡ ᠬᠢᠨ᠎ᠡ᠃      ᠡᠭᠦᠨ ᠠᠴᠠ ᠭᠠᠳᠠᠨ᠎ᠠ᠂ ᠪᠢᠳᠡ ︽ᠠᠷᠭ᠎ᠠ︾ ᠶᠢ ᠤᠬᠠᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠷᠴᠢᠮ ᠢᠶᠠᠨ ᠤᠯᠠᠮ ᠴᠢᠨᠠᠭᠰᠢᠳᠠ ᠴᠢᠩᠭᠠᠷᠠᠭᠤᠯᠵᠤ᠂ ᠬᠦᠴᠦ ᠪᠠᠨ ᠲᠥᠪᠯᠡᠷᠡᠭᠦᠯᠦᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ᠃      ᠬᠥᠲᠥᠯᠥᠭᠴᠢ᠄      ᠵᠠᠩ ᠡᠷᠬᠢᠯᠡᠭᠴᠢ ᠶᠢᠨ ᠬᠦᠯᠢᠴᠡᠩᠭᠦᠢ ᠪᠠᠷ ᠲᠠᠶᠢᠯᠤᠮᠵᠢ ᠬᠢᠭᠰᠡᠨ ᠳᠤ ᠮᠠᠰᠢ ᠪᠠᠶᠠᠷᠯᠠᠯ᠎ᠠ᠂ ᠴᠠᠭ ᠤᠨ ᠬᠠᠷᠠᠭ᠎ᠠ ᠠᠴᠠ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ