ᠦᠪᠦᠷ ᠮᠣᠩᠭᠤᠯ ᠬᠡᠦᠬᠡᠳ ᠤᠨ ᠲᠥᠷᠥᠯᠬᠢ ᠵᠢᠷᠦᠬᠡᠨ ᠡᠪᠡᠳᠴᠢᠨ ᠢ ᠰᠦᠢᠳᠬᠡᠯ ᠬᠤᠷᠢᠶᠠᠬᠤ ᠦᠭᠡᠢ ᠪᠠᠷ ᠰᠢᠭᠰᠢᠨ ᠪᠠᠶᠢᠴᠠᠭᠠᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠡᠬᠢᠯᠡᠭᠦᠯᠪᠡ
ᠨᠡᠶᠢᠲᠡᠯᠡᠭᠰᠡᠨ ᠴᠠᠭ᠄
2018/6/1
     5 ᠳ᠋ᠤᠭᠠᠷ ᠰᠠᠷ᠎ᠠ ᠶᠢᠨ 30᠎ ᠤ ᠡᠳᠦᠷ ᠤᠨ ᠦᠳᠡ ᠶᠢᠨ ᠡᠮᠦᠨ᠎ᠡ᠂ ︽ᠳᠤᠮᠳᠠᠳᠤ ᠶᠢᠨ ᠵᠢᠷᠦᠬᠡ ᠪᠦᠲᠦᠭᠡᠬᠦ︾ ᠬᠡᠦᠬᠡᠳ ᠤᠨ ᠲᠥᠷᠥᠯᠬᠢ ᠵᠢᠷᠦᠬᠡᠨ ᠡᠪᠡᠳᠴᠢᠨ ᠢ ᠰᠦᠢᠳᠬᠡᠯ ᠬᠤᠷᠢᠶᠠᠬᠤ ᠦᠭᠡᠢ ᠪᠠᠷ ᠰᠢᠭᠰᠢᠨ ᠪᠠᠶᠢᠴᠠᠭᠠᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠪᠥᠷ ᠮᠣᠩᠭᠤᠯ ᠤᠨ ᠠᠵᠢᠯᠳᠠᠨ ᠠᠵᠢᠯᠴᠢᠨ ᠤ ᠠᠶᠢᠯ ᠳᠤ ᠡᠬᠢᠯᠡᠪᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠵᠢᠯ ᠪᠦᠷᠢ 1 — 2 ᠠᠶᠢᠮᠠᠭ ᠬᠤᠲᠠ ᠳᠤ ᠬᠡᠦᠬᠡᠳ ᠤᠨ ᠲᠥᠷᠥᠯᠬᠢ ᠵᠢᠷᠦᠬᠡᠨ ᠡᠪᠡᠳᠴᠢᠨ ᠢ ᠰᠢᠭᠰᠢᠨ ᠪᠠᠶᠢᠴᠠᠭᠠᠬᠤ ᠠᠵᠢᠯᠯᠠᠭ᠎ᠠ ᠬᠢᠳᠡᠭ᠂ ᠡᠨᠡ ᠵᠢᠯ ᠲᠤᠰ ᠰᠢᠭᠰᠢᠨ ᠪᠠᠶᠢᠴᠠᠭᠠᠬᠤ ᠠᠵᠢᠯᠯᠠᠭ᠎ᠠ ᠶᠢ ᠡᠩ ᠲᠡᠷᠢᠭᠦᠨ ᠳᠤ ᠬᠥᠬᠡᠬᠤᠲᠠ ᠳᠤ ᠬᠢᠬᠦ ᠪᠠᠷ ᠪᠣᠯᠪᠠ᠃ ᠬᠠᠮᠢᠶ᠎ᠠ ᠪᠦᠬᠦᠢ ᠮᠡᠳᠡᠭᠳᠡᠯ ᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ ᠡᠨᠡ ᠵᠢᠯ ᠤᠨ 6 ᠳ᠋ᠤᠭᠠᠷ ᠰᠠᠷ᠎ᠠ ᠠᠴᠠ 12 ᠳ᠋ᠤᠭᠠᠷ ᠰᠠᠷ᠎ᠠ ᠪᠣᠯᠲᠠᠯ᠎ᠠ ᠡᠯ᠎ᠡ ᠬᠤᠰᠢᠭᠤ ᠰᠢᠶᠠᠨ ᠲᠣᠭᠤᠷᠢᠭ ᠤᠨ 0 — 14 ᠪᠦᠬᠦᠯᠢ ᠨᠠᠰᠤᠨ ᠤ ᠬᠤᠭᠤᠷᠤᠨᠳᠤᠬᠢ ᠬᠡᠦᠬᠡᠳ ᠢ ᠰᠢᠭᠰᠢᠨ ᠪᠠᠶᠢᠴᠠᠭᠠᠬᠤ ᠪᠠᠷ ᠪᠣᠯᠵᠠᠢ᠃ ᠰᠢᠭᠰᠢᠨ ᠪᠠᠶᠢᠴᠠᠭᠠᠬᠤ ᠠᠵᠢᠯᠯᠠᠭ᠎ᠠ ᠶᠢ ᠥᠪᠥᠷ ᠮᠣᠩᠭᠤᠯ ᠤᠨ ᠦᠨᠳᠦᠰᠦᠲᠡᠨ ᠤ ᠡᠷᠡᠭᠦᠯ ᠬᠠᠮᠠᠭᠠᠯᠠᠯ ᠤᠨ ᠦᠢᠯᠡᠰ ᠢ ᠠᠬᠢᠭᠤᠯᠬᠤ ᠬᠤᠷᠠᠯ ᠤᠨ ᠲᠠᠷᠢᠬᠢ ᠵᠢᠷᠦᠬᠡ ᠪᠦᠷᠢᠨ ᠵᠠᠰᠠᠬᠤ ᠲᠤᠰᠬᠠᠶ ᠺᠣᠮᠢᠰ ᠠᠴᠠ ᠵᠣᠬᠢᠶᠠᠨ ᠪᠠᠶᠢᠭᠤᠯᠤᠨ ᠵᠢᠯᠣᠭᠤᠳᠬᠤ ᠪᠦᠭᠡᠳ ᠬᠡᠦᠬᠡᠳ ᠤᠨ ᠲᠥᠷᠥᠯᠬᠢ ᠵᠢᠷᠦᠬᠡᠨ ᠡᠪᠡᠳᠴᠢᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠪᠠᠶᠢᠭᠤᠯᠵᠤ᠂ ᠳᠣᠷᠣᠭᠰᠢ ᠡᠮᠴᠢᠯᠡᠭᠡᠨ ᠤ ᠠᠩᠭᠢ ᠲᠣᠮᠢᠯᠠᠨ᠂ ᠲᠤᠬᠠᠶ ᠶᠢᠨ ᠭᠠᠵᠠᠷ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠡᠮ ᠡᠮᠨᠡᠯᠭᠡ ᠶᠢᠨ ᠨᠢᠭᠡᠴᠡ᠂ ᠡᠬᠡ ᠨᠢᠯᠬᠠᠰ ᠤᠨ ᠡᠷᠡᠭᠦᠯᠵᠢᠯ ᠤᠨ ᠭᠠᠵᠠᠷ ᠪᠣᠯᠣᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠯᠦᠭᠡ ᠰᠢᠭᠰᠢᠨ ᠪᠠᠶᠢᠴᠠᠭᠠᠬᠤ ᠳᠤᠭᠤᠶᠢᠯᠠᠩ ᠪᠠᠶᠢᠭᠤᠯᠵᠤ ᠠᠵᠢᠯ ᠢᠶᠠᠨ ᠥᠷᠨᠢᠭᠦᠯᠣᠨ᠎ᠠ᠃ ᠪᠠᠶᠢᠴᠠᠭᠠᠯᠲᠠ ᠪᠠᠷ ᠳᠠᠮᠵᠢᠨ ᠲᠥᠷᠥᠯᠬᠢ ᠵᠢᠷᠦᠬᠡᠨ ᠡᠪᠡᠳᠴᠢᠨ ᠢᠶᠠᠷ ᠣᠨᠣᠰᠢᠯᠠᠭᠤᠯᠤᠭᠰᠠᠨ ᠬᠡᠤᠬᠡᠳ ᠤᠳ ᠤᠨ ᠮᠡᠰᠡ ᠵᠠᠰᠠᠯ ᠬᠢᠯᠭᠡᠵᠦ ᠵᠠᠰᠠᠭᠤᠯᠬᠤ ᠴᠢᠬᠤᠯᠠᠲᠠᠢ ᠶᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠎ ᠲᠤ ᠬᠤᠷᠢᠶᠠᠩᠭᠤᠶᠢᠯᠠᠨ ᠮᠡᠳᠡᠭᠦᠯᠵᠦ᠂ ︽ᠡᠷᠡᠭᠦᠯ ᠰᠡᠳᠭᠢᠯᠲᠦ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭᠠᠨ ᠤ ᠬᠡᠷᠡᠭᠵᠢᠭᠦᠯᠬᠦ ᠲᠥᠰᠦᠯ︾᠎ ᠳᠤ ᠣᠷᠤᠭᠤᠯᠤᠨ ᠡᠮᠴᠢᠯᠡᠭᠦᠯᠦᠨ᠎ᠡ᠃      ᠲᠥᠷᠥᠯᠬᠢ ᠴᠢᠨᠠᠷᠲᠠᠶ ᠵᠢᠷᠦᠬᠡᠨ ᠡᠪᠡᠳᠴᠢᠨ ᠪᠣᠯ ᠬᠡᠦᠬᠡᠳ ᠤᠨ ᠠᠮᠢ ᠨᠠᠰᠤᠨ ᠤ ᠡᠷᠡᠭᠦᠯ ᠮᠡᠨᠳᠤ ᠳᠤ ᠬᠦᠨᠳᠦ ᠨᠣᠴᠢᠲᠠᠶ ᠰᠦᠷᠳᠡᠭᠦᠯᠦᠯ ᠪᠣᠯᠵᠤ ᠪᠠᠶᠢᠭ᠎ᠠ ᠨᠢᠭᠡ ᠵᠦᠢᠯ ᠤᠨ ᠡᠪᠡᠳᠴᠢᠨ ᠪᠣᠯᠣᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠦᠷᠢᠳᠬᠡᠯ ᠢ ᠦᠨᠳᠦᠰᠦᠯᠡᠪᠡᠯ᠂ ᠡᠪᠡᠳᠴᠢᠨ ᠡᠭᠦᠰᠬᠦ ᠨᠣᠷᠮ᠎ᠠ ᠨᠢ 0.6% — 0.7% ᠬᠦᠷᠳᠡᠭ᠃ ᠮᠠᠨ ᠤ ᠤᠯᠤᠰ ᠤᠨ ᠣᠳᠣᠬᠠᠨ ᠤ ᠡᠮᠴᠢᠯᠡᠭᠡᠨ ᠤ ᠬᠢᠷᠢ ᠲᠥᠪᠰᠢᠨ ᠪᠣᠯᠣᠨ ᠨᠥᠬᠦᠴᠡᠯ ᠢᠶᠠᠷ ᠠᠪᠴᠤ ᠬᠡᠯᠡᠪᠡᠯ᠂ ᠡᠭᠦᠨ ᠤ ᠳᠣᠲᠣᠷᠠᠬᠢ 90%᠎ ᠠᠴᠠ ᠳᠡᠭᠡᠭᠰᠢᠬᠢ ᠡᠪᠡᠳᠴᠢᠲᠡᠨ ᠢ ᠮᠡᠰᠡ ᠵᠠᠰᠠᠯ ᠤᠨ ᠡᠮᠴᠢᠯᠡᠭᠡᠨ ᠢᠶᠠᠷ ᠳᠠᠮᠵᠢᠭᠤᠯᠤᠨ ᠪᠦᠷᠢᠮᠦᠰᠦᠨ ᠡᠷᠡᠭᠦᠯᠵᠢᠭᠦᠯᠵᠦ ᠪᠣᠯᠬᠤ ᠶᠤᠮ᠃ ᠭᠡᠪᠡᠴᠦ ᠣᠨᠣᠰᠢᠯᠠᠨ ᠵᠠᠰᠠᠬᠤ ᠨᠢ ᠬᠤᠴᠤᠷᠤᠭᠰᠠᠨ ᠠᠴᠠ ᠪᠣᠯᠵᠤ ᠡᠮᠴᠢᠯᠡᠭᠡᠨ ᠤ ᠬᠠᠮᠤᠭ ᠤᠨ ᠰᠠᠶᠢᠨ ᠴᠠᠭ ᠲᠣᠬᠢᠶᠠᠯ ᠢ ᠠᠯᠳᠠᠭᠠᠳ᠂ ᠡᠭᠦᠨ ᠤ ᠤᠯᠠᠮ ᠢᠶᠠᠷ ᠡᠪᠡᠳᠴᠢᠲᠡᠨ ᠳᠤ ᠠᠮᠢ ᠨᠠᠰᠤ ᠪᠠᠨ ᠠᠯᠳᠠᠬᠤ ᠰᠦᠷᠳᠡᠭᠦᠯᠦᠯ ᠢ ᠴᠠᠭ ᠢᠮᠠᠭᠲᠠ ᠲᠤᠯᠭᠠᠷᠠᠭᠤᠯᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号