ᠯᠢ ᠵᠢᠢ ᠾᠧᠩ ᠬᠤᠷᠢᠨᠬᠡᠷ ᠰᠢᠶᠠᠨ ᠤ ᠨᠢᠬᠡᠨ ᠮᠤᠳᠤᠨ ᠡᠳ᠋ᠯᠡᠯ ᠪᠤᠯᠪᠠᠰᠤᠷᠠᠭᠤᠯᠬᠤ ᠦᠢᠯᠡᠳᠪᠦᠷᠢ ᠶᠢᠨ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠬᠰᠠᠨ ᠠᠰᠠᠭᠤᠳᠠᠯ ᠳᠤ ᠴᠤᠬᠤᠯᠠᠪᠤᠷᠢ ᠦᠭᠴᠡᠢ
ᠨᠡᠶᠢᠲᠡᠯᠡᠭᠰᠡᠨ ᠴᠠᠭ᠄
2018/6/11
     6 ᠳ᠋ᠤᠭᠠᠷ ᠰᠠᠷ᠎ᠠ ᠶᠢᠨ 9᠎ ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠢᠨᠬᠡᠷ ᠰᠢᠶᠠᠨ ᠤ ᠰᠢ ᠭᠸᠤ ᠮᠧᠨ ᠨᠡᠬᠦᠳᠡᠯ ᠠᠷᠠᠳ ᠤᠨ ᠰᠢᠨ᠎ᠡ ᠳᠤᠰᠬᠤᠨ ᠳᠠᠬᠢ ᠮᠤᠳᠤᠨ ᠡᠳ᠋ᠯᠡᠯ ᠪᠤᠯᠪᠠᠰᠤᠷᠠᠭᠤᠯᠬᠤ ᠦᠢᠯᠡᠳᠪᠦᠷᠢ ᠶᠢᠨ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠬᠰᠠᠨ ᠠᠰᠠᠭᠤᠳᠠᠯ  ᠤᠨ ᠲᠤᠬᠠᠢ ᠬᠦᠬᠡᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠤ ᠴᠤᠬᠤᠯᠠᠪᠤᠷᠢ ᠦᠭᠴᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠬᠦᠷᠬᠡ ᠶᠢ ᠦᠨᠡᠨ ᠪᠤᠳᠠᠳᠠᠢ ᠪᠠᠷ ᠰᠠᠶᠢᠳᠤᠷ ᠪᠡᠶᠡᠯᠡᠬᠦᠯᠵᠥ᠂ ᠪᠤᠬᠢᠷᠳᠤᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠳᠤᠷ ᠬᠢᠵᠥ ᠢᠯᠡᠯᠳᠠ ᠤᠯᠬᠤ ᠬᠡᠷᠡᠭᠳᠡᠢ ᠭᠡᠵᠦ ᠱᠠᠭᠠᠷᠳᠠᠵᠠᠢ᠃      ᠴᠤᠬᠤᠯᠠᠪᠤᠷᠢ ᠳᠤ ᠵᠢᠭᠠᠭᠰᠠᠨ ᠨᠢ᠂ ᠠᠮᠢ ᠠᠬᠤᠢ ᠤᠷᠴᠢᠨ ᠳᠤᠭᠤᠷᠢᠨ ᠤ ᠶᠠᠮᠤᠨ ᠤ ︽ᠵᠢᠷᠬᠢᠶ᠎ᠠ ᠪᠢᠴᠢᠯ ᠪᠦᠷᠬᠡ︾᠎ ᠶᠢᠨ ᠳᠠᠪᠴᠠᠩ ᠳᠤ ᠳᠤᠰᠬᠠᠬᠰᠠᠨ ᠬᠤᠷᠢᠨᠬᠡᠷ ᠰᠢᠶᠠᠨ ᠤ ᠰᠢ ᠭᠸᠤ ᠮᠧᠨ ᠨᠡᠬᠦᠳᠡᠯ ᠠᠷᠠᠳ ᠤᠨ ᠰᠢᠨ᠎ᠠ ᠳᠤᠰᠬᠤᠨ ᠳᠠᠬᠢ ᠮᠤᠳᠤᠨ ᠡᠳ᠋ᠯᠡᠯ ᠪᠤᠯᠪᠠᠰᠤᠷᠠᠭᠤᠯᠬᠤ ᠦᠢᠯᠡᠳᠪᠦᠷᠢ ᠶᠢᠨ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠬᠰᠠᠨ ᠠᠰᠠᠭᠤᠳᠠᠯ ᠪᠤᠯ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠬᠰᠠᠨ᠂ ᠦᠩᠬᠡᠨ ᠳᠡᠳᠤᠢ ᠴᠡᠭᠴᠡᠯᠡᠨ ᠰᠠᠶᠢᠵᠢᠷᠠᠭᠤᠯᠤᠬᠰᠠᠨ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠤᠬᠰᠠᠨ ᠤ ᠨᠡᠶᠢᠳᠡᠯᠢᠭ ᠬᠡᠷᠡᠭ ᠪᠤᠯᠤᠨ᠎ᠡ᠂ ᠰᠢᠨᠵᠢ ᠴᠢᠨᠠᠷ ᠨᠢ ᠳᠦᠢᠯ ᠤᠨ ᠮᠠᠭᠤ ᠪᠠᠶᠢᠵᠥ᠂ ᠡᠷᠬᠡᠪᠰᠢ ᠬᠠᠤᠯᠢ ᠳᠤᠬᠳᠠᠭᠠᠯ ᠶᠤᠰᠤᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ ᠴᠢᠩᠭ᠎ᠠ ᠬᠠᠷᠢᠭᠤᠴᠠᠯᠭ᠎ᠠ ᠲᠣᠯᠭᠠᠬᠤ ᠬᠡᠷᠡᠭᠲᠡᠢ᠂ ᠤᠬᠳᠤᠬᠠᠨ ᠴᠦ ᠠᠭᠤᠴᠢᠯᠠᠨ ᠦᠷᠦᠰᠢᠶᠡᠵᠥ ᠪᠤᠯᠬᠤ ᠦᠬᠡᠢ ᠬᠡᠵᠠᠢ᠃      ᠴᠤᠬᠤᠯᠠᠪᠤᠷᠢ ᠳᠤ ᠱᠠᠭᠠᠷᠳᠠᠭᠰᠠᠨ ᠨᠢ᠂ ᠡᠨᠡᠬᠦ ᠨᠠᠵᠠᠭᠠᠢ ᠳᠠᠯ᠎ᠠ ᠶᠢᠨ ᠨᠡᠶᠢᠳᠡᠯᠢᠭ ᠬᠡᠷᠡᠭ ᠢ ᠪᠦᠬᠦ ᠤᠷᠤᠨ ᠳᠤ ᠵᠠᠷᠯᠠᠵᠥ᠂ ᠡᠯ᠎ᠡ ᠳᠠᠯ᠎ᠠ ᠶᠢᠨ ᠬᠢᠨ ᠤ ᠬᠦᠢᠴᠡᠳ ᠴᠢᠬᠤᠯᠠᠴᠢᠯᠠᠭ᠎ᠠ ᠶᠢ ᠤᠯᠬᠤ ᠬᠡᠷᠡᠭᠳᠡᠢ᠃ ᠡᠨᠡᠬᠦ ᠨᠡᠶᠢᠳᠡᠯᠢᠭ ᠬᠡᠷᠡᠭ ᠨᠢ ᠤᠨᠴᠠᠭᠠᠢ ᠬᠡᠷᠡᠭ ᠯᠠᠪ ᠪᠢᠰᠢ︕ ᠡᠯ᠎ᠡ ᠱᠠᠳᠤ ᠡᠯ᠎ᠡ ᠰᠠᠯᠠᠭ᠎ᠠ ᠮᠦᠴᠢᠷ ᠤᠳ ᠡᠷᠬᠡᠪᠰᠢ ᠳᠡᠮᠤᠷ ᠢ ᠳᠠᠪᠳᠠᠬᠤ ᠡᠷᠡᠰ ᠵᠤᠷᠢᠭ ᠪᠤᠯᠤᠨ ᠳᠡᠮᠤᠷ ᠮᠡᠳᠤ ᠬᠠᠳᠠᠭᠤ ᠴᠢᠩᠭ᠎ᠠ ᠠᠷᠭ᠎ᠠ ᠬᠡᠮᠵᠢᠶ᠎ᠡ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠪᠤᠳᠠᠳᠠᠢ ᠡᠷᠡᠰ ᠬᠦᠴᠦᠨ ᠲᠠᠢ ᠪᠠᠷ ᠰᠠᠶᠢᠳᠤᠷ ᠠᠳᠬᠤᠵᠥ᠂ ᠤᠷᠴᠢᠨ ᠳᠤᠭᠤᠷᠢᠨ ᠤ ᠬᠠᠮᠠᠭᠠᠯᠠᠯᠳᠠ ᠶᠢᠨ ᠬᠦᠷᠢᠶᠡᠨ ᠳᠤ ᠤᠷᠤᠰᠢᠵᠥ ᠪᠠᠶᠢᠭ᠎ᠠ ᠬᠡᠯᠪᠡᠷᠢᠴᠢ ᠦᠵᠡᠯ᠂ ᠨᠤᠶᠠᠨᠴᠢ ᠰᠤᠷᠳᠠᠯ ᠤᠨ ᠠᠰᠠᠭᠤᠳᠠᠯ ᠢ ᠴᠢᠩᠭ᠎ᠠ ᠴᠡᠭᠴᠡᠯᠡᠨ ᠵᠠᠰᠠᠵᠥ᠂ ᠬᠠᠷᠢᠭᠤᠴᠠᠯᠭ᠎ᠠ ᠲᠤᠯᠭᠠᠬᠤ ᠡᠷᠴᠢᠮ ᠢᠶᠠᠨ ᠴᠢᠩᠭᠠᠷᠠᠭᠤᠯᠤᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠠᠰᠠᠭᠤᠳᠠᠯ ᠢ ᠰᠢᠢᠳᠪᠤᠷᠢᠯᠡᠬᠦ ᠶᠢ ᠬᠡᠳᠡᠷᠬᠦ ᠰᠢᠬᠠᠮᠳᠠᠭᠤᠯᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠬᠦᠷᠬᠡ ᠶᠢ ᠦᠨᠡᠨ ᠪᠤᠳᠠᠳᠠᠢ ᠪᠠᠷ ᠰᠠᠶᠢᠳᠤᠷ ᠪᠡᠶᠡᠯᠡᠬᠦᠯᠵᠥ᠂ ᠪᠤᠬᠢᠷᠳᠤᠯ ᠢ ᠰᠠᠷᠬᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠳᠤᠷ ᠬᠢᠵᠥ ᠢᠯᠠᠯᠳᠠ ᠤᠯᠬᠤ ᠬᠡᠷᠡᠭᠳᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号