ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠮᠥᠩᠭᠦᠨ ᠭᠦᠢᠯᠭᠡᠭᠡᠨ ᠤ | ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠲᠠᠷᠬᠠᠭᠠᠪᠠ᠃ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠠᠷᠢᠭᠤᠴᠠᠯᠭᠠᠲᠠᠨ ᠬᠤᠯᠪᠣᠭᠳᠠᠯ ᠪᠦᠬᠦᠢ | ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠤᠭᠰᠠᠨ ᠪᠠᠶᠢᠨ᠎ᠠ᠃ | ᠠᠰᠠᠭᠤᠯᠲᠠ᠄ ︽ᠰᠠᠨᠠᠯ︾ ᠢ ᠲᠣᠭᠲᠠᠭᠠᠭᠰᠠᠨ ᠠᠬᠤᠢ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ᠬᠠᠷᠢᠭᠤᠯᠲᠠ᠄ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠢ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠨ᠎ᠠ᠃ | ᠶᠡᠷᠦᠩᠬᠡᠢ ᠱᠦᠵᠢ ᠰᠢ ᠶᠢᠨ ᠫᠢᠩ ︽13 · 5︾ ᠶᠢᠨ ᠲᠥᠯᠥᠪᠵᠢᠭᠦᠯᠭᠡ ᠶᠢᠨ ᠰᠠᠨᠠᠭᠤᠯᠭ᠎ᠠ ᠶᠢᠨ | ᠲᠣᠳᠣᠷᠬᠠᠶᠢᠯᠠᠯᠲᠠ ᠳᠤ᠂ ︽ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠢ | ᠨᠢᠭᠡᠳᠦᠯᠲᠡᠢ ᠲᠥᠯᠥᠪᠵᠢᠭᠦᠯᠦᠨ ᠬᠠᠷᠢᠭᠤᠴᠠᠵᠤ᠂ ᠮᠥᠩᠭᠦᠨ ᠭᠦᠢᠯᠭᠡᠭᠡᠨ ᠤ ᠦᠢᠯᠡᠰ ᠤᠨ ᠪᠦᠬᠦ ᠲᠠᠯ᠎ᠠ ᠶᠢ | ᠬᠠᠮᠤᠷᠤᠭᠰᠠᠨ ᠳ᠋ᠠᠶᠢᠲ᠋ᠠ ᠶᠢ ᠴᠤᠭᠯᠠᠭᠤᠯᠬᠤ ᠪᠠᠷ ᠳᠠᠮᠵᠢᠭᠤᠯᠤᠨ᠂ ᠮᠥᠩᠭᠦᠨ ᠭᠦᠢᠯᠭᠡᠭᠡᠨ ᠤ ᠬᠤᠷᠸ᠎ᠠ | ᠲᠣᠬᠢᠷᠠᠭᠤᠯᠤᠯᠲᠠ ᠶᠢ ᠴᠢᠩᠭᠠᠳᠬᠠᠬᠤ ᠪᠠ ᠰᠠᠶᠢᠵᠢᠷᠠᠭᠤᠯᠵᠤ᠂ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠢ | ᠬᠠᠮᠠᠭᠠᠯᠠᠬᠤ ᠬᠡᠷᠡᠭᠲᠡᠢ︾ ᠭᠡᠵᠦ ᠵᠢᠭᠠᠭᠰᠠᠨ ᠤ ᠬᠠᠮᠲᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠮᠥᠩᠭᠦᠨ | ᠭᠦᠢᠯᠭᠡᠭᠡᠨ ᠤ ᠠᠵᠢᠯ ᠤᠨ ᠬᠤᠷᠠᠯ ᠳᠡᠭᠡᠷ᠎ᠡ᠂ ︽ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠭᠰᠡᠨ ᠲᠤᠭ᠎ᠠ | ᠪᠦᠷᠢᠳᠬᠡᠯ ᠪᠠ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ ᠠᠬᠢᠭᠤᠯᠵᠤ᠂ | ᠤᠯᠤᠰ ᠤᠨ ᠮᠥᠩᠭᠦᠨ ᠭᠦᠢᠯᠭᠡᠭᠡᠨ ᠤ ᠨᠢᠭᠡᠳᠦᠯᠲᠡᠢ ᠰᠠᠭᠤᠷᠢ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠳ᠋ᠠᠶᠢᠲ᠋ᠠ ᠶᠢᠨ | ᠪᠠᠷᠢᠮᠵᠢᠶ᠎ᠠ ᠨᠢ ᠨᠢᠭᠡᠳᠦᠯ ᠦᠭᠡᠢ᠂ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠬᠦ ᠪᠠ ᠬᠡᠷᠡᠭᠯᠡᠬᠦ ᠳᠤ ᠬᠦᠴᠢᠷᠲᠡᠢ | ᠵᠡᠷᠭᠡ ᠠᠰᠠᠭᠤᠳᠠᠯ ᠶᠢ ᠰᠢᠢᠳᠪᠦᠷᠢᠯᠡᠬᠦ ᠬᠡᠷᠡᠭᠲᠡᠢ︾ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ ᠶᠢᠨ ᠶᠠᠷᠢᠶ᠎ᠠ ᠨᠢ | ᠰᠢᠨ᠎ᠡ ᠴᠠᠭ ᠦᠶ᠎ᠡ ᠶᠢᠨ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠤᠨ | ᠬᠠᠨᠳᠤᠰᠢ ᠶᠢ ᠵᠢᠭᠠᠨ ᠭᠠᠷᠭᠠᠵᠤ᠂ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠢ | ᠪᠦᠬᠦ ᠲᠠᠯ᠎ᠠ ᠪᠠᠷ ᠠᠬᠢᠭᠤᠯᠬᠤ ᠶᠢᠨ ᠵᠢᠯᠣᠭᠤᠳᠬᠤ ᠦᠵᠡᠯ ᠰᠠᠨᠠᠭ᠎ᠠ ᠪᠠ ᠦᠨᠳᠦᠰᠦᠨ ᠵᠢᠷᠤᠮᠯᠠᠯ ᠪᠣᠯᠵᠠᠢ᠃ | 2008 ᠣᠨ ᠤ ᠣᠯᠠᠨ ᠤᠯᠤᠰ ᠤᠨ ᠮᠥᠩᠭᠦᠨ ᠭᠦᠢᠯᠭᠡᠭᠡᠨ ᠤ ᠬᠢᠮᠤᠷᠠᠯ ᠠᠴᠠ ᠨᠠᠭᠠᠰᠢ᠂ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠠᠷᠠᠳ ᠤᠨ ᠪᠠᠩᠬᠢ ᠨᠢ ᠬᠠᠮᠢᠶ᠎ᠠ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠰᠠᠭᠤᠳᠠᠯ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ ᠢ ᠵᠣᠬᠢᠶᠠᠨ ᠪᠠᠶᠢᠭᠤᠯᠵᠤ ᠪᠠᠶᠢᠭᠠᠳ ᠮᠥᠩᠭᠦᠨ | ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠤᠨ ᠰᠠᠭᠤᠷᠢᠯᠠᠬᠤ ᠴᠢᠨᠠᠷᠲᠠᠢ ᠠᠯᠢ ᠣᠯᠠᠨ ᠠᠵᠢᠯ ᠢ | ᠥᠷᠨᠢᠭᠦᠯᠪᠡ᠂ ᠵᠢᠱᠢᠶᠡᠯᠡᠪᠡᠯ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ | ᠰᠠᠭᠤᠷᠢ ᠣᠨᠣᠯ ᠤᠨ ᠰᠤᠳᠤᠯᠭᠠᠨ ᠪᠠ ᠬᠡᠷᠡᠭᠯᠡᠭᠡᠨ ᠢ ᠴᠢᠩᠭᠠᠳᠬᠠᠬᠤ᠂ ᠮᠥᠩᠭᠦᠨ ᠭᠦᠢᠯᠭᠡᠭᠡᠨ ᠤ ᠦᠢᠯᠡᠰ ᠤᠨ | ᠶᠡᠷᠦᠩᠬᠡᠶᠢᠯᠡᠨ ᠪᠦᠷᠢᠳᠬᠡᠬᠦ ᠠᠵᠢᠯ ᠤᠨ ᠲᠤᠷᠰᠢᠯᠲᠠ ᠶᠢᠨ ᠴᠢᠭ᠋ ᠢ ᠥᠷᠨᠢᠭᠦᠯᠬᠦ᠂ ᠨᠡᠶᠢᠭᠡᠮ ᠤᠨ ᠪᠡᠯᠡ | ᠲᠣᠬᠢᠷᠠᠭᠤᠯᠭ᠎ᠠ ᠶᠢᠨ ᠬᠡᠪᠴᠢᠶ᠎ᠡ ᠶᠢ ᠪᠦᠷᠢᠳᠬᠡᠬᠦ ᠪᠠ ᠨᠡᠶᠢᠲᠡᠯᠡᠬᠦ᠂ ᠬᠤᠷᠸ᠎ᠠ ᠲᠠᠯ᠎ᠠ ᠶᠢᠨ ᠬᠥᠰᠢᠭᠦᠷᠭᠡ ᠶᠢᠨ | ᠨᠣᠷᠮ᠎ᠠ ᠶᠢᠨ ᠬᠡᠮᠵᠢᠨ ᠪᠣᠳᠣᠯᠲᠠ ᠶᠢ ᠥᠷᠨᠢᠭᠦᠯᠬᠦ ᠭᠡᠬᠦ ᠮᠡᠲᠦ᠃ | ᠠᠯᠢ ᠣᠯᠠᠨ ᠣᠨᠣᠯ ᠤᠨ ᠰᠤᠳᠤᠯᠭᠠᠨ ᠪᠠ ᠦᠢᠯᠡᠳᠦᠯᠭᠡ ᠶᠢᠨ ᠰᠦᠪᠡᠭᠴᠢᠯᠡᠯᠲᠡ ᠳᠤ ᠢᠯᠡᠷᠡᠭᠦᠯᠦᠭᠰᠡᠨ ᠢᠶᠠᠷ᠂ | ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠢ ᠪᠦᠬᠦ ᠲᠠᠯ᠎ᠠ ᠪᠠᠷ ᠠᠬᠢᠭᠤᠯᠬᠤ ᠳᠤ᠂ | ᠠᠷᠭ᠎ᠠ ᠰᠤᠪᠢᠵᠤ ᠳᠣᠣᠷᠠᠬᠢ ᠠᠰᠠᠭᠤᠳᠠᠯ ᠤᠳ ᠢ ᠰᠢᠢᠳᠪᠦᠷᠢᠯᠡᠬᠦ ᠬᠡᠷᠡᠭᠲᠡᠢ᠄ ᠪᠦᠷᠢᠳᠬᠡᠬᠦ ᠪᠠᠷᠢᠮᠵᠢᠶ᠎ᠠ ᠶᠢ | ᠤᠷᠢᠳ ᠢᠶᠠᠷ ᠬᠡᠷᠡᠭᠵᠢᠭᠦᠯᠵᠦ᠂ ᠳ᠋ᠠᠶᠢᠲ᠋ᠠ ᠶᠢ ᠵᠣᠬᠢᠶᠠᠨ ᠪᠠᠶᠢᠭᠤᠯᠬᠤ ᠳᠤ ᠲᠥᠪᠯᠡᠷᠡᠭᠦᠯᠦᠨ᠂ ᠬᠢᠨᠠᠨ ᠰᠢᠨᠵᠢᠬᠦ ᠬᠦᠷᠢᠶ᠎ᠡ | ᠴᠠᠷᠠᠭ᠎ᠠ ᠶᠢ ᠪᠦᠷᠢᠨᠰᠢᠭᠦᠯᠵᠦ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠳᠤ ᠪᠠᠷᠠᠭᠠᠯᠬᠢᠯᠠᠨ᠂ | ᠬᠠᠮᠲᠤ ᠪᠠᠷ ᠬᠦᠷᠲᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ︔ ᠪᠦᠬᠦ ᠨᠡᠶᠢᠭᠡᠮ ᠤᠨ ᠮᠥᠩᠭᠦᠨ ᠭᠦᠢᠯᠭᠡᠭᠡᠨ ᠤ | ᠡᠳ᠋ ᠬᠥᠷᠥᠩᠭᠡ ᠶᠢᠨ ᠥᠷᠢᠲᠦᠵᠦ ᠪᠠᠶᠢᠭ᠎ᠠ ᠬᠡᠪᠴᠢᠶ᠎ᠡ᠂ ᠪᠡᠯᠡ ᠮᠥᠩᠭᠦ ᠶᠢᠨ ᠭᠦᠢᠯᠭᠡᠭᠡᠨ ᠤ ᠬᠠᠨᠳᠤᠰᠢ ᠪᠠ ᠬᠤᠷᠸ᠎ᠠ | ᠲᠠᠯ᠎ᠠ ᠶᠢᠨ ᠬᠥᠰᠢᠭᠦᠷᠭᠡ ᠶᠢᠨ ᠬᠢᠷᠢ ᠲᠦᠪᠰᠢᠨ ᠢ ᠡᠵᠡᠮᠳᠡᠬᠦ ᠪᠠᠷ ᠪᠠᠷᠠᠬᠤ ᠦᠭᠡᠢ᠂ ᠰᠣᠯᠢᠪᠴᠠᠯ ᠤᠨ ᠴᠢᠨᠠᠷᠲᠠᠢ | ᠮᠥᠩᠭᠦᠨ ᠭᠦᠢᠯᠭᠡᠭᠡᠨ ᠤ ᠠᠵᠢᠯᠯᠠᠭ᠎ᠠ᠂ ᠰᠢᠰᠲ᠋ᠧᠮ ᠨᠢ ᠴᠢᠬᠤᠯᠠ ᠴᠢᠨᠠᠷᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ | ᠂ ᠮᠥᠩᠭᠦᠨ ᠭᠦᠢᠯᠭᠡᠭᠡᠨ ᠤ ᠰᠲ᠋ᠣᠺ ᠡᠵᠡᠮᠰᠢᠬᠦ ᠺᠣᠮᠫᠠᠨᠢ ᠵᠡᠷᠭᠡ ᠵᠠᠩᠭᠢᠯᠠᠭ᠎ᠠ ᠶᠢᠨ ᠴᠢᠭ᠋ ᠲᠠᠬᠢ ᠲᠦᠭᠰᠢᠭᠦᠷᠢ ᠶᠢ | ᠰᠡᠷᠡᠮᠵᠢᠯᠡᠭᠦᠯᠬᠦ ᠳ᠋ᠠᠶᠢᠲ᠋ᠠ ᠨᠢ ᠭᠦᠢᠴᠡᠳ ᠦᠭᠡᠢ ᠵᠡᠷᠭᠡ ᠶᠢ ᠭᠤᠣᠯᠳᠠᠯᠭ᠎ᠠ ᠲᠠᠢ ᠰᠢᠢᠳᠪᠦᠷᠢᠯᠡᠵᠦ᠂ ᠪᠠᠰᠠ ᠮᠥᠩᠭᠦᠨ | ᠭᠦᠢᠯᠭᠡᠭᠡ ᠪᠠᠷ ᠤᠯᠤᠰ ᠠᠷᠠᠳ ᠤᠨ ᠠᠵᠤ ᠠᠬᠤᠢ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠪᠠᠭᠤᠷᠠᠢ | ᠲᠠᠯ᠎ᠠ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠬᠦ ᠳ᠋ᠠᠶᠢᠲ᠋ᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠬᠦ ᠬᠡᠷᠡᠭᠲᠡᠢ᠃ | ︽ᠰᠠᠨᠠᠯ︾ ᠢ ᠡᠶᠢᠮᠦᠷᠬᠦᠦ ᠠᠬᠤᠢ ᠪᠠᠶᠢᠳᠠᠯ ᠳᠣᠣᠷ᠎ᠠ ᠲᠣᠭᠲᠠᠭᠠᠪᠠ᠂ ᠲᠡᠷᠡ ᠨᠢ ᠮᠥᠩᠭᠦᠨ ᠭᠦᠢᠯᠭᠡᠭᠡᠨ ᠤ | ᠦᠢᠯᠡᠰ ᠤᠨ ᠶᠡᠷᠦᠩᠬᠡᠶᠢᠯᠡᠨ ᠪᠦᠷᠢᠳᠬᠡᠬᠦ ᠬᠠᠷᠠᠯᠲᠠ᠂ ᠠᠭᠤᠯᠭ᠎ᠠ ᠪᠠ ᠠᠷᠭ᠎ᠠ ᠵᠠᠮ ᠤᠨ ᠪᠦᠬᠦ ᠲᠠᠯ᠎ᠠ ᠶᠢᠨ | ᠲᠥᠯᠥᠪᠵᠢᠭᠦᠯᠭᠡ᠂ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠤᠨ ᠳᠦᠷᠢᠮ ᠤᠨ | ᠪᠠᠲᠤᠯᠠᠭ᠎ᠠ ᠪᠠᠶᠢᠵᠤ᠂ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠬᠤ ᠰᠢᠪᠲᠤᠯᠤᠯᠲᠠ ᠶᠢᠨ | ᠳᠠᠶᠢᠯᠠᠯᠳᠤᠭᠠᠨ ᠢ ᠰᠠᠶᠢᠲᠤᠷ ᠬᠢᠬᠦ ᠣᠳᠣᠬᠠᠨ ᠤ ᠲᠤᠯᠭᠠᠮ᠎ᠠ ᠱᠠᠭᠠᠷᠳᠠᠯᠭ᠎ᠠ ᠲᠠᠢ ᠨᠡᠶᠢᠴᠡᠵᠦ ᠪᠠᠶᠢᠬᠤ ᠪᠠᠷ ᠪᠠᠷᠠᠬᠤ | ᠦᠭᠡᠢ᠂ ᠰᠢᠨ᠎ᠡ ᠴᠠᠭ ᠦᠶ᠎ᠡ ᠶᠢᠨ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠬᠥᠭᠵᠢᠯᠲᠡ ᠶᠢᠨ ᠠᠯᠤᠰ ᠬᠡᠳᠦ ᠶᠢᠨ | ᠱᠠᠭᠠᠷᠳᠠᠯᠭ᠎ᠠ ᠲᠠᠢ ᠨᠡᠶᠢᠴᠡᠵᠦ ᠪᠠᠶᠢᠨ᠎ᠠ᠃ | ᠠᠰᠠᠭᠤᠯᠲᠠ᠄ ︽ᠰᠠᠨᠠᠯ︾ ᠢ ᠲᠣᠭᠲᠠᠭᠠᠭᠰᠠᠨ ᠠᠴᠢ ᠬᠤᠯᠪᠣᠭᠳᠠᠯ ᠢ ᠲᠠᠨᠢᠯᠴᠠᠭᠤᠯᠤᠭᠠᠳ ᠥᠭᠭᠦᠨ᠎ᠡ | ᠦᠦ︖ | ᠬᠠᠷᠢᠭᠤᠯᠲᠠ᠄ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠪᠣᠯ ᠤᠯᠤᠰ ᠤᠨ | ᠮᠥᠩᠭᠦᠨ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠮᠥᠩᠭᠦᠨ | ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠢ ᠲᠦᠷᠭᠡᠳᠬᠡᠨ ᠠᠬᠢᠭᠤᠯᠬᠤ ᠨᠢ᠂ ᠮᠥᠩᠭᠦᠨ | ᠭᠦᠢᠯᠭᠡᠭᠡ ᠶᠢᠨ ︽ᠪᠣᠳᠠᠲᠤ ᠴᠣᠭᠴᠠᠲᠤ ᠠᠵᠤ ᠠᠬᠤᠢ ᠳᠤ ᠦᠢᠯᠡᠴᠢᠯᠡᠬᠦ᠂ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ︾ ᠶᠢ | ᠳᠡᠮᠵᠢᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠪᠠᠶᠢᠳᠠᠭ᠃ | ᠨᠢᠭᠡ ᠳᠤ᠂ ᠪᠣᠳᠠᠲᠤ ᠴᠣᠭᠴᠠᠲᠤ ᠠᠵᠤ ᠠᠬᠤᠢ ᠳᠤ ᠦᠢᠯᠡᠴᠢᠯᠡᠬᠦ ᠮᠥᠩᠭᠦᠨ ᠭᠦᠢᠯᠭᠡᠭᠡᠨ ᠤ ᠦᠷ᠎ᠡ | ᠪᠦᠲᠦᠮᠵᠢ ᠶᠢ ᠪᠦᠲᠦᠮᠵᠢᠲᠡᠢ ᠪᠠᠷ ᠬᠢᠨᠠᠨ ᠰᠢᠨᠵᠢᠵᠦ᠂ ᠦᠢᠯᠡᠴᠢᠯᠡᠭᠡᠨ ᠤ ᠠᠰᠢᠭᠯᠠᠮᠵᠢ ᠶᠢ ᠳᠡᠭᠡᠭᠰᠢᠯᠡᠭᠦᠯᠬᠦ ᠳᠤ | ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠶᠢ ᠬᠠᠩᠭᠠᠨ᠎ᠠ᠃ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ | ᠠᠰᠢᠭᠯᠠᠮᠵᠢ ᠪᠠ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠨᠡᠩ ᠣᠯᠠᠨ | ᠡᠬᠢ ᠪᠠᠶᠠᠯᠢᠭ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠪᠠᠭᠤᠷᠠᠢ | ᠲᠠᠯ᠎ᠠ ᠳᠤ ᠲᠣᠬᠢᠷᠠᠭᠤᠯᠬᠤ ᠶᠢ ᠱᠠᠭᠠᠷᠳᠠᠵᠤ᠂ ᠲᠦᠭᠡᠮᠡᠯ ᠬᠠᠷᠠᠭᠠᠯᠵᠠᠯᠲᠤ ᠪᠠ ᠵᠦᠢ ᠶᠣᠰᠣᠨ ᠤ ᠮᠥᠩᠭᠦᠨ | ᠭᠦᠢᠯᠭᠡᠭᠡᠨ ᠤ ᠬᠥᠭᠵᠢᠯᠲᠡ ᠶᠢ ᠠᠬᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠬᠥᠭᠵᠢᠯᠲᠡ ᠶᠢ | ᠳᠡᠮᠵᠢᠵᠦ᠂ ᠠᠷᠠᠳ ᠣᠯᠠᠨ ᠪᠠ ᠪᠣᠳᠠᠲᠤ ᠴᠣᠭᠴᠠᠲᠤ ᠠᠵᠤ ᠠᠬᠤᠢ ᠶᠢᠨ ᠣᠯᠠᠨ ᠶᠠᠩᠵᠤᠲᠤ ᠮᠥᠩᠭᠦᠨ | ᠭᠦᠢᠯᠭᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠪᠦᠬᠦ ᠲᠠᠯ᠎ᠠ ᠶᠢᠨ ᠮᠥᠷᠲᠡᠭᠡᠨ ᠣᠨᠣᠪᠴᠢᠲᠠᠢ ᠮᠥᠩᠭᠦᠨ | ᠭᠦᠢᠯᠭᠡᠭᠡᠨ ᠤ ᠳ᠋ᠠᠶᠢᠲ᠋ᠠ ᠨᠢ ᠮᠥᠩᠭᠦᠨ ᠭᠦᠢᠯᠭᠡᠭᠡᠨ ᠤ ᠪᠣᠳᠠᠲᠤ ᠴᠣᠭᠴᠠᠲᠤ ᠠᠵᠤ ᠠᠬᠤᠢ ᠳᠤ ᠦᠢᠯᠡᠴᠢᠯᠡᠬᠦ | ᠴᠢᠳᠠᠪᠤᠷᠢ ᠪᠠ ᠦᠷ᠎ᠡ ᠪᠦᠲᠦᠮᠵᠢ ᠶᠢ ᠪᠤᠰᠤᠳᠴᠢ ᠪᠠᠷ ᠦᠨᠡᠯᠡᠬᠦ ᠵᠢᠴᠢ ᠦᠨᠡᠨ ᠬᠦ ᠶᠠᠪᠤᠭᠤᠰᠢᠲᠠᠢ ᠬᠡᠷᠡᠭᠵᠢᠭᠦᠯᠬᠦ | ᠲᠥᠰᠥᠯ ᠢ ᠳᠤᠷᠠᠳᠬᠤ ᠳᠤ ᠦᠨᠳᠦᠰᠦᠯᠡᠯ ᠬᠠᠩᠭᠠᠵᠤ ᠴᠢᠳᠠᠨ᠎ᠠ᠃ | ᠬᠤᠶᠠᠷ ᠲᠤ᠂ ᠰᠢᠰᠲ᠋ᠧᠮᠲᠦ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠠᠷᠠᠭᠠᠯᠬᠢᠯᠠᠯ ᠤᠨ | ᠴᠢᠨᠠᠷᠲᠠᠢ ᠪᠠᠷ ᠰᠡᠷᠭᠡᠶᠢᠯᠡᠨ ᠨᠠᠮᠳᠠᠭᠤᠯᠵᠤ᠂ ᠮᠡᠳᠡᠭᠡ ᠵᠠᠩᠭᠢ ᠶᠢᠨ ᠲᠤᠭ᠎ᠠ ᠪᠦᠷᠢᠳᠬᠡᠯ ᠳᠠᠬᠢ ᠮᠥᠩᠭᠦᠨ | ᠭᠦᠢᠯᠭᠡᠭᠡᠨ ᠤ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠤᠯᠭᠠᠮ᠎ᠠ ᠱᠠᠭᠠᠷᠳᠠᠯᠭ᠎ᠠ ᠶᠢ ᠬᠠᠩᠭᠠᠨ᠎ᠠ᠃ ᠰᠢᠰᠲ᠋ᠧᠮᠲᠦ | ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠬᠦ ᠳᠤ᠂ ᠡᠩ | ᠲᠡᠷᠢᠭᠦᠨ ᠳᠤ ᠳᠣᠲᠣᠷ᠎ᠠ ᠪᠠᠨ ᠲᠤᠭ᠎ᠠ ᠲᠠᠢ ᠪᠠᠶᠢᠪᠠᠯ ᠵᠣᠬᠢᠨ᠎ᠠ᠂ ᠭᠠᠭᠴᠠ ᠬᠦ ᠡᠷᠲᠡ ᠢᠯᠭᠠᠨ ᠲᠣᠳᠣᠯᠠᠵᠤ᠂ ᠡᠷᠲᠡ | ᠤᠷᠢᠳᠴᠢᠯᠠᠨ ᠰᠡᠷᠡᠮᠵᠢᠯᠡᠵᠦ᠂ ᠡᠷᠲᠡ ᠢᠯᠡᠷᠡᠭᠦᠯᠪᠡᠯ᠂ ᠰᠠᠶ᠋ᠢ ᠠᠷᠭ᠎ᠠ ᠤᠬᠠᠭᠠᠨ ᠢᠶᠠᠨ ᠣᠯᠵᠤ᠂ ᠯᠠᠪᠳᠠᠭᠤᠨ ᠢᠶᠠᠷ | ᠠᠷᠭᠠᠴᠠᠭᠠᠵᠤ᠂ ᠡᠷᠲᠡ ᠰᠢᠢᠳᠪᠦᠷᠢᠯᠡᠵᠦ ᠴᠢᠳᠠᠨ᠎ᠠ᠃ ᠰᠢᠰᠲ᠋ᠧᠮᠲᠦ ᠴᠢᠨᠠᠷᠲᠠᠢ ᠮᠥᠩᠭᠦᠨ ᠭᠦᠢᠯᠭᠡᠭᠡᠨ ᠤ | ᠲᠦᠭᠰᠢᠭᠦᠷᠢ ᠥᠯᠥ ᠡᠭᠦᠰᠬᠦ ᠬᠤᠷᠢᠭ᠎ᠠ ᠱᠤᠭᠤᠮ ᠢ ᠪᠠᠲᠤᠯᠠᠨ ᠰᠠᠬᠢᠬᠤ ᠳᠤ᠂ ᠶᠠᠰᠤ ᠴᠢᠨᠠᠷ ᠨᠢ ᠨᠡᠩ ᠰᠠᠶᠢᠨ | ᠤᠷᠢᠳᠴᠢᠯᠠᠨ ᠰᠡᠷᠡᠮᠵᠢᠯᠡᠵᠦ ᠬᠢᠨᠠᠨ ᠰᠢᠨᠵᠢᠬᠦ ᠳ᠋ᠠᠶᠢᠲ᠋ᠠ ᠵᠠᠶᠢᠯᠠᠰᠢ ᠦᠭᠡᠢ ᠱᠠᠭᠠᠷᠳᠠᠭᠳᠠᠨ᠎ᠠ᠃ ᠡᠶᠢᠮᠦ ᠠᠴᠠ᠂ | ᠮᠥᠩᠭᠦᠨ ᠭᠦᠢᠯᠭᠡᠭᠡᠨ ᠤ ᠲᠤᠭ᠎ᠠ ᠪᠦᠷᠢᠳᠬᠡᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠨ᠂ | ᠬᠤᠷᠸ᠎ᠠ ᠲᠠᠯ᠎ᠠ ᠶᠢᠨ ᠬᠢᠨᠠᠭᠤᠷ ᠪᠣᠯᠭᠤᠮᠵᠢᠲᠠᠢ ᠬᠠᠮᠢᠶᠠᠷᠤᠯᠲᠠ ᠲᠠᠢ ᠤᠯᠠᠮ ᠬᠦ ᠨᠡᠶᠢᠴᠡᠭᠰᠡᠨ ᠮᠥᠩᠭᠦᠨ ᠭᠦᠢᠯᠭᠡᠭᠡᠨ ᠤ | ᠦᠢᠯᠡᠰ ᠤᠨ ᠶᠡᠷᠦᠩᠬᠡᠶᠢᠯᠡᠨ ᠪᠦᠷᠢᠳᠬᠡᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ | ᠭᠤᠷᠪᠠ ᠳᠤ᠂ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ᠂ ᠣᠳᠣ ᠦᠶ᠎ᠡ ᠶᠢᠨ ᠮᠥᠩᠭᠦᠨ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠳᠡᠮᠵᠢᠬᠦ | ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠢ | ᠪᠦᠬᠦ ᠲᠠᠯ᠎ᠠ ᠪᠠᠷ ᠠᠬᠢᠭᠤᠯᠵᠤ᠂ ᠪᠠᠶᠢᠭᠤᠯᠤᠮᠵᠢ ᠶᠢᠨ ᠲᠤᠭ᠎ᠠ ᠪᠦᠷᠢᠳᠬᠡᠯ ᠬᠢᠭᠡᠳ ᠴᠢᠳᠠᠮᠵᠢ ᠶᠢᠨ ᠲᠤᠭ᠎ᠠ | ᠪᠦᠷᠢᠳᠬᠡᠯ ᠢ ᠣᠷᠭᠠᠨᠢᠭ ᠢᠶᠠᠷ ᠨᠢᠭᠡᠳᠦᠭᠦᠯᠬᠦ ᠶᠢ ᠪᠡᠶᠡᠯᠡᠭᠦᠯᠵᠦ᠂ ᠮᠥᠩᠭᠦᠨ ᠭᠦᠢᠯᠭᠡᠭᠡᠨ ᠤ ᠲᠤᠭ᠎ᠠ ᠪᠦᠷᠢᠳᠬᠡᠯ ᠤᠨ | ᠬᠠᠷᠢᠯᠴᠠᠨ ᠬᠤᠯᠪᠣᠯᠳᠤᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠬᠦ ᠨᠢ ᠮᠥᠩᠭᠦᠨ ᠭᠦᠢᠯᠭᠡᠭᠡᠨ ᠤ ᠵᠠᠬ᠎ᠠ | ᠳᠡᠯᠭᠡᠭᠦᠷ ᠤᠨ ᠠᠵᠢᠯᠯᠠᠭᠠᠨ ᠤ ᠲᠣᠭᠲᠠᠴᠠ ᠶᠢ ᠴᠠᠭ ᠲᠤᠬᠠᠢ ᠳᠤ ᠨᠢ ᠡᠵᠡᠮᠰᠢᠨ᠂ ᠬᠤᠮᠠᠬᠢ ᠲᠠᠯ᠎ᠠ ᠶᠢᠨ ᠭᠤᠣᠯ | ᠴᠣᠭᠴᠠᠲᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠬᠢᠨᠠᠨ ᠰᠢᠨᠵᠢᠵᠦ᠂ ᠬᠤᠷᠸ᠎ᠠ ᠲᠣᠬᠢᠷᠠᠭᠤᠯᠤᠯᠲᠠ ᠶᠢᠨ | ᠠᠶᠢᠵᠠᠮ ᠢ ᠡᠵᠡᠮᠳᠡᠬᠦ ᠳᠤ ᠠᠰᠢᠭᠲᠠᠢ ᠪᠠᠷ ᠪᠠᠷᠠᠬᠤ ᠦᠭᠡᠢ᠂ ᠲᠣᠮᠣ ᠤᠯᠤᠰ ᠤᠨ ᠮᠥᠩᠭᠦᠨ ᠭᠦᠢᠯᠭᠡᠭᠡᠨ ᠤ | ᠳ᠋ᠠᠶᠢᠲ᠋ᠠ ᠶᠢᠨ ᠵᠠᠰᠠᠯᠲᠠ ᠶᠢᠨ ᠣᠶᠢᠯᠠᠭᠠᠭᠳᠠᠬᠤᠨ ᠪᠠ ᠬᠠᠷᠠᠯᠲᠠ ᠶᠢ ᠪᠡᠶᠡᠯᠡᠭᠦᠯᠬᠦ ᠪᠦᠲᠦᠮᠵᠢᠲᠡᠢ ᠠᠷᠭ᠎ᠠ ᠵᠠᠮ | ᠪᠣᠯᠣᠨ᠎ᠠ᠃ | ᠠᠰᠠᠭᠤᠯᠲᠠ᠄ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠤᠨ ᠬᠠᠷᠠᠯᠲᠠ ᠪᠠ | ᠬᠡᠪᠴᠢᠶ᠎ᠡ ᠨᠢ ᠶᠠᠭᠤ ᠪᠣᠢ︖ | ᠬᠠᠷᠢᠭᠤᠯᠲᠠ᠄ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠤᠨ ᠶᠡᠷᠦᠩᠬᠡᠢ | ᠬᠠᠷᠠᠯᠲᠠ ᠪᠣᠯ᠄ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠤᠨ ᠨᠢᠭᠡᠳᠦᠯᠲᠡᠢ | ᠰᠢᠨᠵᠢᠯᠡᠬᠦ ᠤᠬᠠᠭᠠᠨᠴᠢ ᠬᠠᠮᠢᠶᠠᠷᠤᠯᠲᠠ ᠪᠠ ᠠᠵᠢᠯᠯᠠᠭᠠᠨ ᠤ ᠲᠣᠭᠲᠠᠴᠠ ᠶᠢ ᠪᠠᠶᠢᠭᠤᠯᠤᠨ᠂ ᠪᠠᠷᠢᠮᠵᠢᠶ᠎ᠠ ᠪᠠ | ᠳᠦᠷᠢᠮ ᠤᠨ ᠰᠢᠰᠲ᠋ᠧᠮᠵᠢ ᠶᠢ ᠲᠣᠭᠲᠠᠭᠠᠨ ᠲᠡᠭᠦᠯᠳᠡᠷᠵᠢᠭᠦᠯᠵᠦ᠂ ᠤᠯᠤᠰ ᠤᠨ ᠮᠥᠩᠭᠦᠨ ᠭᠦᠢᠯᠭᠡᠭᠡᠨ ᠤ ᠰᠠᠭᠤᠷᠢ | ᠳ᠋ᠠᠶᠢᠲ᠋ᠠ ᠬᠥᠮᠥᠷᠭᠡ ᠶᠢ ᠪᠠᠶᠢᠭᠤᠯᠤᠨ ᠠᠵᠢᠯᠯᠠᠭᠤᠯᠵᠤ᠂ ᠪᠣᠢ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ᠂ | ᠮᠥᠩᠭᠦᠨ ᠭᠦᠢᠯᠭᠡᠭᠡᠨ ᠤ ᠰᠠᠭᠤᠷᠢ ᠪᠡᠯᠡᠳᠬᠡᠮᠵᠢ ᠪᠠ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠬᠠᠮᠤᠷᠤᠭᠰᠠᠨ | ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠤᠨ ᠰᠢᠰᠲ᠋ᠧᠮᠵᠢ ᠶᠢ ᠪᠠᠶᠢᠭᠤᠯᠤᠨ | ᠪᠦᠲᠦᠭᠡᠵᠦ᠂ ᠲᠣᠮᠣ ᠤᠯᠤᠰ ᠤᠨ ᠮᠥᠩᠭᠦᠨ ᠭᠦᠢᠯᠭᠡᠭᠡᠨ ᠤ ᠳ᠋ᠠᠶᠢᠲ᠋ᠠ ᠶᠢᠨ ᠵᠠᠰᠠᠯᠲᠠ ᠶᠢ ᠪᠡᠶᠡᠯᠡᠭᠦᠯᠵᠦ᠂ ᠮᠠᠨ ᠤ | ᠤᠯᠤᠰ ᠤᠨ ᠵᠣᠭᠤᠰ ᠤᠨ ᠲᠥᠷᠥ ᠶᠢᠨ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ᠂ ᠬᠤᠷᠸ᠎ᠠ ᠲᠠᠯ᠎ᠠ ᠶᠢᠨ ᠬᠢᠨᠠᠭᠤᠷ | ᠪᠣᠯᠭᠤᠮᠵᠢᠲᠠᠢ ᠬᠠᠮᠢᠶᠠᠷᠤᠯᠲᠠ ᠪᠠ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠵᠣᠬᠢᠴᠠᠭᠤᠯᠭ᠎ᠠ ᠶᠢ | ᠪᠦᠲᠦᠮᠵᠢᠲᠡᠢ ᠳᠡᠮᠵᠢᠵᠦ᠂ ᠰᠢᠰᠲ᠋ᠧᠮᠲᠦ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠥᠯᠥ ᠡᠭᠦᠰᠬᠦ ᠬᠤᠷᠢᠭ᠎ᠠ | ᠱᠤᠭᠤᠮ ᠢ ᠪᠠᠲᠤ ᠰᠠᠬᠢᠨ᠂ ᠪᠣᠳᠠᠲᠤ ᠴᠣᠭᠴᠠᠲᠤ ᠠᠵᠤ ᠠᠬᠤᠢ ᠳᠤ ᠦᠢᠯᠡᠴᠢᠯᠡᠬᠦ ᠮᠥᠩᠭᠦᠨ ᠭᠦᠢᠯᠭᠡᠭᠡᠨ ᠤ | ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃ ᠪᠣᠳᠠᠲᠠᠢ ᠪᠠᠷ ᠠᠪᠴᠤ ᠬᠡᠯᠡᠪᠡᠯ᠂ | ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠨᠢ ︽ᠪᠦᠲᠦᠮᠵᠢᠲᠡᠢ ᠪᠠᠷ ᠲᠥᠪᠯᠡᠷᠡᠭᠦᠯᠬᠦ᠂ | ᠭᠦᠢᠴᠡᠳ ᠬᠠᠮᠲᠤ ᠪᠠᠷ ᠬᠦᠷᠲᠡᠬᠦ︾ ᠬᠤᠶᠠᠷ ᠶᠡᠭᠡ ᠭᠤᠣᠯ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ | ᠪᠠᠷᠢᠮᠵᠢᠶ᠎ᠠ ᠶᠢ ᠨᠢᠭᠡᠳᠦᠯᠲᠡᠢ ᠪᠣᠯᠭᠠᠭᠰᠠᠨ ᠰᠠᠭᠤᠷᠢᠨ ᠳᠡᠭᠡᠷ᠎ᠡ᠂ ᠴᠢᠨᠠᠷ ᠰᠠᠶᠢᠲᠠᠢ ᠳ᠋ᠠᠶᠢᠲ᠋ᠠ ᠶᠢ ᠪᠦᠲᠦᠮᠵᠢᠲᠡᠢ | ᠨᠡᠶᠢᠯᠡᠭᠦᠯᠵᠦ᠂ ᠳ᠋ᠠᠶᠢᠲ᠋ᠠ ᠶᠢ ᠲᠠᠰᠤᠯᠳᠠᠭᠤᠯᠬᠤ ᠠᠴᠠ ᠰᠡᠷᠭᠡᠶᠢᠯᠡᠵᠦ᠂ ᠠᠳᠠᠯᠢ ᠪᠤᠰᠤ ᠢᠷᠡᠯᠲᠡ ᠲᠠᠢ ᠳ᠋ᠠᠶᠢᠲ᠋ᠠ ᠶᠢ | ᠣᠷᠭᠠᠨᠢᠭ ᠪᠦᠬᠦᠯᠢ ᠴᠣᠭᠴᠠ ᠪᠣᠯᠭᠠᠨ᠂ ᠢᠯᠡ ᠲᠣᠳᠣ ᠬᠤᠯᠪᠣᠭᠳᠠᠬᠤ ᠬᠠᠷᠢᠴᠠᠭ᠎ᠠ ᠶᠢ ᠪᠠᠶᠢᠭᠤᠯᠤᠨ᠂ ᠠᠶᠤᠯ | ᠲᠦᠭᠰᠢᠭᠦᠷᠢ ᠶᠢᠨ ᠡᠬᠢ ᠰᠤᠷᠪᠤᠯᠵᠢ ᠪᠠ ᠬᠠᠯᠳᠠᠪᠤᠷᠢᠯᠠᠬᠤ ᠠᠷᠭ᠎ᠠ ᠵᠠᠮ ᠢ ᠪᠦᠬᠦ ᠲᠠᠯ᠎ᠠ ᠪᠠᠷ ᠲᠣᠭᠠᠴᠢᠨ᠎ᠠ︔ | ᠬᠠᠮᠲᠤ ᠪᠠᠷ ᠪᠠᠶᠢᠭᠤᠯᠬᠤ᠂ ᠬᠠᠮᠲᠤ ᠪᠠᠷ ᠬᠦᠷᠲᠡᠬᠦ ᠵᠠᠷᠴᠢᠮ ᠶᠣᠰᠣᠭᠠᠷ᠂ ᠮᠥᠩᠭᠦᠨ ᠭᠦᠢᠯᠭᠡᠭᠡᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠠᠭ ᠲᠤᠬᠠᠢ ᠳᠤ ᠨᠢ᠂ ᠪᠦᠷᠢᠨ ᠭᠦᠢᠴᠡᠳ ᠮᠡᠳᠡᠭᠡ ᠵᠠᠩᠭᠢ ᠶᠢᠨ | ᠳᠡᠮᠵᠢᠯᠭᠡ ᠬᠠᠩᠭᠠᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠮᠥᠩᠭᠦᠨ ᠭᠦᠢᠯᠭᠡᠭᠡᠨ ᠤ ᠦᠢᠯᠡᠰ ᠤᠨ | ᠶᠡᠷᠦᠩᠬᠡᠶᠢᠯᠡᠨ ᠪᠦᠷᠢᠳᠬᠡᠬᠦ ᠠᠵᠢᠯ ᠨᠢ ᠡᠷᠬᠡᠪᠰᠢ ︽ᠪᠦᠬᠦ ᠲᠠᠯ᠎ᠠ ᠶᠢ ᠬᠠᠮᠤᠷᠬᠤ︾ ᠶᠢ ᠪᠡᠶᠡᠯᠡᠭᠦᠯᠬᠦ ᠬᠡᠷᠡᠭᠲᠡᠢ᠃ | ᠨᠢᠭᠡ ᠳᠤ᠂ ᠬᠠᠮᠤᠷᠬᠤ ᠡᠲᠡᠭᠡᠳ ᠨᠢ ᠪᠦᠷᠢᠨ ᠪᠠᠶᠢᠬᠤ ᠬᠡᠷᠡᠭᠲᠡᠢ᠂ ᠲᠤᠬᠠᠶᠢᠯᠠᠪᠠᠯ ᠪᠣᠢ ᠪᠦᠬᠦᠢ ᠮᠥᠩᠭᠦᠨ | ᠭᠦᠢᠯᠭᠡᠭᠡᠨ ᠤ ᠪᠠᠶᠢᠭᠤᠯᠤᠮᠵᠢ᠂ ᠮᠥᠩᠭᠦᠨ ᠭᠦᠢᠯᠭᠡᠭᠡᠨ ᠤ ᠰᠠᠭᠤᠷᠢ ᠪᠡᠯᠡᠳᠬᠡᠮᠵᠢ ᠪᠠ ᠮᠥᠩᠭᠦᠨ ᠭᠦᠢᠯᠭᠡᠭᠡᠨ ᠤ | ᠠᠵᠢᠯᠯᠠᠭ᠎ᠠ ᠶᠢ ᠬᠠᠮᠤᠷᠤᠨ᠎ᠠ᠃ ᠬᠤᠶᠠᠷ ᠲᠤ᠂ ᠬᠠᠮᠤᠷᠬᠤ ᠲᠤᠬᠠᠶᠢᠯᠠᠭᠰᠠᠨ ᠠᠵᠢᠯ ᠨᠢ ᠪᠦᠷᠢᠨ ᠪᠠᠶᠢᠬᠤ ᠬᠡᠷᠡᠭᠲᠡᠢ᠂ | ᠲᠤᠬᠠᠶᠢᠯᠠᠪᠠᠯ ᠮᠥᠩᠭᠦᠨ ᠭᠦᠢᠯᠭᠡᠭᠡᠨ ᠤ ᠠᠷᠠᠯᠵᠢᠶ᠎ᠠ ᠶᠢᠨ ᠪᠦᠬᠦ ᠬᠡᠯᠬᠢᠶ᠎ᠡ ᠶᠢ ᠬᠠᠮᠤᠷᠴᠤ᠂ ᠮᠥᠩᠭᠦᠨ ᠭᠦᠢᠯᠭᠡᠭᠡᠨ ᠤ | ᠠᠷᠠᠯᠵᠢᠶ᠎ᠠ ᠨᠢᠭᠡᠪᠦᠷᠢ ᠳᠤ᠂ ᠳᠡᠭᠡᠭᠰᠢ ᠪᠠᠨ ᠬᠠᠮᠤᠭ ᠤᠨ ᠰᠡᠭᠦᠯᠴᠢ ᠶᠢᠨ ᠪᠡᠯᠡ ᠮᠥᠩᠭᠦ ᠶᠢ ᠬᠠᠩᠭᠠᠬᠤ ᠲᠠᠯ᠎ᠠ | ᠬᠦᠷᠲᠡᠯ᠎ᠡ ᠬᠤᠯᠪᠣᠭᠳᠠᠭᠤᠯᠵᠤ᠂ ᠳᠣᠷᠣᠭᠰᠢ ᠪᠠᠨ ᠬᠠᠮᠤᠭ ᠤᠨ ᠰᠡᠭᠦᠯᠴᠢ ᠶᠢᠨ ᠪᠡᠯᠡ ᠮᠥᠩᠭᠦ ᠶᠢ ᠬᠡᠷᠡᠭᠯᠡᠬᠦ ᠲᠠᠯ᠎ᠠ | ᠬᠦᠷᠲᠡᠯ᠎ᠡ ᠬᠤᠯᠪᠣᠭᠳᠠᠭᠤᠯᠬᠤ ᠶᠢᠨ ᠬᠠᠮᠲᠤ᠂ ᠮᠥᠩᠭᠦᠨ ᠭᠦᠢᠯᠭᠡᠭᠡᠨ ᠤ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ | ᠨᠡᠷᠡᠳᠬᠦᠨ ᠢ ᠨᠢᠭᠲᠠ ᠠᠩᠬᠠᠷᠴᠤ᠂ ᠲᠤᠭ᠎ᠠ ᠪᠦᠷᠢᠳᠬᠡᠯ ᠤᠨ ᠬᠢᠨᠠᠨ ᠰᠢᠨᠵᠢᠬᠦ ᠬᠡᠪᠴᠢᠶ᠎ᠡ ᠳᠤ ᠲᠣᠬᠢᠷᠠᠭᠰᠠᠨ ᠴᠠᠭ ᠲᠤ | ᠨᠢ ᠣᠷᠣᠭᠤᠯᠤᠨ᠎ᠠ᠃ ᠭᠤᠷᠪᠠ ᠳᠤ᠂ ᠬᠠᠮᠤᠷᠬᠤ ᠠᠭᠤᠯᠭ᠎ᠠ ᠨᠢ ᠪᠦᠷᠢᠨ ᠪᠠᠶᠢᠬᠤ ᠬᠡᠷᠡᠭᠲᠡᠢ᠂ ᠲᠤᠬᠠᠶᠢᠯᠠᠪᠠᠯ | ᠶᠡᠷᠦᠩᠬᠡᠢ ᠬᠡᠮᠵᠢᠶ᠎ᠡ ᠬᠢᠭᠡᠳ ᠪᠦᠲᠦᠴᠡ ᠶᠢ ᠲᠣᠳᠣᠷᠬᠠᠢ ᠢᠯᠭᠠᠵᠤ᠂ ᠲᠤᠭ᠎ᠠ ᠬᠡᠮᠵᠢᠶ᠎ᠡ ᠬᠢᠭᠡᠳ ᠦᠨ᠎ᠡ ᠬᠠᠩᠰᠢ ᠶᠢ | ᠬᠠᠪᠰᠤᠷᠭᠠᠬᠤ᠂ ᠬᠠᠳᠠᠭᠠᠯᠠᠭᠳᠠᠴᠠ ᠬᠢᠭᠡᠳ ᠭᠦᠢᠯᠭᠡᠭᠡ ᠶᠢ ᠵᠡᠷᠭᠡ ᠳᠤ ᠨᠢ ᠴᠢᠬᠤᠯᠠᠴᠢᠯᠠᠬᠤ ᠶᠢ ᠭᠦᠢᠴᠡᠳᠬᠡᠵᠦ᠂ | ᠣᠯᠠᠨ ᠬᠠᠷᠠᠭᠠᠰᠤ ᠠᠴᠠ ᠪᠦᠬᠦ ᠲᠠᠯ᠎ᠠ ᠶᠢᠨ ᠪᠦᠲᠦᠮᠵᠢᠲᠡᠢ ᠮᠡᠳᠡᠭᠡ ᠵᠠᠩᠭᠢ ᠶᠢ ᠬᠠᠩᠭᠠᠨ᠎ᠠ᠃ | ᠠᠰᠠᠭᠤᠯᠲᠠ᠄ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠨᠢ ᠠᠵᠢᠯ ᠤᠨ | ᠲᠣᠭᠲᠠᠴᠠ ᠶᠢᠨ ᠲᠠᠯ᠎ᠠ ᠪᠠᠷ ᠶᠠᠮᠠᠷ ᠶᠠᠮᠠᠷ ᠭᠢᠯᠠᠰ ᠴᠡᠭ ᠪᠠᠶᠢᠬᠤ ᠪᠣᠢ︖ | ᠬᠠᠷᠢᠭᠤᠯᠲᠠ᠄ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠡᠯ᠎ᠡ ᠰᠠᠯᠠᠭ᠎ᠠ | ᠮᠥᠴᠢᠷ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ | ᠬᠠᠷᠢᠯᠴᠠᠨ ᠤᠶᠠᠯᠳᠤᠭᠤᠯᠬᠤ ᠵᠠᠷᠴᠢᠮ ᠢ ᠪᠠᠷᠢᠮᠲᠠᠯᠠᠵᠤ᠂ ︽ᠪᠠᠷᠢᠮᠵᠢᠶ᠎ᠠ ᠶᠢ ᠨᠢᠭᠡᠳᠦᠭᠦᠯᠬᠦ᠂ ᠵᠡᠷᠭᠡ ᠳᠤ ᠨᠢ | ᠴᠤᠭᠯᠠᠭᠤᠯᠬᠤ᠂ ᠲᠥᠪᠯᠡᠷᠡᠭᠦᠯᠦᠨ ᠰᠢᠯᠭᠠᠨ ᠬᠢᠨᠠᠬᠤ᠂ ᠬᠤᠷᠢᠶᠠᠩᠭᠤᠶᠢᠯᠠᠵᠤ ᠬᠠᠮᠲᠤ ᠪᠠᠷ ᠬᠦᠷᠲᠡᠬᠦ︾ ᠠᠵᠢᠯ ᠤᠨ | ᠲᠣᠭᠲᠠᠴᠠ ᠶᠢ ᠬᠠᠮᠲᠤ ᠪᠠᠷ ᠰᠤᠳᠤᠯᠤᠨ ᠲᠣᠭᠲᠠᠭᠠᠵᠤ᠂ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ | ᠪᠦᠷᠢᠳᠬᠡᠬᠦ ᠠᠵᠢᠯ ᠢ ᠵᠥᠪᠬᠡᠨ ᠲᠤᠭ᠎ᠠ ᠬᠡᠮᠵᠢᠶ᠎ᠡ ᠶᠢᠨ ᠲᠠᠯ᠎ᠠ ᠪᠠᠷ ᠳᠡᠭᠡᠭᠰᠢᠯᠡᠭᠦᠯᠦᠭᠰᠡᠨ ᠲᠡᠳᠦᠢ ᠦᠭᠡᠢ᠂ ᠪᠠᠰᠠ | ᠴᠢᠨᠠᠷ ᠤᠨ ᠲᠠᠯ᠎ᠠ ᠳᠤ ᠦᠰᠦᠷᠦᠯᠲᠡ ᠭᠠᠷᠭᠠᠬᠤ ᠶᠢ ᠪᠠᠲᠤᠯᠠᠪᠠ᠂ ᠡᠨᠡ ᠪᠣᠯ ︽ᠰᠠᠨᠠᠯ︾ ᠤᠨ ᠭᠤᠣᠯ ᠪᠣᠯᠬᠤ ᠭᠢᠯᠠᠰ | ᠴᠡᠭ ᠪᠣᠯᠣᠨ᠎ᠠ᠃ | ︽ᠪᠠᠷᠢᠮᠵᠢᠶ᠎ᠠ ᠶᠢ ᠨᠢᠭᠡᠳᠦᠭᠦᠯᠬᠦ︾ ᠪᠣᠯ ᠡᠯ᠎ᠡ ᠵᠦᠢᠯ ᠤᠨ ᠠᠵᠢᠯ ᠢ ᠠᠬᠢᠭᠤᠯᠬᠤ ᠤᠷᠢᠳᠠᠯ ᠪᠣᠯᠣᠨ᠎ᠠ᠃ | ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠬᠤ ᠨᠢ | ᠰᠠᠭᠤᠷᠢ ᠲᠤᠭ᠎ᠠ ᠪᠦᠷᠢᠳᠬᠡᠯ ᠤᠨ ᠴᠢᠬᠤᠯᠠ ᠬᠦᠴᠦᠨ ᠵᠦᠢᠯ ᠳᠤ ᠨᠢᠭᠡᠳᠦᠯᠲᠡᠢ ᠪᠠᠷᠢᠮᠵᠢᠶ᠎ᠠ ᠲᠣᠭᠲᠠᠭᠠᠵᠤ᠂ ᠲᠥᠷᠥᠯ | ᠠᠩᠭᠢᠯᠠᠯ᠂ ᠲᠣᠮᠢᠶᠠᠯᠠᠯ ᠪᠠ ᠺᠣᠳ᠋ ᠤᠨ ᠳᠦᠷᠢᠮ ᠢ ᠲᠣᠳᠣᠷᠬᠠᠶᠢᠯᠠᠨ᠂ ᠰᠠᠭᠤᠷᠢ ᠲᠤᠭ᠎ᠠ ᠪᠦᠷᠢᠳᠬᠡᠯ ᠤᠨ | ᠪᠠᠷᠢᠮᠵᠢᠶ᠎ᠠ ᠶᠢ ᠪᠦᠷᠢᠳᠦᠭᠦᠯᠬᠦ ᠳᠤ ᠠᠰᠢᠭᠲᠠᠢ᠃ ᠡᠯ᠎ᠡ ᠨᠢᠭᠡᠴᠢ ᠶᠢᠨ ᠰᠢᠨ᠎ᠡ ᠪᠠᠷ ᠪᠠᠶᠢᠭᠤᠯᠤᠭᠰᠠᠨ ᠲᠤᠭ᠎ᠠ | ᠪᠦᠷᠢᠳᠬᠡᠯ ᠤᠨ ᠪᠠᠷᠢᠮᠵᠢᠶ᠎ᠠ ᠶᠢ ᠰᠠᠭᠤᠷᠢ ᠲᠤᠭ᠎ᠠ ᠪᠦᠷᠢᠳᠬᠡᠯ ᠤᠨ ᠪᠠᠷᠢᠮᠵᠢᠶ᠎ᠠ ᠲᠠᠢ ᠵᠣᠯᠭᠠᠯᠳᠤᠭᠤᠯᠬᠤ ᠬᠡᠷᠡᠭᠲᠡᠢ︔ | ᠣᠳᠣ ᠶᠢᠨ ᠪᠠᠶᠢᠭ᠎ᠠ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠡᠮᠬᠢᠯᠡᠨ ᠳᠢᠭᠯᠡᠵᠦ᠂ ᠰᠠᠭᠤᠷᠢ ᠲᠤᠭ᠎ᠠ ᠪᠦᠷᠢᠳᠬᠡᠯ ᠤᠨ | ᠪᠠᠷᠢᠮᠵᠢᠶ᠎ᠠ ᠲᠠᠢ ᠵᠣᠬᠢᠴᠠᠭᠤᠯᠵᠤ ᠳᠡᠶᠢᠯᠬᠦ ᠶᠢ ᠨᠢ ᠰᠢᠭᠤᠳ ᠵᠣᠯᠭᠠᠯᠳᠤᠭᠤᠯᠵᠤ᠂ ᠲᠦᠷ ᠵᠣᠬᠢᠴᠠᠭᠤᠯᠵᠤ ᠳᠡᠶᠢᠯᠬᠦ | ᠦᠭᠡᠢ ᠳᠤ ᠨᠢ ᠬᠤᠶᠠᠷ ᠵᠢᠯ ᠤᠨ ᠰᠢᠯᠵᠢᠯᠲᠡ ᠶᠢᠨ ᠬᠤᠭᠤᠴᠠᠭ᠎ᠠ ᠣᠯᠭᠤᠵᠤ᠂ ᠰᠢᠯᠵᠢᠯᠲᠡ ᠶᠢᠨ ᠬᠤᠭᠤᠴᠠᠭᠠᠨ ᠤ | ᠳᠣᠲᠣᠷ᠎ᠠ ᠵᠣᠯᠭᠠᠯᠳᠤᠭᠤᠯᠬᠤ ᠶᠢ ᠪᠡᠶᠡᠯᠡᠭᠦᠯᠵᠦ᠂ ᠲᠤᠭ᠎ᠠ ᠪᠦᠷᠢᠳᠬᠡᠯ ᠤᠨ ᠪᠠᠷᠢᠮᠵᠢᠶ᠎ᠠ ᠪᠠ ᠳᠦᠷᠢᠮ ᠢ | ᠲᠣᠭᠲᠠᠭᠤᠨ ᠪᠠᠷ ᠤᠯᠠᠷᠢᠭᠤᠯᠬᠤ ᠶᠢ ᠰᠠᠶᠢᠲᠤᠷ ᠬᠢᠬᠦ ᠬᠡᠷᠡᠭᠲᠡᠢ᠃ | ︽ᠵᠡᠷᠭᠡ ᠳᠤ ᠨᠢ ᠴᠤᠭᠯᠠᠭᠤᠯᠬᠤ︾ ᠪᠣᠯ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠭᠰᠡᠨ ᠲᠤᠭ᠎ᠠ | ᠪᠦᠷᠢᠳᠬᠡᠯ ᠤᠨ ᠳ᠋ᠠᠶᠢᠲ᠋ᠠ ᠪᠣᠢ ᠪᠣᠯᠬᠤ ᠶᠠᠪᠤᠴᠠ ᠶᠢᠨ ᠡᠬᠢᠯᠡᠯᠲᠡ ᠪᠣᠯᠣᠨ᠎ᠠ᠃ ᠰᠢᠨ᠎ᠡ ᠪᠠᠷ ᠪᠠᠶᠢᠭᠤᠯᠬᠤ ᠲᠤᠭ᠎ᠠ | ᠪᠦᠷᠢᠳᠬᠡᠯ ᠢ ᠠᠷᠠᠳ ᠤᠨ ᠪᠠᠩᠬᠢ ᠬᠢᠭᠡᠳ ᠪᠤᠰᠤᠳ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ | ᠰᠢᠭᠤᠳ ᠵᠡᠷᠭᠡ ᠳᠤ ᠨᠢ ᠴᠤᠭᠯᠠᠭᠤᠯᠤᠨ᠎ᠠ᠃ ᠣᠳᠣ ᠶᠢᠨ ᠬᠡᠷᠡᠭᠵᠢᠭᠦᠯᠵᠦ ᠪᠠᠶᠢᠭ᠎ᠠ ᠲᠤᠭ᠎ᠠ ᠪᠦᠷᠢᠳᠬᠡᠯ ᠳᠤ᠂ | ᠠᠷᠠᠳ ᠤᠨ ᠪᠠᠩᠬᠢ ᠨᠢ ᠳ᠋ᠠᠶᠢᠲ᠋ᠠ ᠶᠢ ᠴᠤᠭᠯᠠᠭᠤᠯᠤᠨ ᠨᠡᠶᠢᠯᠡᠭᠦᠯᠬᠦ ᠶᠢ ᠵᠣᠬᠢᠴᠠᠭᠤᠯᠤᠨ᠎ᠠ᠃ | ︽ᠲᠥᠪᠯᠡᠷᠡᠭᠦᠯᠦᠨ ᠰᠢᠯᠭᠠᠨ ᠬᠢᠨᠠᠬᠤ︾ ᠪᠣᠯ ᠠᠳᠠᠯᠢ ᠪᠤᠰᠤ ᠢᠷᠡᠯᠲᠡ ᠲᠠᠢ ᠳ᠋ᠠᠶᠢᠲ᠋ᠠ ᠶᠢᠨ | ᠬᠤᠭᠤᠷᠣᠨᠳᠤᠬᠢ ᠯᠣᠭᠢᠭ ᠢᠶᠠᠷ ᠲᠣᠬᠢᠷᠠᠯᠴᠠᠬᠤ ᠬᠠᠷᠢᠴᠠᠭ᠎ᠠ ᠶᠢ ᠪᠠᠶᠢᠭᠤᠯᠬᠤ ᠶᠢᠨ ᠲᠥᠯᠥᠭᠡ ᠶᠤᠮ᠃ ᠡᠨᠡ ᠨᠢ | ᠳ᠋ᠠᠶᠢᠲ᠋ᠠ ᠶᠢᠨ ᠶᠠᠰᠤ ᠴᠢᠨᠠᠷ ᠢ ᠡᠵᠡᠮᠳᠡᠬᠦ ᠵᠠᠩᠭᠢᠯᠠᠭ᠎ᠠ ᠶᠢᠨ ᠲᠠᠯ᠎ᠠ ᠪᠣᠯᠬᠤ ᠪᠠᠷ ᠪᠠᠷᠠᠬᠤ ᠦᠭᠡᠢ᠂ ᠮᠥᠨ ᠴᠤ | ᠮᠥᠩᠭᠦᠨ ᠭᠦᠢᠯᠭᠡᠭᠡᠨ ᠤ ᠠᠵᠢᠯᠯᠠᠭ᠎ᠠ ᠶᠢᠨ ᠬᠤᠯᠪᠣᠭᠳᠠᠭᠤᠯᠬᠤ ᠪᠠ ᠵᠢᠭᠢᠷᠢᠭᠯᠡᠯ ᠢᠶᠠᠷ ᠬᠢᠨᠠᠨ ᠰᠢᠨᠵᠢᠬᠦ ᠴᠢᠬᠤᠯᠠ | ᠠᠷᠭ᠎ᠠ ᠪᠠᠷᠢᠯ ᠪᠣᠯᠣᠨ᠎ᠠ᠃ | ︽ᠲᠥᠪᠯᠡᠷᠡᠭᠦᠯᠦᠨ ᠬᠠᠮᠲᠤ ᠪᠠᠷ ᠬᠦᠷᠲᠡᠬᠦ︾ ᠪᠣᠯ ᠮᠥᠩᠭᠦᠨ ᠭᠦᠢᠯᠭᠡᠭᠡᠨ ᠤ ᠦᠢᠯᠡᠰ ᠤᠨ | ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠳ᠋ᠠᠶᠢᠲ᠋ᠠ ᠶᠢ ᠪᠣᠢ ᠪᠣᠯᠭᠠᠬᠤ ᠪᠠ ᠬᠡᠷᠡᠭᠯᠡᠬᠦ ᠲᠠᠯ᠎ᠠ ᠳᠠᠬᠢ | ᠲᠣᠬᠢᠷᠠᠭᠤᠯᠤᠯᠲᠠ ᠪᠣᠯᠣᠨ᠎ᠠ᠃ ᠭᠤᠣᠯᠳᠠᠭᠤ ᠳ᠋ᠠᠶᠢᠲ᠋ᠠ ᠶᠢ ᠬᠤᠷᠢᠶᠠᠩᠭᠤᠶᠢᠯᠠᠬᠤ ᠳᠦᠷᠢᠮ ᠢ ᠨᠢᠭᠡᠳᠦᠯᠲᠡᠢ | ᠲᠣᠭᠲᠠᠭᠠᠬᠤ ᠪᠠ ᠬᠠᠮᠠᠭᠠᠯᠠᠵᠤ᠂ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ | ᠮᠡᠳᠡᠭᠦᠯᠦᠯᠲᠡ ᠶᠢᠨ ᠬᠦᠰᠦᠨᠦᠭ ᠤᠨ ᠰᠢᠰᠲ᠋ᠧᠮᠵᠢ ᠶᠢ ᠨᠢᠭᠡᠳᠦᠯᠲᠡᠢ ᠲᠣᠭᠲᠠᠭᠠᠨ ᠬᠠᠮᠢᠶᠠᠷᠴᠤ᠂ ᠤᠯᠤᠰ ᠤᠨ | ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠤᠨ ᠬᠤᠭᠤᠷᠣᠨᠳᠤᠬᠢ ᠳ᠋ᠠᠶᠢᠲ᠋ᠠ ᠶᠢ ᠪᠦᠬᠦ | ᠲᠠᠯ᠎ᠠ ᠪᠠᠷ ᠬᠠᠮᠲᠤ ᠪᠠᠷ ᠬᠦᠷᠲᠡᠬᠦ ᠲᠣᠭᠲᠠᠴᠠ ᠶᠢ ᠪᠠᠶᠢᠭᠤᠯᠵᠤ᠂ ᠲᠤᠭ᠎ᠠ ᠪᠦᠷᠢᠳᠬᠡᠯ ᠤᠨ ᠬᠢᠨᠠᠨ ᠰᠢᠨᠵᠢᠯᠲᠡ ᠶᠢᠨ | ᠥᠪᠡᠷ ᠤᠨ ᠥᠷᠲᠡᠭ ᠢ ᠪᠠᠭᠤᠷᠠᠭᠤᠯᠬᠤ ᠵᠡᠷᠭᠡ ᠪᠠᠭᠲᠠᠵᠤ ᠪᠠᠶᠢᠨ᠎ᠠ᠃ | ᠠᠰᠠᠭᠤᠯᠲᠠ᠄ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠤᠨ ᠣᠶᠢᠷ᠎ᠠ ᠶᠢᠨ | ᠬᠤᠭᠤᠴᠠᠭᠠᠨ ᠤ ᠠᠵᠢᠯ ᠤᠨ ᠭᠤᠣᠯᠳᠠᠯᠭ᠎ᠠ ᠬᠢᠭᠡᠳ ᠢᠷᠡᠭᠡᠳᠦᠢ ᠶᠢᠨ ᠲᠥᠯᠥᠪᠵᠢᠭᠦᠯᠭᠡ ᠶᠢ ᠲᠠᠨᠢᠯᠴᠠᠭᠤᠯᠤᠭᠠᠳ | ᠥᠭᠭᠦᠨ᠎ᠡ ᠦᠦ︖ | ᠬᠠᠷᠢᠭᠤᠯᠲᠠ᠄ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠪᠣᠯ ᠨᠢᠭᠡ | ᠵᠦᠢᠯ ᠤᠨ ᠰᠢᠰᠲ᠋ᠧᠮᠲᠦ ᠴᠢᠨᠠᠷᠲᠠᠢ ᠢᠨᠵᠧᠨᠧᠷᠢᠩ ᠪᠣᠯᠣᠨ᠎ᠠ᠃ ︽ᠰᠠᠨᠠᠯ︾ ᠨᠢ ᠲᠥᠷᠥ ᠶᠢᠨ ᠪᠣᠳᠣᠯᠭ᠎ᠠ ᠳᠤ | ᠱᠠᠭᠠᠷᠳᠠᠭᠳᠠᠬᠤ ᠲᠤᠯᠭᠠᠮ᠎ᠠ ᠴᠢᠨᠠᠷ ᠪᠠ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠣᠯᠣᠮᠵᠢᠲᠤ ᠴᠢᠨᠠᠷ ᠢ ᠨᠢᠭᠡᠳᠦᠯᠲᠡᠢ | ᠲᠥᠯᠥᠪᠵᠢᠭᠦᠯᠦᠨ ᠨᠡᠶᠢᠲᠡ ᠳᠤ ᠨᠢ ᠬᠠᠷᠠᠭᠠᠯᠵᠠᠵᠤ᠂ ᠱᠠᠲᠤ ᠦᠶ᠎ᠡ᠂ ᠠᠯᠬᠤᠮ ᠳᠠᠷᠠᠭ᠎ᠠ ᠬᠤᠪᠢᠶᠠᠨ ᠭᠤᠣᠯᠳᠠᠯᠭ᠎ᠠ | ᠲᠠᠢ ᠠᠵᠢᠯ ᠢ ᠥᠷᠨᠢᠭᠦᠯᠬᠦ ᠬᠡᠷᠡᠭᠲᠡᠢ ᠭᠡᠵᠦ ᠳᠤᠷᠠᠳᠴᠠᠢ᠃ ᠡᠯ᠎ᠡ ᠲᠤᠰᠬᠠᠢ ᠵᠦᠢᠯ ᠤᠨ ᠲᠤᠭ᠎ᠠ ᠪᠦᠷᠢᠳᠬᠡᠯ ᠳᠤ | ᠬᠡᠷᠡᠭᠵᠢᠭᠦᠯᠬᠦ ᠠᠷᠭ᠎ᠠ ᠵᠠᠮ᠂ ᠪᠣᠢ ᠪᠣᠯᠬᠤ ᠭᠤᠣᠯ ᠭᠠᠵᠠᠷ ᠪᠠ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ | ᠴᠥᠮ ᠲᠣᠳᠣᠷᠬᠠᠶᠢᠯᠠᠵᠤ᠂ ᠬᠠᠷᠠᠯᠲᠠ ᠨᠢ ᠲᠣᠳᠣᠷᠬᠠᠢ᠂ ᠡᠭᠦᠷᠭᠡ ᠬᠠᠷᠢᠭᠤᠴᠠᠯᠭ᠎ᠠ ᠨᠢ ᠢᠯᠡᠷᠬᠡᠢ᠂ ᠭᠤᠣᠯᠳᠠᠯᠭ᠎ᠠ ᠨᠢ | ᠲᠣᠪᠣᠶᠢᠮ᠎ᠠ᠂ ᠠᠵᠢᠯᠯᠠᠭᠤᠯᠬᠤ ᠴᠢᠨᠠᠷ ᠨᠢ ᠴᠢᠩᠭ᠎ᠠ ᠪᠠᠶᠢᠯᠭᠠᠬᠤ ᠪᠠᠷ ᠬᠦᠴᠦᠯᠡᠨ ᠴᠢᠷᠮᠠᠶᠢᠨ᠎ᠠ᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ | ᠨᠠᠮᠳᠠᠭᠤᠯᠬᠤ ᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠭᠤᠷᠪᠠᠨ ᠶᠡᠭᠡ | ᠰᠢᠪᠲᠤᠯᠤᠯᠲᠠ ᠶᠢᠨ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠲᠡᠮᠡᠴᠡᠨ ᠣᠯᠬᠤ ᠲᠡᠷᠢᠭᠦᠨ ᠴᠢᠬᠤᠯᠠ ᠡᠭᠦᠷᠭᠡ | ᠪᠣᠯᠭᠠᠪᠠ᠃ ︽ᠰᠠᠨᠠᠯ︾ ᠳᠤ᠂ ᠣᠶᠢᠷ᠎ᠠ ᠶᠢᠨ ᠬᠤᠭᠤᠴᠠᠭᠠᠨ ᠳᠤ ᠭᠤᠣᠯᠳᠠᠭᠤ ︽ᠰᠢᠰᠲ᠋ᠧᠮᠲᠦ ᠴᠢᠨᠠᠷᠲᠠᠢ ᠮᠥᠩᠭᠦᠨ | ᠭᠦᠢᠯᠭᠡᠭᠡᠨ ᠤ ᠲᠦᠭᠰᠢᠭᠦᠷᠢ ᠥᠯᠥ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠬᠤ︾ ᠲᠤᠯᠭᠠᠮ᠎ᠠ ᠱᠠᠭᠠᠷᠳᠠᠯᠭ᠎ᠠ ᠳᠤ | ᠬᠠᠨᠳᠤᠭᠤᠯᠤᠨ᠂ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠥᠷᠨᠢᠭᠦᠯᠦᠨ᠎ᠡ᠃ ᠨᠢᠭᠡ ᠳᠤ᠂ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠡᠷᠡᠳᠬᠦᠨ ᠢ | ᠪᠦᠷᠢᠳᠬᠡᠬᠦ ᠢᠶᠠᠷ ᠰᠢᠪᠲᠤᠯᠤᠯᠲᠠ ᠪᠣᠯᠭᠠᠵᠤ᠂ ᠰᠣᠯᠢᠪᠴᠠᠯ ᠤᠨ ᠴᠢᠨᠠᠷᠲᠠᠢ ᠮᠥᠩᠭᠦᠨ ᠭᠦᠢᠯᠭᠡᠭᠡᠨ ᠤ ᠨᠡᠷᠡᠳᠬᠦᠨ ᠤ | ᠲᠤᠭ᠎ᠠ ᠪᠦᠷᠢᠳᠬᠡᠯ ᠢ ᠪᠠᠶᠢᠭᠤᠯᠵᠤ᠂ ᠠᠵᠢᠯ ᠲᠥᠷᠥᠯ ᠠᠯᠤᠰᠯᠠᠭᠰᠠᠨ᠂ ᠵᠠᠬ᠎ᠠ ᠳᠡᠯᠭᠡᠭᠦᠷ ᠠᠯᠤᠰᠯᠠᠭᠰᠠᠨ᠂ ᠰᠠᠯᠠᠭ᠎ᠠ | ᠮᠥᠴᠢᠷ ᠠᠯᠤᠰᠯᠠᠭᠰᠠᠨ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠪᠦᠲᠦᠮᠵᠢᠲᠡᠢ ᠪᠦᠷᠢᠳᠬᠡᠵᠦ ᠬᠢᠨᠠᠨ ᠰᠢᠨᠵᠢᠨ᠎ᠡ᠃ | ᠬᠤᠶᠠᠷ ᠲᠤ᠂ ᠰᠢᠰᠲ᠋ᠧᠮ ᠢᠶᠠᠷ ᠴᠢᠬᠤᠯᠠ ᠴᠢᠨᠠᠷᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠭ᠎ᠠ | ᠪᠦᠷᠢᠳᠬᠡᠯ ᠢ ᠪᠠᠶᠢᠭᠤᠯᠵᠤ᠂ ᠰᠢᠰᠲ᠋ᠧᠮ ᠢᠶᠠᠷ ᠴᠢᠬᠤᠯᠠ ᠴᠢᠨᠠᠷᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠬᠢᠨ ᠤ ᠮᠥᠩᠭᠦᠨ ᠭᠦᠢᠯᠭᠡᠭᠡᠨ ᠤ ᠰᠢᠰᠲ᠋ᠧᠮᠵᠢ ᠳᠠᠬᠢ ᠨᠥᠯᠥᠭᠡᠯᠡᠬᠦ ᠬᠡᠮᠵᠢᠶ᠎ᠡ ᠶᠢ ᠪᠦᠬᠦ ᠲᠠᠯ᠎ᠠ ᠪᠠᠷ ᠡᠵᠡᠮᠰᠢᠵᠦ᠂ | ᠲᠦᠭᠰᠢᠭᠦᠷᠢ ᠶᠢᠨ ᠳᠠᠮᠵᠢᠭᠳᠠᠬᠤ ᠵᠠᠩᠭᠢᠯᠠᠭ᠎ᠠ ᠶᠢᠨ ᠴᠡᠭ ᠪᠠ ᠬᠦᠨᠳᠦ ᠶᠡᠭᠡ ᠲᠦᠭᠰᠢᠭᠦᠷᠢ ᠶᠢᠨ ᠳᠠᠯᠳᠠ ᠰᠣᠭᠤᠭ ᠢ | ᠴᠠᠭ ᠲᠤᠬᠠᠢ ᠳᠤ ᠨᠢ ᠢᠯᠡᠷᠡᠭᠦᠯᠦᠨ᠎ᠡ᠃ ᠭᠤᠷᠪᠠ ᠳᠤ᠂ ᠮᠥᠩᠭᠦᠨ ᠭᠦᠢᠯᠭᠡᠭᠡᠨ ᠤ ᠰᠲ᠋ᠣᠺ ᠡᠵᠡᠮᠳᠡᠬᠦ ᠺᠣᠮᠫᠠᠨᠢ ᠵᠡᠷᠭᠡ | ᠮᠥᠩᠭᠦᠨ ᠭᠦᠢᠯᠭᠡᠭᠡᠨ ᠤ ᠪᠦᠯᠦᠭᠯᠡᠯ ᠤᠨ ᠲᠤᠭ᠎ᠠ ᠪᠦᠷᠢᠳᠬᠡᠯ ᠢ ᠪᠠᠶᠢᠭᠤᠯᠵᠤ᠂ ᠳᠣᠲᠣᠷ ᠲᠠᠯ᠎ᠠ ᠶᠢᠨ ᠬᠤᠯᠪᠣᠭᠳᠠᠬᠤ | ᠠᠷᠠᠯᠵᠢᠶ᠎ᠠ ᠶᠢ ᠮᠠᠭᠠᠳᠯᠠᠬᠤ ᠪᠠ ᠭᠠᠳᠠᠷ ᠲᠠᠯ᠎ᠠ ᠶᠢᠨ ᠲᠦᠭᠰᠢᠭᠦᠷᠢ ᠬᠠᠯᠳᠠᠪᠤᠷᠢᠯᠠᠬᠤ ᠶᠢ ᠢᠯᠭᠠᠨ ᠲᠣᠳᠣᠯᠠᠬᠤ ᠶᠢ | ᠳᠡᠮᠵᠢᠨ᠎ᠡ᠃ ᠳᠥᠷᠪᠡ ᠳᠤ᠂ ᠮᠥᠩᠭᠦᠨ ᠭᠦᠢᠯᠭᠡᠭᠡᠨ ᠤ ᠦᠢᠯᠡᠰ ᠤᠨ ᠡᠳ᠋ ᠬᠥᠷᠥᠩᠭᠡ ᠶᠢᠨ ᠥᠭᠴᠡᠭᠡᠨ ᠤ | ᠬᠦᠰᠦᠨᠦᠭ ᠢ ᠨᠠᠶᠢᠷᠠᠭᠤᠯᠤᠨ ᠵᠣᠬᠢᠶᠠᠵᠤ᠂ ᠮᠥᠩᠭᠦᠨ ᠭᠦᠢᠯᠭᠡᠭᠡᠨ ᠤ ᠪᠡᠯᠡ ᠮᠥᠩᠭᠦ ᠶᠢᠨ ᠭᠦᠢᠯᠭᠡᠭᠡ᠂ | ᠬᠠᠳᠠᠭᠠᠯᠠᠭᠳᠠᠴᠠ ᠶᠢᠨ ᠲᠤᠭ᠎ᠠ ᠪᠦᠷᠢᠳᠬᠡᠯ ᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠦᠢᠯᠡᠰ ᠤᠨ ᠪᠦᠬᠦ | ᠵᠦᠢᠯ ᠢ ᠣᠶᠢᠯᠠᠭᠠᠨ ᠲᠣᠳᠣᠯᠠᠵᠤ᠂ ᠬᠤᠷᠸ᠎ᠠ ᠲᠠᠯ᠎ᠠ ᠶᠢᠨ ᠬᠥᠰᠢᠭᠦᠷᠭᠡ ᠶᠢᠨ ᠨᠣᠷᠮ᠎ᠠ ᠶᠢᠨ ᠬᠢᠨᠠᠨ ᠰᠢᠨᠵᠢᠬᠦ | ᠰᠠᠭᠤᠷᠢ ᠶᠢ ᠴᠢᠩᠭᠠᠷᠠᠭᠤᠯᠤᠨ᠎ᠠ᠃ ᠲᠠᠪᠤ ᠳᠤ᠂ ᠵᠣᠭᠤᠰ ᠤᠨ ᠢᠲᠡᠭᠡᠮᠵᠢᠲᠦ ᠵᠢᠭᠡᠯᠡᠯᠭᠡ ᠶᠢᠨ ᠪᠦᠷᠢᠳᠬᠡᠯ ᠢ | ᠲᠡᠭᠦᠯᠳᠡᠷᠵᠢᠭᠦᠯᠵᠦ᠂ ᠵᠦᠢ ᠶᠣᠰᠣᠨ ᠤ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ | ᠵᠡᠷᠭᠡ ᠲᠤᠰᠬᠠᠢ ᠵᠦᠢᠯ ᠤᠨ ᠲᠤᠭ᠎ᠠ ᠪᠦᠷᠢᠳᠬᠡᠯ ᠢ ᠴᠢᠩᠭᠠᠳᠬᠠᠵᠤ᠂ ᠪᠣᠳᠠᠲᠤ ᠴᠣᠭᠴᠠᠲᠤ ᠠᠵᠤ ᠠᠬᠤᠢ ᠶᠢ ᠳᠡᠮᠵᠢᠬᠦ | ᠮᠥᠩᠭᠦᠨ ᠭᠦᠢᠯᠭᠡᠭᠡᠨ ᠤ ᠡᠷᠴᠢᠮ ᠪᠠ ᠪᠦᠲᠦᠴᠡ ᠶᠢ ᠵᠣᠬᠢᠰᠲᠠᠢ ᠦᠨᠡᠯᠡᠨ ᠵᠢᠱᠢᠨ᠎ᠡ᠃ ᠵᠢᠷᠭᠤᠭ᠎ᠠ ᠳᠤ᠂ | ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠤᠨ ᠲᠤᠭ᠎ᠠ ᠪᠦᠷᠢᠳᠬᠡᠯ ᠵᠡᠷᠭᠡ ᠮᠥᠩᠭᠦᠨ ᠭᠦᠢᠯᠭᠡᠭᠡᠨ ᠤ ᠰᠠᠭᠤᠷᠢ | ᠪᠡᠯᠡᠳᠬᠡᠮᠵᠢ ᠶᠢᠨ ᠲᠤᠭ᠎ᠠ ᠪᠦᠷᠢᠳᠬᠡᠯ ᠢ ᠪᠠᠶᠢᠭᠤᠯᠤᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠲᠦᠭᠰᠢᠭᠦᠷᠢ | ᠵᠢᠴᠢ ᠬᠠᠯᠳᠠᠪᠤᠷᠢᠯᠠᠬᠤ ᠠᠷᠭ᠎ᠠ ᠵᠠᠮ ᠢ ᠪᠦᠲᠦᠮᠵᠢᠲᠡᠢ ᠢᠯᠭᠠᠨ ᠲᠣᠳᠣᠯᠠᠨ᠎ᠠ᠃ ᠳᠣᠯᠤᠭ᠎ᠠ ᠳᠤ᠂ ᠤᠯᠤᠰ ᠤᠨ | ᠮᠥᠩᠭᠦᠨ ᠭᠦᠢᠯᠭᠡᠭᠡᠨ ᠤ ᠰᠠᠭᠤᠷᠢ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠶᠢ ᠡᠬᠢᠯᠡᠨ ᠶᠠᠪᠤᠭᠳᠠᠭᠤᠯᠵᠤ᠂ ᠪᠠᠴᠢᠮ | ᠬᠡᠷᠡᠭᠯᠡᠬᠦ ᠶᠢ ᠨᠢ ᠤᠷᠢᠳ ᠢᠶᠠᠷ ᠬᠡᠷᠡᠭᠵᠢᠭᠦᠯᠬᠦ ᠵᠠᠷᠴᠢᠮ ᠶᠣᠰᠣᠭᠠᠷ᠂ ᠮᠥᠩᠭᠦᠨ ᠭᠦᠢᠯᠭᠡᠭᠡᠨ ᠤ ᠦᠢᠯᠡᠰ ᠤᠨ | ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠰᠠᠭᠤᠷᠢ ᠳ᠋ᠠᠶᠢᠲ᠋ᠠ ᠶᠢ ᠴᠤᠭᠯᠠᠭᠤᠯᠤᠨ ᠨᠡᠶᠢᠯᠡᠭᠦᠯᠬᠦ ᠲᠠᠪᠴᠠᠩ ᠢ | ᠤᠷᠢᠳ ᠢᠶᠠᠷ ᠪᠠᠶᠢᠭᠤᠯᠵᠤ᠂ ᠲᠡᠭᠦᠨ ᠢ ᠣᠳᠣ ᠶᠢᠨ ᠪᠠᠶᠢᠭ᠎ᠠ ᠲᠤᠭ᠎ᠠ ᠪᠦᠷᠢᠳᠬᠡᠯ ᠤᠨ ᠳ᠋ᠠᠶᠢᠲ᠋ᠠ ᠶᠢ ᠴᠤᠭᠯᠠᠭᠤᠯᠤᠨ | ᠨᠡᠶᠢᠯᠡᠭᠦᠯᠬᠦ ᠪᠠ ᠰᠢᠨ᠎ᠡ ᠪᠠᠷ ᠪᠠᠶᠢᠭᠤᠯᠤᠭᠰᠠᠨ ᠲᠤᠭ᠎ᠠ ᠪᠦᠷᠢᠳᠬᠡᠯ ᠤᠨ ᠳ᠋ᠠᠶᠢᠲ᠋ᠠ ᠶᠢ ᠬᠤᠷᠢᠶᠠᠨ ᠴᠤᠭᠯᠠᠭᠤᠯᠬᠤ ᠶᠢ | ᠠᠩᠬ᠎ᠠ ᠠᠯᠬᠤᠮ ᠪᠡᠶᠡᠯᠡᠭᠦᠯᠬᠦ ᠳᠤ ᠬᠡᠷᠡᠭᠯᠡᠨ᠎ᠡ᠃ | ᠢᠷᠡᠭᠡᠳᠦᠢ ᠳᠤ᠂ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ | ᠠᠭᠤᠯᠬᠤᠨ ᠢ ᠤᠯᠠᠮ ᠨᠢᠭᠡ ᠠᠯᠬᠤᠮ ᠥᠷᠭᠡᠳᠬᠡᠵᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠭᠤᠷᠠᠢ ᠲᠠᠯ᠎ᠠ ᠶᠢᠨ | ᠲᠤᠭ᠎ᠠ ᠪᠦᠷᠢᠳᠬᠡᠯ ᠢ ᠬᠢᠨᠠᠨ ᠰᠢᠨᠵᠢᠬᠦ ᠪᠠᠨ ᠪᠦᠬᠦ ᠲᠠᠯ᠎ᠠ ᠪᠠᠷ ᠴᠢᠩᠭᠠᠳᠬᠠᠵᠤ᠂ ᠭᠤᠣᠯᠳᠠᠭᠤ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠨ ᠬᠠᠮᠢᠶᠠᠷᠴᠤ ᠪᠠᠶᠢᠭ᠎ᠠ ᠣᠷᠣᠨ | ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠪᠠ ᠢᠨᠲ᠋ᠧᠷ ᠰᠦᠯᠵᠢᠶᠡᠨ ᠤ ᠮᠥᠩᠭᠦᠨ | ᠭᠦᠢᠯᠭᠡᠭᠡᠨ ᠤ ᠪᠦᠷᠢᠳᠬᠡᠯ ᠢ ᠪᠠᠶᠢᠭᠤᠯᠤᠨ᠎ᠠ᠃ ᠡᠭᠦᠨ ᠤ ᠬᠠᠮᠲᠤ᠂ ᠲᠤᠭ᠎ᠠ ᠪᠦᠷᠢᠳᠬᠡᠯ ᠤᠨ ᠰᠠᠭᠤᠷᠢ | ᠪᠡᠯᠡᠳᠬᠡᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠦᠢᠯᠡᠰ ᠤᠨ | ᠶᠡᠷᠦᠩᠬᠡᠶᠢᠯᠡᠨ ᠪᠦᠷᠢᠳᠬᠡᠬᠦ ᠪᠠᠷᠢᠮᠵᠢᠶ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠰᠠᠭᠤᠷᠢ ᠲᠤᠭ᠎ᠠ ᠪᠦᠷᠢᠳᠬᠡᠯ ᠤᠨ | ᠪᠠᠷᠢᠮᠵᠢᠶ᠎ᠠ ᠬᠢᠭᠡᠳ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠵᠠᠯᠭᠠᠯᠳᠤᠭᠤᠯᠬᠤ ᠶᠢ | ᠪᠡᠶᠡᠯᠡᠭᠦᠯᠦᠨ᠎ᠡ︔ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠰᠠᠭᠤᠷᠢ | ᠳ᠋ᠠᠶᠢᠲ᠋ᠠ ᠶᠢ ᠴᠤᠭᠯᠠᠭᠤᠯᠤᠨ ᠨᠡᠶᠢᠯᠡᠭᠦᠯᠬᠦ ᠲᠠᠪᠴᠠᠩ ᠤᠨ ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ ᠳᠡᠭᠡᠷ᠎ᠡ᠂ | ᠮᠥᠩᠭᠦᠨ ᠭᠦᠢᠯᠭᠡᠭᠡᠨ ᠤ ᠲᠤᠭ᠎ᠠ ᠪᠦᠷᠢᠳᠬᠡᠯ ᠤᠨ ᠪᠠᠷᠢᠮᠵᠢᠶ᠎ᠠ ᠪᠠᠷ ᠬᠤᠰᠢᠭᠤᠴᠢ ᠪᠣᠯᠭᠠᠵᠤ᠂ ᠮᠡᠳᠡᠭᠡ ᠵᠠᠩᠭᠢ ᠶᠢᠨ | ᠠᠮᠤᠷ ᠲᠦᠪᠰᠢᠨ ᠢᠶᠠᠷ ᠰᠠᠭᠤᠷᠢ ᠪᠣᠯᠭᠠᠨ᠂ ᠣᠳᠣ ᠦᠶ᠎ᠡ ᠶᠢᠨ ᠮᠡᠳᠡᠭᠡ ᠵᠠᠩᠭᠢ ᠪᠠ ᠲᠣᠮᠣ ᠳ᠋ᠠᠶᠢᠲ᠋ᠠ ᠶᠢᠨ | ᠮᠡᠷᠭᠡᠵᠢᠯ ᠢ ᠶᠡᠷᠦᠩᠬᠡᠶᠢᠯᠡᠨ ᠬᠡᠷᠡᠭᠯᠡᠵᠦ᠂ ᠳᠠᠪᠰᠢᠩᠭᠤᠢ ᠮᠥᠷᠲᠡᠭᠡᠨ ᠪᠦᠷᠢᠨ ᠲᠥᠬᠦᠷ ᠪᠣᠯᠬᠤ ᠤᠯᠤᠰ ᠤᠨ ᠮᠥᠩᠭᠦᠨ | ᠭᠦᠢᠯᠭᠡᠭᠡᠨ ᠤ ᠰᠠᠭᠤᠷᠢ ᠳ᠋ᠠᠶᠢᠲ᠋ᠠ ᠬᠥᠮᠥᠷᠭᠡ ᠶᠢ ᠪᠠᠶᠢᠭᠤᠯᠤᠨ᠎ᠠ᠃ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠪᠠ ᠳ᠋ᠠᠶᠢᠲ᠋ᠠ ᠶᠢ ᠮᠡᠳᠡᠭᠦᠯᠦᠨ ᠬᠦᠷᠭᠡᠬᠦ ᠪᠠᠶᠢᠭᠤᠯᠤᠮᠵᠢ ᠶᠢᠨ ᠬᠠᠮᠲᠤ ᠶᠢᠨ ᠴᠢᠷᠮᠠᠶᠢᠯᠭ᠎ᠠ ᠪᠠᠷ | ᠳᠠᠮᠵᠢᠨ᠂ ᠠᠵᠢᠯᠯᠠᠭᠠᠨ ᠤ ᠲᠣᠭᠲᠠᠴᠠ ᠨᠢ ᠰᠢᠭᠤᠳ ᠰᠢᠯᠤᠭᠤᠨ᠂ ᠳᠦᠷᠢᠮ ᠤᠨ ᠰᠢᠰᠲ᠋ᠧᠮᠵᠢ ᠨᠢ ᠪᠦᠷᠢᠨ ᠪᠦᠲᠦᠨ᠂ | ᠰᠠᠭᠤᠷᠢ ᠪᠡᠯᠡᠳᠬᠡᠮᠵᠢ ᠨᠢ ᠲᠡᠭᠦᠰ ᠲᠡᠭᠦᠯᠳᠡᠷ᠂ ᠮᠡᠷᠭᠡᠵᠢᠯ ᠤᠨ ᠠᠷᠭ᠎ᠠ ᠪᠠᠷᠢᠯ ᠨᠢ ᠳᠠᠪᠰᠢᠩᠭᠤᠢ᠂ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢᠨ ᠦᠷ᠎ᠡ ᠪᠦᠲᠦᠮᠵᠢ ᠨᠢ ᠢᠯᠡᠷᠬᠡᠢ ᠮᠥᠩᠭᠦᠨ ᠭᠦᠢᠯᠭᠡᠭᠡᠨ ᠤ ᠦᠢᠯᠡᠰ ᠤᠨ | ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠰᠢᠰᠲ᠋ᠧᠮᠵᠢ ᠶᠢ ᠦᠨᠳᠦᠰᠦᠨ ᠳᠤ ᠪᠠᠨ ᠪᠠᠶᠢᠭᠤᠯᠤᠭᠰᠠᠨ ᠪᠠᠶᠢᠨ᠎ᠠ᠃ | | | | |