ᠶᠠᠩ ᠸᠧᠢ ᠳ᠋ᠦᠩ ᠠᠯᠠᠱᠠ ᠠᠶᠢᠮᠠᠭ ᠲᠤ ᠭᠦᠨᠵᠡᠭᠡᠶᠢᠷᠡᠨ ᠠᠵᠢᠯ ᠢ ᠵᠢᠭᠠᠨ ᠵᠢᠯᠤᠭᠤᠳᠤᠭᠰᠠᠨ ᠪᠠ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2018/6/14
     6 ᠳ᠋ᠤᠭᠠᠷ ᠰᠠᠷ᠎ᠠ ᠶᠢᠨ 12᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠶᠠᠩ ᠸᠧᠢ ᠳ᠋ᠦᠩ ᠠᠯᠠᠱᠠ ᠠᠶᠢᠮᠠᠭ ᠲᠤ ᠭᠦᠨᠵᠡᠭᠡᠶᠢᠷᠡᠨ ᠦᠨᠳᠦᠰᠦᠨ ᠱᠠᠲᠤᠨ ᠤ ᠳᠣᠲᠣᠭᠠᠳᠤ ᠶᠢ ᠬᠠᠮᠠᠭᠠᠯᠠᠬᠤ ᠠᠵᠢᠯ ᠵᠢᠴᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃      ᠶᠠᠩ ᠸᠧᠢ ᠳ᠋ᠦᠩ ᠳᠡᠳ᠋ ᠲᠡᠷᠢᠭᠦᠯᠡᠭᠴᠢ ︽ᠶᠡᠬᠡᠪᠡᠷ ᠰᠤᠷᠤᠯᠴᠠᠵᠤ᠂ ᠶᠡᠬᠡᠪᠡᠷ ᠳᠡᠭᠡᠭᠰᠢᠯᠡᠭᠦᠯᠬᠦ︾ ᠪᠠ ︽ᠶᠡᠭᠡ ᠪᠠᠶᠢᠴᠠᠭᠠᠨ ᠰᠤᠳᠤᠯᠤᠯᠲᠠ᠂ ᠶᠡᠭᠡ ᠪᠠᠶᠢᠴᠠᠭᠠᠯᠲᠠ ᠬᠢᠬᠦ︾᠎ ᠶᠢᠨ ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠠᠯᠠᠱᠠ ᠠᠶᠢᠮᠠᠭ ᠤᠨ ︽ᠶᠡᠬᠡᠪᠡᠷ ᠰᠤᠷᠤᠯᠴᠠᠵᠤ᠂ ᠶᠡᠬᠡᠪᠡᠷ ᠳᠡᠭᠡᠭᠰᠢᠯᠡᠭᠦᠯᠬᠦ︾ ᠠᠵᠢᠯᠯᠠᠭ᠎ᠠ ᠶᠢ ᠦᠷᠨᠢᠭᠦᠯᠬᠦ ᠪᠠᠷ ᠳᠠᠮᠵᠢᠭᠤᠯᠤᠨ ᠠᠵᠢᠯ ᠤᠨ ᠣᠪᠣᠷ ᠰᠤᠷᠲᠠᠯ ᠢᠶᠠᠨ ᠰᠠᠶᠢᠵᠢᠷᠠᠭᠤᠯᠵᠤ᠂ ᠴᠠᠭᠳᠠᠭᠠᠨ ᠤ ᠲᠦᠷᠦᠯ ᠤᠨ ᠬᠤᠭᠤᠷᠤᠨᠳᠤᠬᠢ᠂ ᠰᠠᠯᠠᠭ᠎ᠠ ᠮᠥᠴᠢᠷ ᠤᠨ ᠬᠤᠭᠤᠷᠣᠨᠳᠣᠬᠢ᠂ ᠠᠷᠠᠳ ᠤᠨ ᠴᠠᠭᠳᠠᠭ᠎ᠠ ᠶᠢᠨ ᠬᠤᠭᠤᠷᠣᠨᠳᠣᠬᠢ ᠬᠠᠮᠵᠢᠯᠴᠠᠨ ᠵᠣᠬᠢᠴᠠᠯᠳᠤᠬᠤ ᠴᠢᠳᠠᠪᠤᠷᠢ ᠪᠠᠨ ᠳᠡᠭᠡᠭᠰᠢᠯᠡᠭᠦᠯᠦᠨ ᠠᠷᠭ᠎ᠠ ᠬᠢᠳᠡᠯ ᠢ ᠨᠤᠲᠠᠯᠠᠭᠰᠠᠨ ᠤ ᠬᠠᠮᠲᠤ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ ᠨᠠᠷ ᠯᠤᠭ᠎ᠠ ᠪᠠᠭᠰᠢ ᠪᠠᠷᠢᠵᠤ ᠡᠷᠳᠡᠮ ᠰᠤᠷᠬᠤ ᠠᠵᠢᠯᠯᠠᠭ᠎ᠠ ᠥᠷᠨᠢᠭᠦᠯᠬᠦ ᠲᠤᠬᠠᠶ ᠰᠠᠨᠠᠯ ᠢᠶᠠᠨ ᠰᠤᠯᠢᠯᠴᠠᠵᠤ᠂ ︽ᠶᠡᠬᠡᠪᠡᠷ ᠰᠤᠷᠤᠯᠴᠠᠵᠤ᠂ ᠶᠡᠬᠡᠪᠡᠷ ᠳᠡᠭᠡᠭᠰᠢᠯᠡᠭᠦᠯᠬᠦ︾ ᠠᠵᠢᠯᠯᠠᠭ᠎ᠠ ᠦᠷᠨᠢᠭᠦᠯᠬᠦ ᠰᠠᠶᠢᠨ ᠠᠷᠭ᠎ᠠ ᠬᠡᠮᠵᠢᠶ᠎ᠡ᠂ ᠰᠠᠶᠢᠨ ᠠᠷᠭ᠎ᠠ ᠬᠢᠳᠡᠯ ᠢ ᠬᠠᠮᠲᠤ ᠪᠠᠷ ᠰᠤᠳᠤᠯᠤᠨ ᠶᠠᠷᠢᠯᠴᠠᠪᠠ᠃ ᠶᠠᠩ ᠸᠧᠢ ᠳ᠋ᠦᠩ ᠳᠡᠳ᠋ ᠲᠡᠷᠢᠭᠦᠯᠡᠭᠴᠢ ᠵᠢᠭᠠᠭᠰᠠᠨ ᠨᠢ᠂ ᠪᠦᠬᠦ ᠠᠷᠠᠳ ᠤᠨ ᠴᠠᠭᠳᠠᠭ᠎ᠠ ᠨᠠᠷ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠬᠤ ᠬᠡᠷᠡᠭᠲᠡᠶ᠂ ᠢᠯᠠᠩᠭᠤᠶ᠎ᠠ ᠶᠡᠷᠦᠩᠬᠡᠶ ᠱᠦᠵᠢ ᠶᠢᠨ ᠳᠤᠷᠠᠳᠤᠭᠰᠠᠨ ᠨᠠᠮ ᠳᠠᠭᠠᠨ ᠦᠨᠡᠨᠴᠢ᠂ ᠠᠷᠠᠳ ᠲᠦᠮᠡᠨ ᠳᠤ ᠦᠢᠯᠡᠴᠢᠯᠡᠬᠦ᠂ ᠬᠠᠤᠯᠢ ᠶᠢ ᠭᠤᠣᠯᠴᠢ ᠪᠠᠷ ᠬᠡᠷᠡᠭᠵᠢᠭᠦᠯᠬᠦ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠶᠡᠷᠦᠩᠬᠡᠶ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠰᠢᠨ᠎ᠡ ᠴᠠᠭ ᠦᠶ᠎ᠡ ᠠᠴᠠ ᠳᠣᠲᠣᠭᠠᠳᠤ ᠶᠢ ᠬᠠᠮᠠᠭᠠᠯᠠᠬᠤ ᠠᠵᠢᠯ ᠳᠤ ᠳᠤᠷᠠᠳᠤᠭᠰᠠᠨ ᠰᠢᠨ᠎ᠡ ᠱᠠᠭᠠᠷᠳᠠᠯᠭ᠎ᠠ ᠶᠢ ᠪᠠᠲᠤ ᠡᠵᠡᠮᠰᠢᠬᠦ ᠬᠡᠷᠡᠭᠲᠡᠢ᠃ ᠠᠯᠠᠱᠠ ᠠᠶᠢᠮᠠᠭ ᠤᠨ ᠭᠠᠵᠠᠷ ᠣᠷᠣᠨ ᠤ ᠪᠣᠳᠠᠲᠤ ᠪᠠᠶᠢᠳᠠᠯ ᠪᠠ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠬᠡᠷᠡᠭᠴᠡᠭᠡ ᠲᠠᠢ ᠤᠶᠠᠯᠳᠤᠭᠤᠯᠤᠨ᠂ ᠤᠯᠡᠨ ᠲᠦᠮᠡᠨ ᠳᠤ ᠦᠢᠯᠡᠴᠢᠯᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠡᠭᠦᠷᠭᠡ ᠭᠦᠢᠴᠡᠳᠬᠡᠬᠦ ᠶᠢ ᠴᠢᠩᠭ᠎ᠠ ᠵᠢᠷᠤᠮᠵᠢᠭᠤᠯᠵᠤ᠂ ᠠᠷᠠᠳ ᠤᠨ ᠴᠠᠭᠳᠠᠭ᠎ᠠ ᠶᠢᠨ ᠮᠡᠳᠡᠪᠡᠰᠦ ᠵᠤᠬᠢᠬᠤ ᠬᠢᠪᠡᠰᠦ ᠵᠤᠬᠢᠬᠤ ᠶᠠᠪᠤᠳᠠᠯ ᠪᠤᠯᠤᠨ ᠢᠨᠲ᠋ᠧᠷ ᠰᠦᠯᠵᠢᠶ᠎ᠡ ᠪᠠᠷ ᠠᠷᠭᠠᠴᠠᠬᠤ ᠲᠥᠷᠥ ᠶᠢᠨ ᠪᠣᠳᠣᠯᠭ᠎ᠠ ᠵᠡᠷᠭᠡ ᠠᠭᠤᠯᠭ᠎ᠠ ᠶᠢ ᠰᠤᠷᠤᠯᠴᠠᠬᠤ ᠶᠢ ᠴᠢᠩᠭᠠᠷᠠᠭᠤᠯᠵᠤ᠂ ᠬᠠᠤᠯᠢ ᠬᠡᠷᠡᠭᠵᠢᠭᠦᠯᠬᠦ᠂ ᠬᠠᠤᠯᠢ ᠬᠡᠷᠡᠭᠯᠡᠬᠦ᠂ ᠬᠠᠤᠯᠢ ᠰᠠᠬᠢᠬᠤ ᠵᠡᠷᠭᠡ ᠲᠠᠯ᠎ᠠ ᠶᠢᠨ ᠬᠡᠪ ᠴᠢᠨᠠᠷ ᠢ ᠳᠡᠭᠡᠭᠰᠢᠯᠡᠭᠦᠯᠬᠦ ᠶᠢ ᠮᠦᠨ ᠴᠢᠨᠠᠷ ᠠᠴᠠ ᠨᠢ ᠰᠠᠶᠢᠲᠤᠷ ᠠᠳᠬᠤᠬᠤ ᠬᠡᠷᠡᠭᠲᠡᠶ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号