| | 6 ᠳ᠋ᠤᠭᠠᠷ ᠰᠠᠷ᠎ᠠ ᠶᠢᠨ 9 ᠤ ᠡᠳᠤᠷ᠂ 2018 ᠤᠨ ᠤ ︽ᠰᠤᠶᠤᠯ ᠪᠠ ᠪᠠᠶᠢᠭᠠᠯᠢ ᠶᠢᠨ ᠦᠪ ᠢ | ᠬᠠᠮᠠᠭᠠᠯᠠᠬᠤ ᠡᠳᠤᠷ︾ ᠤᠨ ᠦᠪᠦᠷ ᠮᠤᠩᠭᠤᠯ ᠳᠠᠬᠢ ᠭᠤᠤᠯ ᠳᠠᠯᠠᠪᠠᠢ ᠶᠢᠨ ᠠᠵᠢᠯᠯᠠᠭ᠎ᠠ ᠵᠢᠴᠢ ᠬᠤᠶᠠᠳᠤᠭᠠᠷ | ᠬᠤᠭᠤᠴᠠᠭᠠᠨ ᠤ ᠬᠦᠬᠡᠬᠤᠳᠠ ᠶᠢᠨ ᠪᠤᠳᠠᠰ ᠤᠨ ᠪᠤᠰᠤ ᠰᠤᠶᠤᠯ ᠤᠨ ᠦᠪ ᠤᠨ ᠰᠤᠳᠤᠨ ᠪᠦᠳᠦᠭᠡᠯ ᠤᠨ | ᠦᠵᠡᠭᠦᠯᠦᠯᠭᠡ ᠪᠤᠷᠤᠯᠠᠭᠤᠯᠭ᠎ᠠ ᠶᠢᠨ ᠴᠤᠭᠯᠠᠭᠠᠨ ᠬᠦᠬᠡᠬᠤᠳᠠ ᠳᠤ ᠡᠬᠢᠯᠡᠪᠡ᠃ | ᠳᠤᠮᠳᠠᠳᠤ ᠤᠯᠤᠰ ᠤᠨ ᠤᠷᠠᠯᠢᠭ ᠰᠤᠳᠤᠯᠬᠤ ᠬᠦᠷᠢᠶᠡᠯᠡᠩ ︵ᠳᠤᠮᠳᠠᠳᠤ ᠤᠯᠤᠰ ᠤᠨ ᠪᠤᠳᠠᠰ ᠤᠨ ᠪᠤᠰᠤ | ᠰᠤᠶᠤᠯ ᠤᠨ ᠦᠪ ᠢ ᠬᠠᠮᠠᠭᠠᠯᠠᠬᠤ ᠲᠦᠪ︶ ᠤᠨ ᠳᠠᠷᠤᠭ᠎ᠠ ᠯᠢᠶᠠᠨ ᠵᠢᠢ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠥᠪᠡᠷᠲᠡᠬᠡᠨ ᠵᠠᠰᠠᠬᠤ ᠤᠷᠤᠨ ᠤ ᠤᠬᠠᠭᠤᠯᠬᠤ ᠬᠡᠯᠳᠡᠰ ᠤᠨ ᠳᠠᠷᠤᠭ᠎ᠠ ᠪᠠᠢ | ᠢᠦᠢ ᠭᠠᠩ᠂ ᠦᠪᠡᠷᠳᠡᠭᠡᠨ ᠵᠠᠰᠠᠬᠤ ᠤᠷᠤᠨ ᠤ ᠳᠡᠳ᠋ ᠳᠡᠷᠢᠭᠦᠯᠡᠭᠴᠢ ᠠᠢ ᠯᠢ ᠬᠤᠸᠠ ᠡᠬᠢᠯᠡᠯᠳᠡ ᠶᠢᠨ ᠶᠤᠰᠤᠯᠠᠯ | ᠳᠤ ᠤᠷᠤᠯᠴᠠᠪᠠ᠃ | ᠲᠤᠰ ᠠᠵᠢᠯᠯᠠᠭ᠎ᠠ ᠶᠢ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ᠂ ᠦᠪᠡᠷᠳᠡᠭᠡᠨ ᠵᠠᠰᠠᠬᠤ | ᠤᠷᠤᠨ ᠤ ᠳᠡᠦᠭᠡ ᠶᠢᠨ ᠲᠤᠷᠠᠰᠬᠠᠯᠳᠤ ᠵᠦᠢᠯᠡᠰ ᠤᠨ ᠲᠤᠪᠴᠢᠶ᠎ᠠ᠂ ᠬᠦᠬᠡᠬᠤᠳᠠ ᠶᠢᠨ ᠠᠷᠠᠳ ᠤᠨ ᠵᠠᠰᠠᠭ ᠤᠨ | ᠤᠷᠳᠤᠨ ᠠᠴᠠ ᠭᠤᠤᠯᠯᠠᠨ ᠡᠷᠬᠢᠯᠡᠵᠤ᠂ ᠪᠤᠳᠠᠰ ᠤᠨ ᠪᠤᠰᠤ ᠰᠤᠶᠤᠯ ᠤᠨ ᠦᠪ ᠢ ᠳᠡᠯᠭᠡᠨ ᠦᠵᠡᠭᠦᠯᠬᠦ᠂ ᠲᠤᠭᠯᠠᠨ | ᠦᠵᠡᠭᠦᠯᠬᠦ ᠪᠠ ᠪᠤᠷᠤᠯᠠᠭᠤᠯᠬᠤ᠂ ᠳᠡᠦᠭᠡ ᠶᠢᠨ ᠲᠤᠷᠠᠰᠬᠠᠯᠳᠤ ᠵᠦᠢᠯᠡᠰ ᠢ ᠬᠠᠮᠠᠭᠠᠯᠠᠬᠤ ᠵᠡᠷᠭᠡ ᠤᠯᠠᠨ ᠲᠦᠷᠦᠯ ᠤᠨ | ᠠᠵᠢᠯᠯᠠᠭ᠎ᠠ ᠵᠡᠷᠭᠡᠪᠡᠷ ᠶᠠᠪᠤᠭᠳᠠᠵᠤ᠂ ᠦᠪᠡᠷᠳᠡᠭᠡᠨ ᠵᠠᠰᠠᠬᠤ ᠤᠷᠤᠨ ᠤ ᠳᠡᠦᠭᠡ ᠶᠢᠨ ᠲᠤᠷᠠᠰᠬᠠᠯᠳᠤ ᠵᠦᠢᠯᠡᠰ ᠪᠠ | ᠪᠤᠳᠠᠰ ᠤᠨ ᠪᠤᠰᠤ ᠰᠤᠶᠤᠯ ᠤᠨ ᠦᠪ ᠢ ᠤᠯᠠᠮᠵᠢᠯᠠᠨ ᠬᠠᠮᠠᠭᠠᠯᠠᠵᠤ ᠪᠠᠶᠢᠭ᠎ᠠ ᠦᠷ᠎ᠡ ᠪᠦᠳᠦᠮᠵᠢ ᠶᠢ ᠤᠯᠠᠨ | ᠬᠠᠷᠠᠭᠠᠰᠤ ᠠᠴᠠ ᠳᠡᠯᠭᠡᠨ ᠦᠵᠡᠭᠦᠯᠵᠤ᠂ ᠮᠠᠨ ᠤ ᠤᠷᠤᠨ ᠤ ᠪᠦᠬᠦ ᠨᠡᠶᠢᠭᠡᠮ ᠢᠶᠠᠷ ᠢᠶᠠᠨ ᠳᠡᠦᠭᠡ ᠶᠢᠨ ᠲᠤᠷᠠᠰᠬᠠᠯᠳᠤ | ᠵᠦᠢᠯᠡᠰ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠂ ᠰᠤᠶᠤᠯ ᠤᠨ ᠦᠪ ᠢ ᠤᠯᠠᠮᠵᠢᠯᠠᠨ ᠬᠠᠮᠠᠭᠠᠯᠠᠵᠤ᠂ | ᠬᠦᠭᠵᠢᠭᠦᠯᠦᠨ ᠠᠰᠢᠭᠯᠠᠬᠤ ᠤᠷᠴᠢᠨ ᠢ ᠪᠦᠷᠢᠯᠳᠦᠭᠦᠯᠬᠦ ᠶᠢ ᠵᠤᠷᠢᠭᠰᠠᠨ ᠪᠠᠶᠢᠨ᠎ᠠ᠃ | ᠡᠬᠢᠯᠡᠯᠳᠡ ᠶᠢᠨ ᠶᠤᠰᠤᠯᠠᠯ ᠳᠡᠭᠡᠷ᠎ᠡ᠂ ᠬᠠᠮᠢᠶ᠎ᠠ ᠪᠦᠬᠦᠢ ᠤᠳᠤᠷᠢᠳᠤᠯᠭ᠎ᠠ ᠨᠠᠷ ᠵᠢᠷᠭᠤᠳᠤᠭᠠᠷ ᠬᠤᠭᠤᠴᠠᠭᠠᠨ ᠤ | ᠬᠦᠬᠡᠬᠤᠳᠠ ᠶᠢᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠬᠢᠬᠡᠳ 2017 ᠤᠨ ᠤ | ᠬᠦᠬᠡᠬᠤᠳᠠ ᠶᠢᠨ ︽ᠤᠷᠳᠤ ᠴᠠᠭᠠᠨ ᠬᠡᠷᠡᠮ᠂ ᠬᠠᠭᠤᠴᠢᠨ ᠬᠤᠳᠠ ᠵᠡᠷᠭᠡ ᠳᠡᠦᠭᠡ ᠶᠢᠨ ᠲᠤᠷᠠᠰᠬᠠᠯᠳᠤ ᠵᠦᠢᠯᠡᠰ ᠤᠨ | ᠪᠠᠭᠤᠷᠢ ᠶᠢᠨ ᠰᠢᠯᠢᠳᠡᠭ ᠰᠠᠬᠢᠭᠴᠢ︾ ᠳᠤ ᠱᠠᠩᠨᠠᠯ ᠭᠠᠷᠳᠠᠭᠤᠯᠵᠤ᠂ ︽ᠮᠤᠨᠢ ᠠᠭᠤᠯᠠ ᠪᠤᠳᠠᠰ ᠤᠨ ᠪᠤᠰᠤ ᠰᠤᠶᠤᠯ | ᠤᠨ ᠦᠪ ᠤᠨ ᠪᠠᠯᠭᠠᠰᠤ︾ ᠶᠢᠨ ᠫᠠᠶᠢᠰᠠ ᠰᠡᠭᠦᠬᠦ ᠶᠤᠰᠤᠯᠠᠯ ᠶᠠᠪᠤᠭᠳᠠᠪᠠ᠃ | ᠲᠤᠰ ᠠᠵᠢᠯᠯᠠᠭ᠎ᠠ ᠶᠢᠨ ᠭᠤᠤᠯ ᠲᠠᠯᠠᠪᠠᠢ ᠳᠤ ︽ᠭᠠᠶᠢᠬᠠᠮᠰᠢᠭᠲᠤ︾ ᠮᠤᠩᠭᠤᠯ ᠬᠡᠷ᠂ ᠬᠦᠬᠡᠬᠤᠳᠠ ᠶᠢᠨ | ᠴᠠᠭᠠᠰᠤᠨ ᠬᠠᠶᠢᠴᠢᠯᠠᠮᠠᠯ ᠤᠨ ᠦᠵᠡᠭᠦᠯᠦᠯᠭᠡ᠂ ᠪᠤᠳᠠᠰ ᠤᠨ ᠪᠤᠰᠤ ᠰᠤᠶᠤᠯ ᠤᠨ ᠦᠪ ᠤᠨ ᠦᠵᠡᠭᠦᠯᠦᠯᠭᠡ᠂ ᠪᠤᠳᠠᠰ | ᠤᠨ ᠪᠤᠰᠤ ᠰᠤᠶᠤᠯ ᠤᠨ ᠦᠪ ᠢ ᠤᠯᠠᠮᠵᠢᠯᠠᠨ ᠰᠤᠷᠤᠯᠴᠠᠬᠤ ᠪᠡᠶᠡᠴᠢ ᠤᠷᠤᠯᠴᠠᠭ᠎ᠠ᠂ ᠪᠦᠳᠦᠭᠡᠯᠴᠢ ᠰᠤᠶᠤᠯ ᠤᠨ | ᠦᠢᠯᠡᠳᠭᠦᠨ ᠤ ᠦᠵᠡᠭᠦᠯᠦᠯᠭᠡ ᠵᠡᠷᠭᠡ 8 ᠠᠵᠢᠯᠯᠠᠭ᠎ᠠ ᠶᠠᠪᠤᠭᠳᠠᠭᠰᠠᠨ ᠪᠠᠶᠢᠨ᠎ᠠ᠃ |