ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ 7500 ᠰᠤᠷᠤᠭᠴᠢ ᠶᠢ ᠰᠤᠩᠭᠤᠨ ᠡᠯᠰᠡᠵᠦ ᠦᠨᠳᠦᠰᠦᠨ ᠱᠠᠲᠤᠨ ᠳᠤ ᠠᠵᠢᠯᠯᠠᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2018/6/1
     ᠥᠪᠥᠷ ᠮᠣᠩᠭᠤᠯ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ ᠰᠤᠩᠭᠤᠵᠤ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠳᠤ ᠤᠴᠢᠭᠤᠯᠤᠨ ᠰᠤᠷᠭᠠᠨ ᠬᠥᠮᠦᠵᠢᠯ ᠢ ᠳᠡᠮᠵᠢᠬᠦ᠂ ᠬᠥᠳᠡᠭᠡ ᠠᠵᠤ ᠠᠬᠤᠶ ᠶᠢ ᠳᠡᠮᠵᠢᠬᠦ ︵ᠮᠠᠯ ᠠᠵᠤ ᠠᠬᠤᠶ ᠶᠢ ᠳᠡᠮᠵᠢᠬᠦ︶᠂ ᠡᠮᠨᠡᠯᠭᠡ ᠶᠢ ᠳᠡᠮᠵᠢᠬᠦ ᠪᠠ ᠶᠠᠳᠠᠭᠤ ᠶᠢ ᠲᠡᠳᠬᠦᠬᠦ ︵ᠳᠣᠷᠣᠭᠰᠢ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠭᠡᠵᠦ ᠲᠣᠪᠴᠢᠯᠠᠨ᠎ᠠ︶ ᠠᠵᠢᠯ ᠳᠤ ᠤᠷᠤᠯᠴᠠᠭᠤᠯᠬᠤ ᠶᠢᠨ ᠬᠠᠮᠲᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠠᠴᠠ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠳᠤ ᠦᠶᠯᠡᠴᠢᠯᠡᠬᠦ ᠰᠠᠶᠢᠨ ᠳᠤᠷ᠎ᠠ ᠶᠢᠨ ᠠᠵᠢᠯᠲᠠᠨ ᠢ ᠰᠤᠩᠭᠤᠨ ᠡᠯᠰᠡᠬᠦ ᠪᠠᠷ ᠪᠠᠶᠢᠨ᠎ᠠ᠃ ᠬᠤᠶᠠᠷ ᠵᠦᠢᠯ ᠤᠨ ᠲᠥᠯᠥᠪᠯᠡᠭᠡ ᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠨᠡᠶᠢᠲᠡ 7500 ᠡᠯᠰᠡᠨ᠎ᠡ᠂ ᠡᠭᠦᠨ ᠳᠤ᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠎ ᠳᠤ 2500 ᠬᠥᠮᠦᠨ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠳᠤ ᠦᠶᠯᠡᠴᠢᠯᠡᠬᠦ ᠰᠠᠶᠢᠨ ᠳᠤᠷ᠎ᠠ ᠶᠢᠨ ᠠᠵᠢᠯᠲᠠᠨ 5000 ᠬᠥᠮᠦᠨ ᠡᠯᠰᠡᠨ᠎ᠡ᠃      ᠣᠶᠢᠯᠠᠭᠠᠭᠰᠠᠨ ᠢᠶᠠᠷ᠂ ᠡᠨᠡ ᠤᠳᠠᠭ᠎ᠠ ᠶᠢᠨ ︽ᠭᠤᠷᠪᠠ ᠶᠢ ᠲᠡᠮᠵᠢᠵᠦ ᠨᠢᠭᠡ ᠶᠢ ᠲᠡᠳᠬᠦᠬᠦ︾᠎ ᠶᠢᠨ ᠡᠯᠰᠡᠬᠦ ᠬᠦᠷᠢᠶ᠎ᠡ ᠬᠡᠪᠴᠢᠶ᠎ᠡ ᠳᠤ 2018 ᠣᠨ ᠳᠤ ᠥᠪᠡᠷᠲᠡᠭᠡᠨ ᠵᠠᠰᠠᠬᠤ ᠣᠷᠣᠨ ᠤ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ︔ 2018 ᠣᠨ ᠳᠤ ᠣᠷᠣᠨ ᠤ ᠭᠠᠳᠠᠨᠠᠬᠢ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠥᠪᠥᠷ ᠮᠣᠩᠭᠤᠯ ᠤᠨ ᠡᠷᠦᠬᠡ ᠠᠮᠠ ᠶᠢᠨ ᠬᠠᠷᠢᠶᠠᠯᠠᠯ ᠲᠠᠢ ᠲᠡᠭᠦᠰᠦᠭᠰᠡᠳ︔ 2015 ᠣᠨ᠂ 2016 ᠣᠨ᠂ 2017 ᠣᠨ ᠳᠤ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠡᠳ ᠬᠠᠷᠠᠬᠠᠨ ᠠᠵᠢᠯ ᠣᠯᠤᠭᠠᠳᠤᠶ ᠪᠠᠶᠢᠭ᠎ᠠ ᠥᠪᠥᠷ ᠮᠣᠩᠭᠤᠯ ᠤᠨ ᠡᠷᠦᠬᠡ ᠠᠮᠠ ᠶᠢᠨ ᠬᠠᠷᠢᠶᠠᠯᠠᠯ ᠲᠠᠢ ᠲᠡᠭᠦᠰᠦᠭᠰᠡᠳ ᠪᠠᠭᠲᠠᠨ᠎ᠠ᠃ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠬᠦᠮᠦᠰ ᠭᠤᠤᠯᠳᠠᠭᠤ ᠰᠤᠮᠤ ᠰᠢᠶᠠᠩ ᠪᠠᠯᠭᠠᠰᠤ ᠳᠤ ᠬᠦᠷᠴᠦ ᠰᠤᠷᠭᠠᠨ ᠬᠦᠮᠦᠵᠢᠯ ᠢ ᠳᠡᠮᠵᠢᠬᠦ᠂ ᠬᠥᠳᠡᠭᠡ ᠠᠵᠤ ᠠᠬᠤᠶ᠂ ᠤᠰᠤᠨ ᠠᠰᠢᠭᠯᠠᠯᠲᠠ ᠶᠢ ᠳᠡᠮᠵᠢᠬᠦ ︵ᠮᠠᠯ ᠠᠵᠤ ᠠᠬᠤᠶ ᠶᠢ ᠳᠡᠮᠵᠢᠬᠦ︶᠂ ᠡᠮᠨᠡᠯᠭᠡ ᠶᠢ ᠳᠡᠮᠵᠢᠬᠦ ᠪᠠ ᠶᠠᠳᠠᠭᠤ ᠶᠢ ᠲᠡᠳᠬᠦᠬᠦ ᠠᠵᠢᠯ ᠢ ᠬᠢᠨ᠎ᠡ᠃ ᠦᠢᠯᠡᠴᠢᠯᠡᠭᠡᠨ ᠤ ᠬᠤᠭᠤᠴᠠᠭᠠᠨ ᠳᠤ᠂ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠬᠥᠮᠦᠨ ᠪᠦᠬᠦᠨ ᠳᠤ ᠰᠠᠷ᠎ᠠ ᠪᠦᠷᠢ 2500 ᠲᠥᠭᠦᠷᠢᠭ ᠤᠨ ᠠᠮᠢᠳᠤᠷᠠᠯ ᠤᠨ ᠨᠥᠬᠦᠪᠥᠷᠢ ᠶᠢ ᠨᠢᠭᠡᠳᠦᠯᠲᠡᠶ ᠤᠯᠭᠤᠬᠤ ᠶᠢᠨ ᠬᠠᠮᠲᠤ ᠬᠥᠮᠦᠨ ᠪᠦᠷᠢ 2000 ᠲᠥᠭᠦᠷᠢᠭ ᠤᠨ ᠪᠠᠷᠢᠮᠵᠢᠶ᠎ᠠ ᠪᠠᠷ᠂ ᠰᠢᠨ᠎ᠡ ᠪᠠᠷ ᠡᠯᠰᠡᠭᠰᠡᠨ ᠪᠦᠭᠡᠳ ᠠᠵᠢᠯ ᠤᠨ ᠪᠠᠶᠢᠷᠢ ᠳᠠᠭᠠᠨ 6 ᠰᠠᠷ᠎ᠠ ᠠᠴᠠ ᠳᠡᠭᠡᠭᠰᠢ ᠦᠢᠯᠡᠴᠢᠯᠡᠭᠰᠡᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠬᠥᠮᠦᠰ ᠲᠤ ᠨᠢᠭᠡ ᠯᠡ ᠤᠳᠠᠭ᠎ᠠ ᠶᠢᠨ ᠴᠢᠨᠠᠷᠲᠠᠢ ᠭᠡᠷ ᠣᠷᠣᠨ ᠲᠥᠪᠬᠢᠨᠡᠭᠦᠯᠬᠦ ᠨᠥᠬᠦᠪᠥᠷᠢ ᠤᠯᠭᠤᠵᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠢ ᠨᠢ ᠬᠦᠢᠴᠡᠳᠭᠡᠵᠤ ᠦᠭᠭᠦᠨ᠎ᠡ᠃ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠳᠤ ᠦᠢᠯᠡᠴᠢᠯᠡᠬᠦ ᠰᠠᠶᠢᠨ ᠳᠤᠷ᠎ᠠ ᠶᠢᠨ ᠠᠵᠢᠯᠲᠠᠨ ᠡᠯᠰᠡᠬᠦ ᠬᠦᠷᠢᠶ᠎ᠡ ᠬᠡᠪᠴᠢᠶ᠎ᠡ ᠳᠤ 2018 ᠣᠨ ᠳᠤ ᠥᠪᠡᠷᠲᠡᠭᠡᠨ ᠵᠠᠰᠠᠬᠤ ᠣᠷᠣᠨ ᠤ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ︔ 2018 ᠣᠨ ᠳᠤ ᠣᠷᠣᠨ ᠤ ᠭᠠᠳᠠᠨᠠᠬᠢ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠥᠪᠥᠷ ᠮᠣᠩᠭᠤᠯ ᠤᠨ ᠡᠷᠦᠬᠡ ᠠᠮᠠ ᠶᠢᠨ ᠬᠠᠷᠢᠶᠠᠯᠠᠯ ᠲᠠᠢ ᠲᠡᠭᠦᠰᠦᠭᠰᠡᠳ︔ 2015 ᠣᠨ᠂ 2016 ᠣᠨ᠂ 2017 ᠣᠨ ᠳᠤ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠡᠳ ᠬᠠᠷᠠᠬᠠᠨ ᠠᠵᠢᠯ ᠣᠯᠤᠭᠠᠳᠤᠶ ᠪᠠᠶᠢᠭ᠎ᠠ ᠥᠪᠥᠷ ᠮᠣᠩᠭᠤᠯ ᠤᠨ ᠡᠷᠦᠬᠡ ᠠᠮᠠ ᠶᠢᠨ ᠬᠠᠷᠢᠶᠠᠯᠠᠯ ᠲᠠᠢ ᠶᠡᠭᠡ ᠳᠡᠭᠡᠲᠦ ᠰᠤᠷᠭᠠᠭᠤᠯᠢ ᠲᠡᠭᠦᠰᠦᠭᠰᠡᠳ ᠪᠠᠭᠲᠠᠨ᠎ᠠ᠃ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠳᠤ ᠦᠶᠯᠡᠴᠢᠯᠡᠬᠦ ᠰᠠᠶᠢᠨ ᠳᠤᠷ᠎ᠠ ᠶᠢᠨ ᠠᠵᠢᠯᠲᠠᠳ ᠭᠤᠤᠯᠳᠠᠭᠤ ᠦᠨᠳᠦᠰᠦᠨ ᠱᠠᠲᠤᠨ ᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠳᠤ ᠬᠦᠷᠴᠦ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠬᠠᠤᠯᠢ ᠴᠠᠭᠠᠵᠠ ᠶᠢᠨ ᠰᠠᠶᠢᠨ ᠳᠤᠷ᠎ᠠ ᠶᠢᠨ ᠦᠶᠯᠡᠴᠢᠯᠡᠭᠡ᠂ ᠨᠡᠶᠢᠭᠡᠮ ᠲᠣᠭᠤᠷᠢᠭ ᠤᠨ ᠵᠠᠰᠠᠮᠵᠢᠯᠠᠯ᠂ ᠨᠡᠶᠢᠭᠡᠮ ᠲᠣᠭᠤᠷᠢᠭ ᠤᠨ ᠬᠤᠤᠷᠲᠤ ᠡᠳ᠋ ᠴᠠᠭᠠᠵᠠᠯᠠᠬᠤ ᠵᠡᠷᠭᠡ ᠠᠷᠠᠳ ᠤᠨ ᠠᠮᠢᠳᠤᠷᠠᠯ ᠤᠨ ᠠᠵᠢᠯ ᠢ ᠬᠢᠨ᠎ᠡ᠃ ᠦᠢᠯᠡᠴᠢᠯᠡᠭᠡᠨ ᠤ ᠬᠤᠭᠤᠴᠠᠭᠠᠨ ᠳᠤ᠂ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠬᠥᠮᠦᠨ ᠪᠦᠬᠦᠨ ᠳᠤ ᠰᠠᠷ᠎ᠠ ᠪᠦᠷᠢ 2500 ᠲᠥᠭᠦᠷᠢᠭ ᠤᠨ ᠠᠮᠢᠳᠤᠷᠠᠯ ᠤᠨ ᠨᠥᠬᠦᠪᠥᠷᠢ ᠶᠢ ᠨᠢᠭᠡᠳᠦᠯᠲᠡᠶ ᠤᠯᠭᠤᠬᠤ ᠶᠢᠨ ᠬᠠᠮᠲᠤ ᠬᠥᠮᠦᠨ ᠪᠦᠷᠢ 2000 ᠲᠥᠭᠦᠷᠢᠭ ᠤᠨ ᠪᠠᠷᠢᠮᠵᠢᠶ᠎ᠠ ᠪᠠᠷ᠂ ᠰᠢᠨ᠎ᠡ ᠪᠠᠷ ᠡᠯᠰᠡᠭᠰᠡᠨ ᠪᠦᠭᠡᠳ ᠠᠵᠢᠯ ᠤᠨ ᠪᠠᠶᠢᠷᠢ ᠳᠠᠭᠠᠨ 6 ᠰᠠᠷ᠎ᠠ ᠠᠴᠠ ᠳᠡᠭᠡᠭᠰᠢ ᠦᠢᠯᠡᠴᠢᠯᠡᠭᠰᠡᠨ ᠨᠡᠶᠢᠭᠡᠮ ᠲᠤᠭᠤᠷᠢᠭ ᠤᠨ ᠠᠷᠠᠳ ᠤᠨ ᠠᠮᠢᠳᠤᠷᠠᠯ ᠳᠤ ᠦᠢᠯᠡᠴᠢᠯᠡᠬᠦ ᠰᠠᠶᠢᠨ ᠳᠤᠷ᠎ᠠ ᠶᠢᠨ ᠠᠵᠢᠯᠲᠠᠳ ᠲᠤ ᠨᠢᠭᠡ ᠯᠡ ᠤᠳᠠᠭ᠎ᠠ ᠶᠢᠨ ᠴᠢᠨᠠᠷᠲᠠᠢ ᠭᠡᠷ ᠣᠷᠣᠨ ᠲᠥᠪᠬᠢᠨᠡᠭᠦᠯᠬᠦ ᠨᠥᠬᠦᠪᠥᠷᠢ ᠤᠯᠭᠤᠵᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠢ ᠨᠢ ᠬᠦᠢᠴᠡᠳᠭᠡᠵᠤ ᠦᠭᠭᠦᠨ᠎ᠡ᠃      ᠳᠡᠭᠡᠷ᠎ᠡ ᠳᠤᠷᠠᠳᠤᠭᠰᠠᠨ ᠬᠤᠶᠠᠷ ᠵᠦᠢᠯ ᠤᠨ ᠲᠥᠯᠥᠪᠯᠡᠭᠡ ᠳᠤ ᠨᠡᠷ᠎ᠡ ᠮᠡᠳᠡᠭᠦᠯᠬᠦ ᠴᠠᠭ ᠨᠢ 6 ᠳ᠋ᠤᠭᠠᠷ ᠰᠠᠷ᠎ᠠ ᠶᠢᠨ 4᠎ ᠤ ᠡᠳᠦᠷ ᠠᠴᠠ 10᠎ ᠤ ᠡᠳᠦᠷ ᠪᠤᠯᠲᠠᠯ᠎ᠠ ᠶᠠᠪᠤᠭᠳᠠᠨ᠎ᠠ᠂ ᠲᠤᠰ ᠤᠨ ᠳᠤ ᠪᠠ ᠥᠩᠭᠡᠷᠡᠭᠰᠡᠨ ᠤᠨ ᠳᠤ ᠲᠡᠭᠦᠰᠦᠭᠰᠡᠳ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ www.impta.com︶᠎ ᠪᠠᠷ ᠳᠠᠮᠵᠢᠨ ᠰᠦᠯᠵᠢᠶᠡᠨ ᠳᠡᠭᠡᠷ᠎ᠡ ᠨᠡᠷ᠎ᠡ ᠪᠠᠨ ᠮᠡᠳᠡᠭᠦᠯᠦᠨ᠎ᠡ᠃ ᠵᠤᠬᠢᠴᠠᠩᠭᠤᠢ ᠨᠥᠬᠦᠴᠡᠯ ᠢ ᠪᠦᠷᠢᠯᠳᠦᠭᠦᠯᠦᠭᠰᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠳᠤ ᠦᠢᠯᠡᠴᠢᠯᠡᠬᠦ ᠰᠠᠶᠢᠨ ᠳᠤᠷ᠎ᠠ ᠶᠢᠨ ᠠᠵᠢᠯᠲᠠᠨ ᠤ ᠲᠥᠯᠥᠪᠯᠡᠭᠡ ᠠᠴᠠ ᠵᠦᠪᠬᠡᠨ ᠨᠢᠭᠡ ᠶᠢ ᠨᠢ ᠰᠤᠩᠭᠤᠵᠤ ᠪᠤᠯᠤᠨ᠎ᠠ᠂ ᠬᠠᠪᠰᠤᠷᠭᠠᠨ ᠮᠡᠳᠡᠭᠦᠯᠵᠦ ᠪᠣᠯᠬᠤ ᠦᠭᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号